| ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠴᠠᠭᠳᠠᠭᠠᠨ ᠤ ᠲᠦᠷᠦᠯ ᠬᠤᠯᠪᠣᠭᠠᠯᠠᠨ | ᠬᠥᠳᠡᠯᠦᠯᠴᠡᠬᠦ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ᠂ ᠵᠠᠮ ᠬᠠᠷᠢᠯᠴᠠᠭ᠎ᠠ ᠶᠢ ᠰᠢᠯᠤᠭᠤᠳᠬᠠᠬᠤ᠂ | ᠦᠢᠯᠡᠴᠢᠯᠡᠭᠡ ᠶᠢ ᠰᠢᠯᠢᠳᠡᠭᠵᠢᠭᠦᠯᠬᠦ᠂ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠥᠷᠭᠡᠳᠭᠡᠬᠦ ᠵᠡᠷᠭᠡ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠭᠡᠷᠡᠭᠵᠢᠬᠦᠯᠤᠨ᠂ ᠪᠦᠬᠦ ᠬᠤᠳᠠ ᠶᠢᠨ ᠡᠪᠤᠯ ᠤᠨ ᠤᠯᠠᠷᠢᠯ ᠤᠨ ᠵᠢᠭᠤᠯᠴᠢᠯᠠᠯ ᠤᠨ | ᠦᠢᠯᠡᠰ ᠤᠨ ᠬᠦᠭᠵᠢᠯᠳᠠ ᠳᠤ ᠠᠮᠤᠷ ᠲᠦᠪᠰᠢᠨ ᠤ ᠪᠠᠳᠤᠯᠠᠭ᠎ᠠ ᠬᠠᠨᠭ᠍ᠭᠠᠵᠤ ᠪᠠᠶᠢᠨ᠎ᠠ᠃ | ᠤᠶᠢᠷ᠎ᠠ ᠳᠤ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠳᠤᠪᠴᠢᠶ᠎ᠠ ᠶᠢᠨ ᠡᠯ᠎ᠠ ᠳᠤᠳᠤᠭᠠᠳᠦ ᠶᠢ | ᠬᠠᠮᠠᠭᠠᠯᠠᠬᠤ ᠰᠠᠯᠪᠤᠷᠢ ᠪᠤᠯᠤᠨ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠬᠠᠮᠳᠤᠷᠠᠨ ᠬᠠᠷᠢᠶᠠᠳᠦ ᠣᠷᠣᠨ ᠤ | ᠵᠢᠭᠤᠯᠴᠢᠯᠠᠯ ᠤᠨ ᠤᠷᠤᠨ ᠤ ᠠᠮᠤᠷ ᠢ ᠬᠠᠮᠠᠭᠠᠯᠠᠬᠴᠢ ᠶᠢ ᠵᠤᠬᠢᠶᠠᠨ ᠪᠠᠶᠢᠭᠤᠯᠤᠨ᠂ ᠠᠮᠤᠷ ᠢ ᠬᠠᠮᠠᠭᠠᠯᠠᠬᠤ ᠬᠠᠮᠲᠤᠷᠠᠨ | ᠰᠡᠷᠭᠡᠶᠢᠯᠡᠬᠦ ᠠᠩᠭᠢ ᠪᠠᠶᠢᠭᠤᠯᠵᠤ᠂ ᠵᠢᠭᠤᠯᠴᠢᠯᠠᠯ ᠤᠨ ᠣᠷᠣᠨ ᠢᠶᠠᠷ 24 ᠴᠠᠭ ᠢᠶᠠᠷ ᠲᠣᠭᠤᠷᠢᠨ ᠴᠠᠭᠳᠠᠵᠤ | ᠰᠡᠷᠭᠡᠶᠢᠯᠡᠨ ᠡᠵᠡᠮᠳᠡᠭᠰᠡᠨ ᠪᠠᠶᠢᠨ᠎ᠠ᠃ ᠲᠤᠬᠠᠶᠢᠯᠠᠪᠠᠯ ᠡᠨᠡ ᠨᠢ ᠬᠥᠮᠦᠨ ᠢᠶᠠᠷ ᠰᠡᠷᠭᠡᠶᠢᠯᠡᠬᠦ᠂ ᠮᠡᠷᠭᠡᠵᠢᠯ ᠢᠶᠠᠷ | ᠰᠡᠷᠭᠡᠶᠢᠯᠡᠬᠦ ᠶᠢ ᠤᠶᠠᠯᠳᠤᠭᠤᠯᠵᠤ᠂ ᠴᠠᠭᠳᠠᠭ᠎ᠠ ᠦᠵᠡᠭᠳᠡᠬᠦ ᠨᠣᠷᠮ᠎ᠠ᠂ ᠬᠡᠷᠡᠭ ᠤᠴᠢᠷ ᠢ ᠬᠠᠮᠢᠶᠠᠷᠬᠤ ᠨᠣᠷᠮ᠎ᠠ᠂ | ᠬᠡᠷᠡᠭ ᠢ ᠢᠯᠡᠷᠡᠭᠦᠯᠬᠦ ᠨᠣᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠬᠠᠷᠢᠶᠠᠳᠦ ᠤᠷᠤᠨ ᠤ ᠠᠮᠤᠷ ᠲᠦᠪᠰᠢᠨ | ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠵᠢᠭᠤᠯᠴᠢᠯᠠᠭᠴᠢᠳ ᠢ ᠰᠠᠨᠠᠭ᠎ᠠ ᠠᠮᠤᠷ ᠵᠢᠭᠤᠯᠴᠢᠯᠠᠭᠤᠯᠵᠤ᠂ ᠠᠮᠤᠷ | ᠲᠦᠪᠰᠢᠨ ᠪᠠᠶᠢᠬᠤ ᠶᠢ ᠪᠠᠳᠤᠯᠠᠵᠠᠢ᠃ | ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ᠴᠠᠭᠳᠠᠭᠠᠨ ᠤ ᠬᠦᠴᠦᠨ ᠢᠶᠠᠨ ᠵᠣᠬᠢᠶᠠᠨ ᠪᠠᠶᠢᠭᠤᠯᠤᠨ᠂ | ᠴᠠᠰᠤᠨ ᠳᠤ ᠭᠤᠯᠭᠤᠬᠤ ᠭᠠᠵᠠᠷ᠂ ᠰᠠᠨ ᠾᠧ ᠲᠣᠰᠬᠤᠨ ᠵᠡᠷᠭᠡ ᠬᠤᠳᠠ ᠶᠢᠨ ᠵᠢᠭᠤᠯᠴᠢᠯᠠᠯ ᠤᠨ ᠭᠠᠵᠠᠷ ᠢᠶᠠᠷ | ᠬᠦᠨᠵᠡᠭᠡᠶᠢᠷᠡᠵᠦ ︽ᠪᠣᠯᠪᠠᠰᠤᠨ ᠵᠠᠮ ᠬᠠᠷᠢᠯᠴᠠᠭ᠎ᠠ ᠶᠢ ᠵᠢᠷᠤᠮᠯᠠᠨ ᠬᠠᠮᠲᠤ ᠪᠠᠷ ᠤᠷᠤᠭᠰᠢᠯᠠᠬᠤ︾ ᠪᠠᠷ ᠰᠡᠳᠦᠪᠯᠡᠭᠰᠡᠨ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠵᠢᠭᠤᠯᠴᠢᠯᠠᠭᠴᠢᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ | ᠮᠡᠳᠡᠯᠭᠡ ᠶᠢ ᠤᠬᠠᠭᠤᠯᠤᠨ ᠲᠠᠶᠢᠯᠪᠤᠷᠢᠯᠠᠪᠠ᠃ ᠤᠨᠴᠠᠭᠠᠶᠢᠯᠠᠨ᠂ ᠵᠢᠭᠤᠯᠴᠢᠯᠠᠯ ᠤᠨ ᠦᠢᠯᠡᠰ ᠲᠤ ᠬᠤᠯᠪᠤᠬᠳᠠᠬᠰᠠᠨ | ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ | ᠪᠦᠷᠢᠨᠰᠢᠬᠦᠯᠦᠨ᠂ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠵᠤ᠂ ᠵᠢᠯᠣᠭᠤᠴᠢ ᠶᠢᠨ ᠠᠮᠤᠷ ᠲᠦᠪᠰᠢᠨ ᠤ | ᠬᠥᠮᠦᠵᠢᠯ ᠪᠣᠯᠪᠠᠰᠤᠷᠠᠯ ᠢ ᠪᠠᠶᠢᠩᠭᠤᠵᠢᠭᠤᠯᠤᠨ ᠥᠷᠨᠢᠭᠦᠯᠪᠡ᠃ | ᠤᠯᠠᠭᠠᠨᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠠᠯᠢ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠵᠢᠭᠦᠯᠬᠦ ᠪᠠᠷ ᠳᠠᠮᠵᠢᠭᠤᠯᠤᠨ᠂ ︽ᠵᠢᠭᠤᠯᠴᠢᠯᠠᠯ ᠤᠨ ᠴᠠᠭᠳᠠᠭᠠᠨ ᠤ ᠶᠠᠪᠤᠳᠠᠯ︾ ᠤᠨ ᠠᠵᠢᠯᠯᠠᠭᠠᠨ ᠤ ᠦᠷ᠎ᠡ | ᠪᠦᠲᠦᠮᠵᠢ ᠶᠢ ᠢᠯᠡᠳᠲᠡ ᠳᠡᠭᠡᠭᠰᠢᠯᠡᠬᠦᠯᠵᠦ᠂ ᠴᠣᠬᠢᠯᠲᠠ ᠥᠭᠬᠦ᠂ ᠰᠡᠷᠭᠡᠶᠢᠯᠡᠬᠦ᠂ ᠬᠠᠮᠢᠶᠠᠷᠬᠤ ᠪᠠ ᠦᠢᠯᠡᠴᠢᠯᠡᠬᠦ | ᠵᠡᠷᠭᠡ ᠠᠵᠢᠯ ᠢ ᠰᠠᠶᠢᠳᠤᠷ ᠬᠢᠵᠦ᠂ ᠠᠮᠤᠷ ᠲᠦᠪᠰᠢᠨ ᠳᠠᠯᠠᠭᠠᠮᠵᠢᠳᠠᠢ ᠵᠢᠭᠤᠯᠴᠢᠯᠠᠯ ᠤᠨ ᠤᠷᠤᠨ ᠢ ᠡᠬᠦᠳᠴᠦ ᠪᠤᠢ᠃ | ︵ᠪᠠᠢ ᠫᠢᠡᠭ︶ |