ᠮᠠ ᠮᠧᠩ ᠨᠠᠷ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/1/3
     ᠣᠶᠢᠷ᠎ᠠ ᠳᠤ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ᠂ ᠤᠯᠠᠭᠠᠨᠬᠤᠲᠠ ᠶᠢᠨ ᠤᠳᠤᠷᠢᠳᠤᠯᠭ᠎ᠠ ᠭᠤᠸᠠᠨ ᠹᠧᠩ᠂ ᠪᠦᠦ ᠭᠦᠸᠧ ᠵᠥᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠪᠠᠶᠢᠴᠠᠭᠠᠨ ᠰᠤᠳᠤᠯᠵᠠᠢ᠃     ᠮᠠ ᠮᠧᠩ ᠨᠠᠷ ᠤᠷᠢᠳ ᠬᠤᠵᠢᠳ ᠤᠯᠠᠭᠠᠨᠬᠤᠲᠠ ᠶᠢᠨ ᠠᠶᠠᠨᠴᠢᠳ ᠤᠨ ᠦᠷᠳᠡᠭᠡ᠂ ᠾᠧ ᠫᠢᠩ ᠵᠠᠬ᠎ᠠ ᠳᠡᠯᠭᠡᠭᠦᠷ᠂ ᠬᠤᠸᠠ ᠴᠧᠨ ᠲᠤᠰᠤ ᠨᠡᠮᠡᠬᠦ ᠪᠣᠷᠣᠯᠠᠭᠤᠯᠭ᠎ᠠ ᠶᠢᠨ ᠬᠢᠵᠠᠭᠠᠷᠲᠤ ᠺᠣᠮᠫᠠᠨᠢ ᠶᠢᠨ ᠰᠢᠨ᠎ᠡ ᠲᠣᠭᠤᠷᠢᠭ ᠤᠨ ᠲᠤᠰᠤ ᠨᠡᠮᠡᠬᠦ ᠬᠡᠢ ᠨᠡᠮᠡᠬᠦ ᠦᠷᠳᠡᠭᠡ᠂ ᠤᠯᠠᠭᠠᠨᠬᠤᠲᠠ ᠶᠢᠨ ᠵᠢᠶᠧ ᠴᠧᠩ ᠠᠮᠤ ᠪᠤᠳᠠᠭᠠᠨ ᠤ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ᠂ ᠬᠢᠩᠭᠠᠨ ᠠᠶᠢᠮᠠᠭ ᠤᠨ ᠠᠨ ᠰᠢᠩ ᠠᠷᠠᠳ ᠤᠨ ᠬᠡᠷᠡᠭᠯᠡᠭᠡᠨ ᠤ ᠳᠡᠯᠪᠡᠴᠢᠬᠦ ᠪᠠᠭᠠᠵᠢ ᠬᠡᠷᠡᠭᠰᠡᠯ ᠤᠨ ᠲᠤᠰᠬᠠᠢ ᠡᠵᠡᠩᠨᠡᠯᠲᠡ ᠶᠢᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ᠂ ᠳ᠋ᠧ ᠱᠧᠩ ᠶᠤᠸᠠᠨ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠠᠷᠭ᠎ᠠ ᠬᠡᠯᠪᠡᠷᠢ ᠪᠠᠷ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠨᠠᠷᠢᠨ ᠣᠶᠢᠯᠠᠭᠠᠪᠠ᠃     ᠮᠠ ᠮᠧᠩ ᠠᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠨᠢ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠪᠣᠯᠤᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠤ ᠶᠡᠭᠡ ᠲᠠᠯ᠎ᠠ ᠲᠠᠢ ᠬᠤᠯᠪᠣᠭᠳᠠᠨ᠎ᠠ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠳᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠪᠦᠬᠦ ᠠᠵᠢᠯᠳᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠯᠠᠭᠠᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠡᠳ᠋ ᠪᠣᠳᠠᠰ ᠤᠨ ᠬᠥᠮᠥᠷᠭᠡ᠂ ᠠᠶᠤᠯᠲᠠᠶ ᠬᠢᠮᠢ ᠶᠢᠨ ᠪᠣᠳᠠᠰ ᠢ ᠬᠠᠳᠠᠭᠠᠯᠠᠬᠤ ᠲᠠᠰᠤᠭ᠂ ᠠᠯᠪᠠᠨ ᠠᠰᠠᠷ ᠵᠡᠷᠭᠡ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ ᠪᠣᠯᠤᠨ ᠠᠮᠠᠷᠬᠠᠨ ᠨᠣᠴᠣᠵᠤ ᠳᠡᠯᠪᠡᠷᠡᠬᠦ ᠡᠳ᠋ ᠪᠣᠳᠠᠰ ᠪᠠᠶᠢᠬᠤ ᠲᠠᠯᠠᠪᠤᠷ ᠭᠠᠵᠠᠷ ᠢ ᠴᠢᠩᠭ᠎ᠠ ᠠᠩᠬᠠᠷᠴᠤ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠭᠦᠢᠴᠡᠳ ᠳᠣᠭᠢᠷᠠᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠪᠣᠯᠤᠨ ᠲᠤᠰᠬᠠᠶ ᠪᠡᠯᠡᠳᠬᠡᠯ ᠲᠥᠰᠦᠯ ᠤᠨ ᠰᠣᠷᠢᠯᠲᠠ ᠶᠢ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠢ ᠪᠠᠶᠢᠴᠠᠭᠠᠨ ᠰᠢᠯᠭᠠᠬᠤ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠬᠠᠩᠭᠠᠯᠭ᠎ᠠ ᠪᠣᠷᠣᠯᠠᠭᠤᠯᠭ᠎ᠠ ᠶᠢᠨ ᠡᠯ᠎ᠡ ᠭᠤᠭᠴᠤᠭ᠎ᠠ ᠶᠢ ᠵᠣᠯᠭᠠᠭᠤᠯᠬᠤ ᠶᠢ ᠰᠢᠯᠤᠭᠤᠳᠬᠠᠵᠤ᠂ ᠠᠷᠠᠳ ᠤᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠩᠭᠠᠳᠬᠠᠵᠠᠢ᠃   
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号