ᠪᠡᠭᠡᠵᠢᠩ ᠦᠪᠦᠷ ᠮᠤᠩᠭᠤᠯ ᠤᠨ ᠬᠠᠮᠵᠢᠯᠴᠠᠭ᠎ᠠ ᠪᠠᠷ ᠬᠢᠨᠭ᠍ᠭᠠᠨ ᠠᠶᠢᠮᠠᠭ ᠤᠨ 8479 ᠭᠥᠮᠥᠨ ᠠᠵᠢᠯ ᠤᠯᠵᠥ ᠤᠷᠤᠯᠭ᠎ᠠ ᠪᠠᠨ ᠨᠡᠮᠡᠭᠳᠡᠭᠦᠯᠪᠡ
ᠨᠡᠶᠢᠲᠡᠯᠡᠭᠰᠡᠨ ᠴᠠᠭ᠄
2025/1/3
     ᠤᠢᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠬᠦ᠋ᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠪᠠᠷ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠶᠢ ᠠᠬᠢᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠴᠢᠬᠤᠯᠠ ᠭᠠᠷᠳᠠᠴᠠ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠬᠦ᠂ ᠲᠣᠭᠲᠠᠭᠤᠨ ᠢᠶᠠᠷ ᠠᠵᠢᠯ ᠣᠯᠭᠤᠬᠤ ᠶᠢ ᠠᠬᠢᠭᠤᠯᠪᠠ᠃     2024 ᠣᠨ ᠳᠤ᠂ ᠬᠢᠩᠭᠠᠨ ᠠᠶᠢᠮᠠᠭ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠲᠤᠰᠬᠠᠶ ᠲᠠᠯᠠᠪᠤᠷ ᠤᠨ ᠠᠵᠢᠯᠲᠠᠨ ᠡᠯᠰᠡᠬᠦ ᠠᠵᠢᠯᠯᠠᠭ᠎ᠠ ᠶᠢ 10 ᠤᠳᠠᠭ᠎ᠠ ᠥᠷᠨᠢᠭᠦᠯᠵᠦ᠂ 1.1 ᠲᠦᠮᠡᠨ ᠠᠵᠢᠯ ᠤᠨ ᠪᠠᠶᠢᠷᠢ ᠬᠠᠩᠭᠠᠪᠠ᠃ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠪᠣᠯᠪᠠᠰᠤᠷᠠᠯ ᠤᠨ ᠠᠩᠭᠢ ᠶᠢ 37 ᠬᠤᠭᠤᠴᠠᠭ᠎ᠠ ᠡᠷᠭᠢᠯᠡᠵᠦ᠂ 1423 ᠬᠥᠮᠦᠨ ᠢ ᠪᠣᠯᠪᠠᠰᠤᠷᠠᠭᠤᠯᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠠᠮ ᠬᠠᠷᠢᠯᠴᠠᠭᠠᠨ ᠤ ᠨᠥᠬᠦᠪᠥᠷᠢ ᠮᠥᠩᠭᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠮᠦᠡᠭᠭᠦ ᠶᠢ ᠨᠡᠶᠢᠲᠡ 222.37 ᠲᠦᠮᠡᠨ ᠲᠥᠭᠦᠷᠢᠭ ᠲᠠᠷᠬᠠᠭᠠᠵᠤ᠂ 2441 ᠬᠥᠮᠦᠨ ᠳᠤ ᠠᠰᠢᠭ ᠬᠦᠷᠲᠡᠭᠡᠪᠡ᠃ ᠣᠲᠣ ᠪᠣᠯᠲᠠᠯ᠎ᠠ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ᠪᠦᠬᠦ ᠠᠶᠢᠮᠠᠬ ᠤᠨ 8479 ᠬᠥᠮᠦᠨ ᠳᠤ ᠠᠵᠢᠯ ᠣᠯᠭᠤᠭᠰᠠᠨ ᠪᠠᠶᠢᠨ᠎ᠠ᠃     ᠪᠡᠭᠡᠵᠢᠩ ᠤᠨ ᠬᠠᠨ ᠵᠢᠶᠠᠨ ᠾᠧ ᠱᠠᠨ ᠬᠠᠮᠢᠶᠠᠷᠤᠯᠲᠠ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ ᠲᠦᠴᠢᠦᠸᠠᠨ ᠰᠢᠶᠠᠨ ᠤ 2019 ᠣᠨ ᠳᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ᠣᠷᠣᠭᠤᠯᠤᠨ ᠠᠪᠴᠢᠷᠠᠭᠰᠠᠨ ᠭᠤᠣᠯᠳᠠᠯᠭ᠎ᠠ ᠲᠠᠢ ᠠᠵᠤ ᠠᠬᠤᠶᠢᠯᠠᠯ ᠪᠣᠯᠤᠨ᠎ᠠ᠃ ᠳᠤᠰ ᠠᠵᠤ ᠠᠬᠤᠶᠢᠯᠠᠯ ᠲᠦᠴᠢᠦᠸᠠᠨ ᠰᠢᠶᠠᠨ ᠳᠤ ᠰᠠᠭᠤᠷᠢᠰᠢᠭᠰᠠᠨ ᠤ ᠳᠠᠷᠠᠭ᠎ᠠ᠂ ᠠᠵᠤ ᠠᠬᠤᠶᠢᠯᠠᠯ ᠤᠨ ᠬᠥᠭᠵᠢᠯᠲᠡ ᠪᠣᠯᠤᠨ ᠤᠯᠠᠨ ᠲᠥᠮᠠᠨ ᠤ ᠠᠵᠢᠯ ᠣᠯᠭᠤᠯᠲᠠ ᠶᠢ ᠵᠡᠷᠭᠡᠪᠡᠷ ᠠᠬᠢᠭᠤᠯᠵᠠᠢ᠃     ︽ᠲᠦᠴᠢᠦᠸᠠᠨ ᠰᠢᠶᠠᠨ ᠪᠢᠳᠡᠨ ᠳᠤ ᠰᠢᠯᠢᠳᠡᠭ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠬᠠᠩᠭᠠᠵᠤ᠂ ᠤᠳᠤ ᠪᠣᠯᠲᠠᠯ᠎ᠠ ᠨᠡᠶᠢᠳᠡ 1200 ᠬᠦᠮᠦᠨ ᠳᠤ ᠠᠵᠢᠯ ᠣᠯᠭᠤᠨ᠂ ᠠᠵᠤ ᠠᠬᠤᠶᠢᠯᠠᠯ ᠪᠣᠯᠤᠨ ᠣᠷᠣᠨ ᠨᠤᠲᠤᠭ ᠤᠨ ᠠᠵᠤ ᠠᠬᠤᠢ ᠶᠢᠨ ᠬᠤᠣᠰ ᠬᠦᠭᠵᠢᠯᠳᠠ ᠶᠢ ᠪᠡᠶᠡᠯᠡᠭᠦᠯᠵᠡᠢ︾ ᠭᠡᠵᠦ ᠪᠡᠭᠡᠵᠢᠩ ᠤᠨ ᠬᠠᠨ ᠵᠢᠶᠠᠨ ᠾᠧ ᠱᠠᠨ ᠬᠠᠮᠢᠶᠠᠷᠤᠯᠲᠠ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠠᠩ ᠯᠢ ᠹᠧᠩ ᠬᠡᠯᠡᠪᠡ᠃                                          ︵ᠯᠢ ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号