| | ᠭᠤᠤᠯᠳᠠᠯᠭ᠎ᠠ ᠲᠠᠢ ᠴᠠᠭ ᠦᠶ᠎ᠡ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠮᠤᠷ | ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠤᠯᠠᠮ | ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠭᠤᠤᠯᠳᠠᠯᠭ᠎ᠠ ᠲᠠᠢ ᠠᠵᠤ ᠠᠬᠤᠶᠢᠯᠠᠯ ᠢᠶᠠᠷ ᠠᠶᠤᠯᠭᠦᠢ | ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ | ᠥᠷᠨᠢᠭᠦᠯᠪᠡ᠃ | ᠤᠯᠠᠭᠠᠨᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠠᠵᠢᠯᠲᠠᠳ | ᠤᠷᠢᠳ ᠬᠤᠵᠢᠳ ᠤᠯᠠᠭᠠᠨᠬᠤᠲᠠ ᠶᠢᠨ ᠱᠦᠨ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠦᠢᠯᠡᠳᠬᠦ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠣᠷᠣᠲᠣᠬᠤᠶ ᠤᠯᠠᠭᠠᠨᠬᠤᠲᠠ ᠶᠢᠨ ᠠᠷᠢᠬᠢᠨ ᠤ ᠦᠢᠯᠡᠰ ᠤᠨ | ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠪᠠᠶᠢᠴᠠᠭᠠᠬᠤ ᠪᠠ ᠵᠢᠯᠣᠭᠤᠳᠬᠤ ᠶᠢ ᠤᠶᠠᠯᠳᠤᠭᠤᠯᠬᠤ ᠠᠷᠭ᠎ᠠ | ᠮᠠᠶ᠋ᠢᠭ ᠢᠶᠠᠷ ᠳᠠᠮᠵᠢᠨ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠢ | ᠨᠠᠶᠢᠳᠠᠪᠤᠷᠢᠵᠢᠭᠤᠯᠤᠭᠰᠠᠨ ᠡᠰᠡᠬᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠡᠳᠡᠯ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠢ ᠳᠠᠩᠰᠠᠯᠠᠭᠤᠯᠤᠭᠰᠠᠨ ᠡᠰᠡᠬᠦ᠂ ᠪᠠᠴᠢᠮ ᠪᠠᠶᠢᠳᠠᠯ ᠢ ᠠᠷᠭᠠᠴᠠᠭᠠᠬᠤ | ᠰᠣᠷᠢᠯᠲᠠ ᠶᠢᠨ ᠣᠨ ᠤ ᠲᠥᠯᠥᠪᠯᠡᠭᠡ ᠶᠢ ᠲᠣᠭᠲᠠᠭᠠᠭᠰᠠᠨ ᠵᠢᠴᠢ ᠥᠷᠨᠢᠭᠦᠯᠦᠭᠰᠡᠨ ᠡᠰᠡᠬᠦ᠂ ᠣᠨᠴᠠ ᠲᠥᠷᠥᠯ ᠤᠨ | ᠠᠵᠢᠯᠯᠠᠭᠰᠠᠳ ᠢ ᠬᠢᠨᠠᠨ ᠰᠢᠯᠭᠠᠬᠤ ᠪᠠᠷ ᠳᠡᠮᠵᠢᠨ ᠬᠢᠷᠢ ᠲᠡᠩᠴᠡᠭᠰᠡᠨ ᠦᠨᠡᠮᠯᠡᠯ ᠢᠶᠠᠷ ᠠᠵᠢᠯ ᠤᠨ ᠪᠠᠶᠢᠷᠢ ᠳᠤ | ᠭᠠᠷᠤᠭᠰᠠᠨ ᠡᠰᠡᠬᠦ᠂ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠬᠤ ᠵᠠᠮ ᠤᠨ ᠰᠠᠭᠠᠳ ᠥᠬᠡᠶ | ᠨᠡᠪᠲᠡᠷᠡᠬᠦ ᠶᠢ ᠪᠠᠲᠤᠯᠠᠭᠰᠠᠨ ᠡᠰᠡᠬᠦ ᠵᠡᠷᠭᠡ ᠪᠠᠶᠢᠳᠠᠯ ᠳᠤ ᠪᠠᠶᠢᠴᠠᠭᠠᠯᠲᠠ ᠬᠢᠬᠦ ᠶᠢᠨ ᠬᠠᠮᠲᠤ᠂ ᠪᠠᠶᠢᠴᠠᠭᠠᠯᠲᠠ ᠶᠢᠨ | ᠳᠤᠮᠳᠠ ᠣᠯᠵᠤ ᠮᠡᠳᠡᠭᠰᠡᠨ ᠠᠰᠠᠭᠤᠳᠠᠯ ᠤᠨ ᠳᠠᠯᠳᠠ ᠬᠡᠮ ᠢ ᠲᠡᠷᠡ ᠳᠠᠷᠤᠶ ᠳᠤᠨᠢ ᠠᠵᠤ ᠠᠬᠤᠶᠢᠯᠠᠯ ᠤᠨ | ᠬᠠᠷᠢᠭᠤᠴᠠᠯᠭᠠᠲᠠᠨ ᠳᠤ ᠬᠠᠷᠢᠭᠤ ᠲᠤᠰᠬᠠᠬᠤ ᠶᠢᠨ ᠬᠠᠮᠲᠤ ᠠᠵᠤ ᠠᠬᠤᠶᠢᠯᠠᠯ ᠢ ᠱᠠᠯᠠᠪᠳᠠᠭᠤᠯᠤᠨ ᠣᠯᠵᠤ ᠮᠡᠳᠡᠭᠰᠡᠨ | ᠠᠰᠠᠭᠤᠳᠠᠯ ᠢ ᠲᠡᠷᠡ ᠳᠠᠷᠤᠶ ᠳᠤᠨᠢ ᠥᠭᠡᠷᠡᠴᠢᠯᠡᠨ ᠰᠠᠶᠢᠵᠢᠷᠠᠭᠤᠯᠪᠠ᠃ | ︽ᠠᠶᠤᠯᠭᠦᠢ ᠦᠢᠯᠡᠳᠪᠦᠷᠢᠯᠡᠯ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠠᠮᠢᠨ ᠰᠤᠳᠠᠰᠤ ᠮᠥᠨ᠂ ᠪᠠᠰᠠ | ᠴᠤ ᠪᠢᠳᠡᠨ ᠤ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠭᠤᠰᠢᠯᠠᠭᠤᠯᠬᠤ ᠴᠢᠬᠤᠯᠠ ᠣᠶᠢᠯᠠᠭᠠᠭᠳᠠᠬᠤᠨ ᠮᠥᠨ᠃ | ᠪᠢᠳᠡ ᠲᠣᠰ ᠤᠳᠠᠭᠠᠨ ᠤ ᠪᠠᠶᠢᠴᠠᠭᠠᠯᠲᠠ ᠪᠠᠷ ᠲᠣᠬᠢᠶᠠᠯ ᠪᠣᠯᠭᠠᠵᠤ᠂ ᠠᠮᠤᠷ ᠲᠦᠪᠰᠢᠨ ᠤ ᠳᠠᠯᠳᠠ ᠬᠡᠮ ᠢ | ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠪᠠᠶᠢᠩᠭᠤ ᠥᠷᠨᠢᠭᠦᠯᠵᠦ᠂ ᠳᠠᠯᠳᠠ ᠬᠡᠮ ᠢ ᠢᠯᠭᠠᠨ | ᠲᠠᠨᠢᠬᠤ ᠴᠢᠳᠠᠪᠤᠷᠢ ᠪᠠ ᠴᠡᠭᠴᠡᠯᠡᠨ ᠰᠠᠶᠢᠵᠢᠷᠠᠭᠤᠯᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ | ᠥᠷᠭᠡᠨ ᠣᠯᠠᠨ ᠠᠵᠢᠯᠲᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ | ᠪᠠᠲᠤᠯᠠᠨ᠎ᠠ︾ ᠭᠡᠵᠦ ᠤᠯᠠᠭᠠᠨᠬᠤᠲᠠ ᠶᠢᠨ ᠱᠦᠨ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠦᠢᠯᠡᠳᠬᠦ | ᠬᠢᠵᠠᠭᠠᠷᠲᠤ ᠺᠣᠮᠫᠠᠨᠢ ᠶᠢᠨ ᠠᠮᠤᠷ ᠲᠦᠪᠰᠢᠨ ᠤ ᠲᠤᠰᠠᠯᠠᠭᠴᠢ ᠵᠠᠩ ᠴᠤᠤ ᠬᠡᠯᠡᠪᠡ᠃ | ᠣᠶᠢᠷ᠎ᠠ ᠶᠢᠨ ᠬᠤᠭᠤᠴᠠᠭᠠᠨ ᠳᠤ᠂ ᠤᠯᠠᠭᠠᠨᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ︽ᠬᠤᠶᠠᠷ ᠲᠥᠪᠯᠡᠷᠡᠯ︾᠂ ᠬᠤᠶᠠᠷ ᠡᠭᠡᠯᠵᠢ ᠶᠢᠨ | ᠵᠢᠯ ᠤᠨ ᠰᠡᠭᠦᠯᠴᠢ ᠵᠢᠯ ᠤᠨ ᠡᠬᠢᠨ ᠤ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ᠂ ᠠᠶᠤᠯᠭᠦᠶ | ᠦᠢᠯᠡᠳᠪᠦᠷᠢᠯᠡᠯ ᠤᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠬᠢᠵᠠᠭᠠᠷ ᠲᠠᠢ ᠣᠷᠣᠨ ᠵᠠᠶ ᠳᠤ | ᠠᠵᠢᠯᠯᠠᠬᠤ ᠵᠢᠴᠢ ︽ᠠᠷᠪᠠᠨ ᠬᠦᠷᠢᠶᠡᠨ︾ ᠳᠠᠬᠢ ᠬᠤᠯᠪᠣᠭᠠᠯᠠᠨ ᠬᠥᠳᠡᠯᠦᠯᠴᠡᠬᠦ ᠵᠡᠷᠭᠡ ᠠᠯᠢ ᠣᠯᠠᠨ ᠠᠷᠭ᠎ᠠ | ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠨ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠨᠡᠶᠢᠳᠡᠮ | ᠪᠦᠷᠬᠦᠭᠦᠯᠵᠦ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠪᠥᠬᠦ ᠬᠦᠴᠦᠨ ᠢᠶᠠᠷ | ᠰᠠᠶᠢᠲᠤᠷ ᠪᠡᠶᠡᠯᠡᠭᠦᠯᠬᠦ ᠶᠢ ᠪᠠᠲᠤᠯᠠᠪᠠ᠃ | ᠤᠯᠠᠭᠠᠨᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠵᠠᠩ ᠸᠧᠨ ᠭᠠᠩ ᠠᠴᠠ᠂ ᠵᠢᠯ ᠤᠨ ᠡᠴᠦᠰ ᠵᠢᠯ ᠤᠨ ᠡᠬᠢᠨ ᠤ ᠡᠨᠡ ᠬᠦ ᠵᠠᠩᠭᠢᠯᠠᠭ᠎ᠠ ᠶᠢᠨ ᠦᠶ᠎ᠡ ᠳᠤ᠂ | ᠤᠯᠠᠭᠠᠨᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠯᠢ ᠣᠯᠠᠨ ᠲᠤᠰᠬᠠᠶ | ᠠᠵᠢᠯᠯᠠᠭ᠎ᠠ ᠥᠷᠨᠢᠭᠦᠯᠬᠦ ᠪᠠᠷ ᠳᠠᠮᠵᠢᠨ᠂ ᠪᠥᠬᠦ ᠲᠠᠯ᠎ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠤᠷ ᠢ | ᠪᠠᠶᠢᠭᠤᠯᠪᠠ᠃ ᠲᠠᠷᠠᠭᠠᠴᠢ ᠶᠢᠨ ᠠᠯᠬᠤᠮ ᠳᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠤᠨ | ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠬᠡᠮ ᠰᠣᠭᠤᠭ | ᠨᠢᠭᠡᠪᠦᠷᠢ ᠶᠢ ᠴᠥᠮ ᠪᠦᠲᠦᠮᠵᠢᠲᠡᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠨᠡᠨ ᠬᠦ ᠪᠠᠲᠤᠯᠠᠨ᠎ᠠ ᠭᠡᠵᠦ | ᠢᠯᠡᠷᠬᠡᠶᠢᠯᠡᠪᠡ᠃ | |