| ᠤᠯᠠᠭᠠᠨᠬᠤᠳᠠ ᠶᠢᠨ ᠢᠯᠠᠯᠳᠠ ᠪᠠᠯᠭᠠᠰᠤᠨ ᠤ ᠲᠤᠳᠤᠷᠭ᠎ᠠ ︽︿ᠦᠪᠤᠷ ᠮᠤᠩᠭᠤᠯ ᠤᠨ ᠦᠨᠤᠷ ᠠᠮᠳᠠ﹀ | ᠶᠠᠮᠤᠨ ᠵᠦᠪᠯᠡᠯ ᠳᠤ ᠤᠷᠤᠬᠤ᠂ ᠲᠦᠪ ᠤᠨ ᠠᠵᠤ ᠠᠬᠤᠶᠢᠯᠠᠯ ᠳᠤ ᠤᠷᠤᠬᠤ︾ ︽ᠬᠢᠩᠭᠠᠨ ᠤ ᠰᠢᠯᠢᠳᠡᠭ ᠪᠠᠷᠠᠭ᠎ᠠ | ᠪᠡᠭᠡᠵᠢᠩ ᠳᠤ ᠤᠷᠤᠬᠤ︾ ᠵᠡᠷᠭᠡ ᠠᠵᠢᠯᠯᠠᠭ᠎ᠠ ᠪᠠᠷ ᠪᠡᠭᠡᠵᠢᠩ ᠬᠤᠳᠠ ᠶᠢᠨ ᠨᠡᠶᠢᠭᠡᠮ ᠲᠤᠭᠤᠷᠢᠭ᠂ ᠵᠠᠬ᠎ᠠ ᠲᠡᠯᠭᠡᠬᠦᠷ᠂ | ᠬᠤᠭᠤᠯᠠᠨ ᠲᠠᠩᠬᠢᠮ ᠳᠤ ᠬᠦᠷᠭᠡᠭᠳᠡᠵᠤ᠂ ᠰᠢᠯᠢᠳᠡᠭ ᠶᠠᠰᠤ ᠴᠢᠨᠠᠷ ᠪᠠ ᠴᠡᠪᠡᠷ ᠰᠠᠶᠢᠬᠠᠨ ᠦᠨᠤᠷ ᠠᠮᠳᠠ ᠪᠠᠷ ᠢᠶᠠᠨ | ᠪᠡᠭᠡᠵᠢᠩ ᠬᠤᠳᠠ ᠶᠢᠨ ᠠᠷᠠᠳ ᠤᠨ ᠬᠠᠯᠠᠭᠤᠨ ᠬᠦᠷᠢᠶᠡᠯᠡᠯ ᠢ ᠤᠯᠵᠤ᠂ ᠬᠤᠭᠤᠯᠠᠨ ᠰᠢᠷᠡᠭᠡᠨ ᠳᠠᠬᠢ ᠴᠢᠬᠤᠯᠠ | ᠢᠳᠡᠭᠡᠨ ᠪᠤᠯᠤᠭᠰᠠᠨ ᠪᠠᠶᠢᠨ᠎ᠠ᠃ | ᠶᠡᠭᠡ ᠬᠢᠩᠭᠠᠨ ᠲᠠᠪᠠᠭᠠᠨ ᠤ ᠡᠮᠤᠨ᠎ᠠ ᠬᠤᠷᠮᠤᠢ ᠶᠢᠨ ᠠᠮᠢ ᠠᠬᠤᠢ ᠶᠢᠨ ᠲᠤᠭᠤᠷᠢᠭ ᠲᠤ ᠪᠠᠶᠢᠷᠢᠰᠢᠵᠤ ᠪᠠᠶᠢᠭ᠎ᠠ | ᠢᠯᠠᠯᠳᠠ ᠪᠠᠯᠭᠠᠰᠤ ᠨᠢ ᠤᠮᠠᠷᠠᠳᠤ ᠦᠷᠭᠡᠷᠢᠭ ᠤᠨ 46 ᠭᠷᠠᠳᠥ᠋ᠰ ᠤᠨ ᠬᠦᠢᠳᠡᠨ ᠭᠠᠵᠠᠷ ᠤᠨ ᠤᠰᠤᠨ ᠲᠤᠳᠤᠷᠭ᠎ᠠ | ᠲᠠᠷᠢᠵᠤ ᠤᠷᠭᠤᠭᠤᠯᠬᠤ ᠪᠦᠰᠡᠨ ᠳᠤ ᠤᠷᠤᠰᠢᠵᠤ᠂ ᠡ᠊ᠨᠳᠠᠬᠢ ᠭᠠᠵᠠᠷ ᠰᠢᠷᠤᠢ ᠦᠩ ᠰᠢᠮᠡᠯᠢᠭ᠂ ᠡᠳᠤᠷ ᠰᠦᠨᠢ ᠶᠢᠨ | ᠲᠤᠯᠠᠭᠠᠨ ᠤ ᠵᠦᠷᠢᠶ᠎ᠠ ᠶᠡᠭᠡ᠂ ᠤᠰᠤᠨ ᠤ ᠴᠢᠨᠠᠷ ᠨᠢ ᠰᠠᠶᠢᠨ ᠪᠠᠶᠢᠵᠤ᠂ ᠮᠠᠨ ᠤ ᠤᠯᠤᠰ ᠤᠨ ᠪᠤᠬᠢᠷᠳᠤᠯ ᠦᠭᠡᠢ | ᠬᠠᠮᠤᠭ ᠰᠢᠯᠢᠳᠡᠭ ᠶᠠᠰᠤ ᠴᠢᠨᠠᠷ ᠲᠠᠢ ᠤᠰᠤᠨ ᠲᠤᠳᠤᠷᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠨᠢᠭᠡ | ᠪᠤᠯᠵᠠᠢ᠃ | ᠢᠯᠠᠯᠳᠠ ᠪᠠᠯᠭᠠᠰᠤ ᠶᠢᠨ ᠤᠰᠤᠨ ᠲᠤᠳᠤᠷᠭ᠎ᠠ ᠶᠢᠨ ᠲᠦᠷᠤᠯ ᠵᠦᠢᠯ ᠨᠢ ᠡᠪᠡᠳᠴᠢᠨ ᠬᠤᠷᠤᠬᠠᠢ ᠶᠢ ᠡᠰᠡᠷᠬᠦᠴᠡᠬᠦ | ᠴᠢᠳᠠᠪᠤᠷᠢ ᠪᠠᠷ ᠴᠢᠩᠭ᠎ᠠ ᠮᠦᠷᠳᠡᠬᠡᠨ ᠤᠷᠭᠤᠯᠳᠠ ᠶᠢᠨ ᠦᠶᠡᠯᠡᠯ ᠤᠨ ᠬᠤᠭᠤᠴᠠᠭ᠎ᠠ ᠲᠤᠬᠢᠷᠠᠮᠵᠢᠳᠠᠢ᠂ | ᠲᠤᠳᠤᠷᠭ᠎ᠠ ᠶᠢᠨ ᠤᠭᠤᠷᠠᠭ᠂ ᠸᠢᠲ᠋ᠠᠮᠢᠨ ᠪᠠ ᠡᠷᠤᠳᠡᠰᠤᠨ ᠪᠤᠳᠠᠰ ᠤᠨ ᠠᠭᠤᠯᠤᠭᠳᠠᠴᠠ ᠨᠢ ᠪᠦᠷ ᠦᠨᠳᠦᠷ ᠪᠠᠶᠢᠵᠤ | ᠤᠷᠭᠠᠨᠢᠭ ᠤᠰᠤᠨ ᠲᠤᠳᠤᠷᠭ᠎ᠠ ᠶᠢ ᠲᠠᠷᠢᠵᠤ ᠤᠷᠭᠤᠭᠤᠯᠬᠤ ᠠᠴᠠ ᠦᠢᠯᠡᠳᠪᠤᠷᠢᠯᠡᠵᠤ ᠪᠤᠯᠪᠠᠰᠤᠷᠠᠭᠤᠯᠬᠤ ᠬᠦᠷᠳᠡᠯ᠎ᠠ | ᠶᠠᠮᠠᠷᠪᠠ ᠬᠢᠮᠢ ᠶᠢᠨ ᠪᠤᠷᠳᠤᠭᠤᠷ᠂ ᠲᠠᠷᠢᠶᠠᠯᠠᠩ ᠤᠨ ᠡᠮ ᠭᠡᠷᠡᠭᠯᠡᠬᠦ ᠦᠭᠡᠢ᠂ ᠤᠰᠤᠨ ᠲᠤᠳᠤᠷᠭ᠎ᠠ ᠶᠢᠨ ᠪᠤᠬᠢᠷᠳᠤᠯ | ᠦᠭᠡᠢ ᠪᠠᠶᠢᠭᠠᠯᠢᠯᠢᠭ ᠪᠠᠶᠢᠬᠤ ᠶᠢ ᠦᠨᠡᠨᠬᠦ ᠪᠠᠳᠤᠯᠠᠵᠤ ᠴᠢᠳᠠᠵᠠᠢ᠃ ᠡᠬᠦᠨ ᠤ ᠬᠠᠮᠳᠤ ᠲᠠᠷᠢᠮᠠᠯ ᠤᠨ ᠡᠷᠤᠬᠡ ᠠᠴᠠ | ᠠᠮᠢ ᠠᠬᠤᠢ ᠶᠢᠨ ᠤᠭ ᠶᠤᠰᠤ ᠶᠢ ᠦᠨᠳᠤᠰᠤᠯᠡᠨ ᠲᠤᠳᠤᠷᠭᠠᠨ ᠲᠠᠷᠢᠶᠠᠨ ᠳᠠᠭᠠᠨ ᠨᠢᠮᠠᠯᠵᠢ᠂ ᠵᠢᠭᠠᠰᠤ ᠲᠡᠵᠢᠭᠡᠵᠤ᠂ | ᠤᠰᠤᠨ ᠲᠤᠳᠤᠷᠭᠠᠨ ᠳᠤ ᠤᠷᠭᠠᠨᠢᠭ ᠪᠤᠷᠳᠤᠭᠤᠷ᠂ ᠠᠽᠤᠲ᠂ ᠹᠤᠰᠹᠤᠷ ᠵᠡᠷᠭᠡ ᠰᠢᠮ᠎ᠠ ᠲᠡᠵᠢᠭᠡᠯᠳᠤ ᠡᠯᠧᠮᠧᠨ᠋ᠲ ᠢ | ᠬᠠᠩᠭᠠᠭᠰᠠᠨ ᠢᠶᠠᠷ ᠪᠠᠷᠠᠬᠤ ᠦᠭᠡᠢ ᠬᠦᠨᠤᠭᠡᠯᠳᠤ ᠬᠤᠷᠤᠬᠠᠢ᠂ ᠪᠤᠵᠠᠷ ᠡᠪᠡᠰᠤ ᠶᠢ ᠠᠷᠢᠯᠭᠠᠵᠤ᠂ ᠤᠰᠤᠨ | ᠲᠤᠳᠤᠷᠭ᠎ᠠ ᠶᠢᠨ ᠰᠦᠢᠳᠤᠯ ᠢ ᠪᠠᠭᠠᠰᠬᠠᠨ ᠶᠠᠰᠤ ᠴᠢᠨᠠᠷ ᠢ ᠲᠡᠭᠡᠭᠰᠢᠯᠡᠬᠦᠯᠵᠦ ᠴᠢᠳᠠᠪᠠ᠃ | ︽ᠪᠢᠳᠠ ᠲᠠᠷᠠᠬᠠᠢ ᠪᠤᠳᠠᠷᠬᠠᠢ ᠲᠠᠷᠢᠶᠠᠨ ᠭᠠᠵᠠᠷ ᠢ ᠲᠦᠪᠯᠡᠷᠡᠬᠦᠯᠵᠤ᠂ ᠤᠷᠭᠠᠨᠢᠭ ᠲᠤᠳᠤᠷᠭ᠎ᠠ ᠶᠢᠨ ᠤᠯᠤᠰ ᠤᠨ | ᠪᠠᠷᠢᠮᠵᠢᠶ᠎ᠠ ᠪᠠᠷ ︿ᠺᠤᠮᠫᠠᠨᠢ + ᠲᠤᠰᠬᠠᠢ ᠬᠤᠷᠰᠢᠶ᠎ᠠ + ᠲᠠᠷᠢᠶᠠᠴᠢᠨ ᠡᠷᠤᠬᠡ + ᠰᠠᠭᠤᠷᠢᠨ ᠭᠠᠵᠠᠷ﹀ ᠤᠨ | ᠬᠦᠭᠵᠢᠯᠳᠠ ᠶᠢᠨ ᠵᠠᠭᠪᠤᠷ ᠢ ᠵᠢᠷᠤᠮᠯᠠᠵᠦ᠂ 4000 ᠮᠤ᠋ ᠪᠤᠬᠢᠷᠳᠤᠯ ᠦᠭᠡᠢ ᠤᠰᠤᠨ ᠲᠤᠳᠤᠷᠭ᠎ᠠ ᠶᠢᠨ ᠰᠠᠭᠤᠷᠢᠨ | ᠭᠠᠵᠠᠷ ᠢ ᠪᠠᠶᠢᠭᠤᠯᠬᠤ ᠶᠢᠨ ᠬᠠᠮᠳᠤ ᠲᠤᠬᠠᠢ ᠶᠢᠨ ᠭᠠᠵᠠᠷ ᠤᠨ ᠲᠠᠷᠢᠶᠠᠴᠢᠨ ᠡᠷᠤᠬᠡ ᠲᠠᠢ ᠬᠠᠮᠳᠤ ᠬᠤᠷᠢᠶᠠᠵᠦ ᠠᠪᠬᠤ | ᠭᠡᠷ᠎ᠠ ᠲᠤᠭᠳᠠᠵᠤ᠂ ᠲᠦᠷᠤᠯ ᠵᠦᠢᠯ ᠰᠤᠩᠭᠤᠬᠤ᠂ ᠲᠠᠷᠢᠵᠤ ᠤᠷᠭᠤᠭᠤᠯᠬᠤ᠂ ᠬᠠᠳᠠᠭᠠᠯᠠᠬᠤ᠂ ᠪᠤᠯᠪᠠᠰᠤᠷᠠᠭᠤᠯᠬᠤ᠂ | ᠪᠤᠷᠤᠯᠠᠭᠤᠯᠬᠤ ᠪᠦᠬᠦ ᠬᠡᠯᠬᠢᠶ᠎ᠠ ᠶᠢ ᠠᠮᠵᠢᠯᠳᠠᠳᠠᠢ ᠪᠤᠢ ᠪᠤᠯᠭᠠᠵᠠᠢ︾ ᠭᠡᠵᠤ ᠤᠯᠠᠭᠠᠨᠬᠤᠳᠠ ᠶᠢᠨ ᠶᠢᠨ ᠢᠤᠢ ᠾᠧ | ᠲᠤᠳᠤᠷᠭᠠᠨ ᠦᠢᠯᠡᠰ ᠤᠨ ᠬᠢᠵᠠᠭᠠᠷᠳᠤ ᠺᠤᠮᠫᠠᠨᠢ ᠶᠢᠨ ᠬᠠᠷᠢᠭᠤᠴᠠᠯᠭᠠᠳᠠᠨ ᠶᠠᠩ ᠮᠢᠩ ᠡᠣ ᠶᠠᠷᠢᠨ᠎ᠠ᠃ | 2024 ᠤᠨ ᠳᠤ᠂ ᠢᠯᠡᠯᠳᠠ ᠪᠠᠯᠭᠠᠰᠤᠨ ᠳᠤ ᠨᠡᠶᠢᠳᠠ 35000 ᠮᠤ᠋ ᠤᠰᠤᠨ ᠲᠤᠳᠤᠷᠭ᠎ᠠ ᠲᠠᠷᠢᠪᠠ᠃ | ᠡᠬᠦᠨ ᠳᠤ᠂ ᠤᠯᠤᠰ ᠤᠨ ᠤᠷᠭᠠᠨᠢᠭ ᠪᠦᠳᠤᠭᠡᠭᠳᠡᠬᠦᠨ ᠢᠶᠠᠷ ᠬᠡᠷᠡᠴᠢᠯᠡᠭᠳᠡᠭᠰᠡᠨ ᠲᠠᠷᠢᠶ᠎ᠠ ᠨᠢ 5000 ᠮᠤ᠋ ᠳᠤ ᠬᠦᠷᠴᠦ | ᠂ ᠮᠤ᠋ ᠨᠢᠬᠡᠴᠢ ᠶᠢᠨ ᠤᠨᠠᠯᠳᠠ ᠨᠢ 1000 ᠺᠢᠯᠥᠭᠷᠠᠮ ᠳᠤ ᠬᠦᠷᠥᠭᠰᠠᠨ ᠪᠠᠶᠢᠨ᠎ᠠ᠃ | ︵ᠴᠤᠯᠮᠤᠨ︶ |