ᠰᠡᠳᠬᠢᠯ ᠵᠢᠷᠦᠭᠡ ᠪᠠᠨ ᠬᠤᠯᠪᠤᠯᠴᠠᠭᠰᠠᠨ ᠨᠦᠬᠦᠷᠰᠡᠭ ᠬᠠᠮᠵᠢᠯᠴᠠᠭ᠎ᠠ — ᠪᠡᠭᠡᠵᠢᠩ ᠦᠪᠦᠷ ᠮᠤᠩᠭᠤᠯ ᠤᠨ ᠬᠠᠮᠵᠢᠯᠴᠠᠭ᠎ᠠ ᠬᠢᠩᠭᠠᠨ ᠠᠶᠢᠮᠠᠭ ᠲᠤ ᠤᠯᠤᠭᠰᠠᠨ ᠦᠷ᠎ᠠ ᠪᠦᠳᠦᠮᠵᠢ ᠶᠢᠨ ᠲᠤᠬᠠᠢ ᠲᠡᠮᠳᠡᠭᠯᠡᠯ ​
ᠨᠡᠶᠢᠲᠡᠯᠡᠭᠰᠡᠨ ᠴᠠᠭ᠄
2025/1/3
    ᠪᠡᠭᠡᠵᠢᠩ ᠬᠤᠳᠠ᠂ ᠰᠢᠨ᠎ᠡ ᠶᠢ ᠡᠬᠦᠳᠬᠦ ᠬᠦᠭᠵᠢᠯᠳᠡ ᠶᠢᠨ ᠲᠠᠭᠠᠭᠤᠯᠤᠭᠴᠢ     ᠬᠢᠩᠭᠠᠨ ᠠᠶᠢᠮᠠᠭ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠭᠤᠤᠯ ᠲᠠᠶᠢᠨ ᠤ ᠲᠠᠯᠠᠪᠤᠷ᠃    ᠤᠶᠢᠷ᠎ᠠ ᠶᠢᠨ ᠵᠢᠯ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠭᠠᠷ ᠬᠤᠯᠪᠤᠯᠴᠠᠨ ᠬᠠᠮᠳᠤᠪᠡᠷ ᠤᠷᠤᠭᠰᠢᠯᠠᠵᠦ᠂ ᠪᠡᠭᠡᠵᠢᠩ ᠦᠪᠦᠷ ᠮᠤᠩᠭᠤᠯ ᠤᠨ ᠬᠠᠮᠵᠢᠯᠴᠠᠭ᠎ᠠ ᠶᠢᠨ ᠵᠢᠷᠭᠤᠭᠠᠨ ︽ᠲᠠᠬᠢᠨ ᠢᠶᠠᠷ ᠨᠡᠮᠡᠭᠳᠡᠬᠦᠯᠬᠦ ᠲᠦᠯᠦᠪᠯᠡᠭᠡ︾ ᠶᠢ ᠬᠡᠷᠡᠭᠵᠢᠬᠦᠯᠬᠦ ᠪᠠᠷ ᠭᠠᠷᠳᠠᠴᠠ ᠪᠤᠯᠭᠠᠵᠦ᠂ ︽ᠲᠦᠷᠪᠡᠨ ᠵᠦᠢᠯ ᠤᠨ ᠠᠵᠢᠯᠯᠠᠭ᠎ᠠ︾ ᠶᠢ ᠠᠬᠢᠭᠤᠯᠬᠤ ᠪᠠᠷ ᠭᠤᠤᠯᠳᠠᠯᠭ᠎ᠠ ᠪᠤᠯᠭᠠᠵᠦ᠂ ᠬᠤᠶᠠᠷ ᠭᠠᠵᠠᠷ ᠤᠨ ᠠᠵᠦ ᠦᠢᠯᠡᠰ ᠤᠨ ᠬᠠᠮᠵᠢᠯᠴᠠᠭ᠎ᠠ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠰᠤᠷᠭᠠᠨ ᠬᠦᠮᠦᠵᠢᠯ ᠢᠶᠠᠷ ᠬᠠᠪᠰᠤᠷᠤᠨ ᠲᠡᠳᠬᠦᠬᠦ᠂ ᠡᠮ ᠡᠮᠨᠡᠯᠭᠡ ᠶᠢᠨ ᠬᠠᠮᠵᠢᠯᠴᠠᠭ᠎ᠠ᠂ ᠬᠦᠳᠡᠯᠮᠦᠷᠢ ᠦᠢᠯᠡᠴᠢᠯᠡᠭᠡ ᠶᠢᠨ ᠬᠠᠮᠵᠢᠯᠴᠠᠭ᠎ᠠ ᠵᠡᠷᠭᠡ ᠲᠠᠯ᠎ᠠ ᠪᠠᠷ ᠢᠯᠡᠷᠭᠡᠢ ᠦᠷ᠎ᠠ ᠪᠦᠳᠦᠮᠵᠢ ᠤᠯᠪᠠ᠃ 2024 ᠤᠨ ᠳᠤ᠂ ᠬᠢᠩᠭᠠᠨ ᠠᠶᠢᠮᠠᠭ ᠤᠨ ᠬᠢᠨ ᠪᠡᠭᠡᠵᠢᠩ ᠬᠤᠳᠠ ᠶᠢᠨ ᠡᠯ᠎ᠡ ᠱᠠᠳᠤᠨ ᠤ ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ ᠮᠦᠩᠬᠦ ᠶᠢ ᠨᠡᠶᠢᠳᠡ 3.75 ᠳ᠋ᠦᠩᠰᠢᠭᠤᠷ ᠲᠦᠭᠦᠷᠢᠭ ᠤᠯᠵᠦ᠂ ᠪᠡᠭᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠲᠦᠷᠦᠯ ᠵᠦᠢᠯ ᠢ 115 ᠬᠡᠷᠡᠭᠵᠢᠬᠦᠯᠦᠭᠰᠡᠨ ᠪᠠᠶᠢᠨ᠎ᠠ᠃    ᠠᠵᠦ ᠦᠢᠯᠡᠰ ᠤᠨ ᠬᠠᠮᠵᠢᠯᠴᠠᠭ᠎ᠠ ᠰᠢᠨ᠎ᠡ ᠰᠢᠪᠳᠤᠯᠤᠯᠳᠠ ᠲᠠᠢ ᠪᠤᠯᠪᠠ    ᠤᠶᠢᠷ᠎ᠠ ᠳᠤ᠂ ᠲᠦᠪ ᠤᠨ ᠤᠬᠠᠭᠤᠯᠬᠤ ᠬᠡᠯᠳᠡᠰ ᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠯᠪᠠᠨ ᠭᠡᠷ᠂ ᠪᠡᠭᠡᠵᠢᠩ ᠬᠤᠳᠠ ᠶᠢᠨ ᠬᠠᠶᠢᠳᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠵᠠᠰᠠᠭ ᠤᠨ ᠤᠷᠳᠤᠨ ᠤ ᠲᠡᠪᠰᠢᠬᠦᠯᠦᠭᠰᠡᠨ ︽ᠵᠠᠰᠠᠭ ᠤᠨ ᠤᠷᠳᠤᠨ᠂ ᠠᠵᠦ ᠠᠬᠤᠶᠢᠯᠠᠯ᠂ ᠲᠠᠷᠢᠶᠠᠴᠢᠨ ᠤ ᠬᠠᠨᠢᠳᠠᠨ ᠤ ᠬᠠᠷᠢᠴᠠᠭ᠎ᠠ ᠪᠠᠶᠢᠭᠤᠯᠵᠦ ᠵᠠᠬᠢᠶᠠᠯᠠᠭ᠎ᠠ ᠶᠢᠨ ᠲᠠᠷᠢᠶᠠᠯᠠᠩ ᠢᠶᠠᠷ ᠤᠷᠤᠯᠭ᠎ᠠ ᠶᠢ ᠨᠡᠮᠡᠭᠳᠡᠬᠦᠯᠬᠦ︾ ᠨᠢ ︽ᠲᠠᠪᠤᠳᠤᠭᠠᠷ ᠬᠤᠭᠤᠴᠠᠭᠠᠨ ᠤ ᠪᠥᠬᠦ ᠳᠡᠯᠡᠬᠡᠶ ᠶᠢᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠭᠰᠠᠨ ᠬᠠᠮᠤᠭ ᠤᠨ ᠰᠠᠶᠢᠨ ᠵᠢᠱᠢᠶ᠎ᠡ︾ ᠪᠠᠷ ᠦᠨᠡᠯᠡᠭᠳᠡᠪᠡ᠃    ᠲᠤᠮᠳᠠᠳᠦ ᠬᠤᠰᠢᠭᠤᠨ ᠤ ︽ᠬᠠᠳᠠᠭᠠᠭᠰᠠᠨ ᠪᠤᠷᠴᠠᠭᠳᠤ ᠨᠤᠭᠤᠭ᠎ᠠ︾ ᠨᠡᠷ᠎ᠡ ᠠᠯᠳᠠᠷᠰᠢᠭᠰᠠᠨ ᠨᠢ ᠪᠡᠭᠡᠵᠢᠩ ᠦᠪᠦᠷ ᠮᠤᠩᠭᠤᠯ ᠬᠤᠶᠠᠷ ᠭᠠᠵᠠᠷ ᠤᠨ ᠰᠡᠳᠬᠢᠯ ᠵᠢᠷᠦᠭᠡ ᠪᠠᠨ ᠬᠤᠯᠪᠤᠯᠴᠠᠭᠰᠠᠨ ᠬᠠᠮᠵᠢᠯᠴᠠᠭ᠎ᠠ ᠠᠴᠠ ᠪᠤᠯᠤᠭᠰᠠᠨ ᠶᠤᠮ᠃    2021 ᠣᠨ ᠳᠤ᠂ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠪᠣᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠤᠰᠯᠠᠯ ᠪᠠᠶᠢᠭᠤᠯᠤᠨ ᠬᠠᠪᠰᠤᠷᠤᠨ ᠲᠡᠳᠬᠦᠬᠦ ᠠᠵᠢᠯ ᠦᠷᠨᠢᠬᠦᠯᠪᠡ᠃ ᠲᠦᠪ ᠤᠨ ᠴᠡᠭ ᠲᠤᠭᠳᠠᠭᠠᠨ ᠬᠠᠪᠰᠤᠷᠤᠨ ᠲᠡᠳᠬᠦᠬᠦ ᠨᠢᠭᠡᠴᠢ ᠪᠤᠯᠬᠤ ᠲᠦᠪ ᠤᠨ ᠤᠬᠠᠭᠤᠯᠬᠤ ᠬᠡᠯᠳᠡᠰ ᠪᠤᠯᠤᠨ ᠪᠡᠭᠡᠵᠢᠩ ᠬᠤᠳᠠ ᠶᠢᠨ ᠬᠠᠶᠢᠳᠢᠶᠠᠨ ᠲᠣᠭᠤᠷᠢᠭ ᠤᠨ ᠬᠠᠮᠲᠤ ᠶᠢᠨ ᠴᠢᠷᠮᠠᠶᠢᠯᠭ᠎ᠠ ᠪᠠᠷ ᠪᠠᠶᠠᠨᠮᠠᠩᠬ᠎ᠠ ᠰᠤᠮᠦ ᠳᠤ ᠪᠠᠶᠢᠭ᠎ᠠ ᠦᠯᠵᠡᠶᠢᠳᠦ ᠠᠶᠢᠯ ᠲᠠᠷᠢᠶᠠᠯᠠᠩ ᠤᠨ ᠬᠦᠭᠵᠢᠯᠳᠡ ᠶᠢᠨ ᠬᠢᠵᠠᠭᠠᠷᠳᠦ ᠺᠤᠮᠫᠠᠨᠢ ᠬᠦᠭᠵᠢᠯᠳᠡ ᠪᠠᠨ ᠤᠯᠵᠦ᠂ ᠵᠠᠬᠢᠶᠠᠯᠠᠭ᠎ᠠ ᠶᠢᠨ ᠬᠡᠯᠪᠡᠷᠢ ᠪᠠᠷ ᠤᠷᠭᠠᠨᠢᠭ ᠬᠠᠳᠠᠭᠠᠭᠰᠠᠨ ᠪᠤᠷᠴᠠᠭᠳᠤ ᠨᠤᠭᠤᠭ᠎ᠠ ᠦᠢᠯᠡᠳᠪᠦᠷᠢᠯᠡᠨ ᠪᠤᠷᠤᠯᠠᠭᠤᠯᠵᠦ᠂ ᠲᠠᠷᠢᠶᠠᠴᠢᠨ ᠡᠷᠦᠭᠡ ᠶᠢ ᠲᠠᠶᠢᠴᠢᠯᠠᠨ ᠤᠷᠤᠯᠭ᠎ᠠ ᠶᠢᠨ ᠨᠡᠮᠡᠭᠳᠡᠯ ᠢ ᠨᠢ ᠠᠬᠢᠭᠤᠯᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠪᠡᠯᠡ ᠤᠷᠤᠭᠤᠯᠤᠯᠳᠠ ᠶᠢ ᠲᠠᠭᠠᠯᠳᠤᠨ᠂ ᠬᠢᠩᠭᠠᠨ ᠠᠶᠢᠮᠠᠭ ᠤᠨ ᠦᠯᠵᠡᠶᠢᠳᠦ ᠠᠶᠢᠯ ᠲᠠᠷᠢᠶᠠᠯᠠᠩ ᠤᠨ ᠬᠦᠭᠵᠢᠬᠦᠯᠦᠯᠳᠡ ᠶᠢᠨ ᠬᠢᠵᠠᠭᠠᠷᠳᠦ ᠺᠤᠮᠫᠠᠨᠢ ᠦᠢᠯᠡᠳᠪᠦᠷᠢ ᠶᠢᠨ ᠲᠠᠰᠤᠭ ᠵᠡᠷᠭᠡ ᠪᠠᠨ ᠦᠷᠭᠡᠳᠭᠡᠨ ᠪᠠᠶᠢᠭᠤᠯᠬᠤ ᠶᠢᠨ ᠬᠠᠮᠳᠦ ᠤᠷᠭᠠᠨᠢᠭ ᠢᠳᠡᠰᠢᠨ ᠨᠤᠭᠤᠭ᠎ᠠ ᠪᠤᠯᠪᠠᠰᠤᠷᠠᠭᠤᠯᠬᠤ ᠰᠠᠭᠤᠷᠢᠨ ᠭᠠᠵᠠᠷ ᠪᠠ ᠰᠢᠭᠤᠳ ᠨᠡᠪᠳᠡᠷᠡᠬᠦᠯᠭᠡ᠂ ᠪᠡᠶᠡᠴᠢᠯᠡᠨ ᠤᠶᠢᠯᠠᠭᠠᠬᠤ᠂ ᠪᠤᠯᠪᠠᠰᠤᠷᠠᠯ ᠬᠦᠷᠳᠡᠭᠡᠬᠦ ᠵᠡᠷᠭᠡ ᠶᠢ ᠨᠢᠭᠡ ᠴᠤᠭᠴᠠᠵᠢᠭᠤᠯᠤᠭᠰᠠᠨ ᠤᠯᠠᠨ ᠴᠢᠳᠠᠮᠵᠢᠳᠦ ᠲᠢᠩᠬᠢᠮ ᠢ ᠪᠠᠶᠢᠭᠤᠯᠪᠠ᠃ ︽ᠪᠡᠭᠡᠵᠢᠩ ᠦᠪᠦᠷ ᠮᠤᠩᠭᠤᠯ ᠤᠨ ᠬᠠᠮᠵᠢᠯᠴᠠᠭ᠎ᠠ ᠶᠢᠨ ᠪᠡᠯᠡ ᠮᠦᠩᠬᠦ ᠪᠢᠳᠡᠨ ᠤ ᠠᠵᠦ ᠠᠬᠤᠶᠢᠯᠠᠯ ᠤᠨ ᠬᠦᠭᠵᠢᠯᠳᠡ ᠶᠢᠨ ᠬᠦᠴᠢᠷᠳᠡᠯ ᠢ ᠰᠶᠢᠳᠪᠦᠷᠢᠯᠡᠪᠡ᠃ ᠤᠳᠤᠬᠠᠨ ᠳᠤ 1000 ᠭᠠᠷᠤᠢ ᠲᠠᠷᠢᠶᠠᠴᠢᠨ ᠡᠷᠦᠭᠡ ᠶᠢ ᠲᠠᠶᠢᠴᠢᠯᠠᠨ ᠪᠤᠷᠴᠠᠭᠳᠤ ᠨᠤᠭᠤᠭ᠎ᠠ ᠲᠠᠷᠢᠵᠦ ᠤᠷᠭᠤᠭᠤᠯᠤᠨ᠂ ᠺᠤᠮᠫᠠᠨᠢ ᠶᠢᠨ ᠢᠳᠡᠰᠢᠨ ᠨᠤᠭᠤᠭ᠎ᠠ ᠶᠢᠨ ᠵᠢᠯ ᠤᠨ ᠦᠢᠯᠡᠳᠪᠦᠷᠢᠯᠡᠯ ᠤᠨ ᠦᠷᠳᠡᠭ 1200 ᠲᠦᠮᠡᠨ ᠲᠦᠭᠦᠷᠢᠭ ᠲᠤ ᠬᠦᠷᠴᠤ ᠪᠤᠢ︾ ᠭᠡᠵᠦ ᠦᠯᠵᠡᠶᠢᠳᠦ ᠠᠶᠢᠯ ᠲᠠᠷᠢᠶᠠᠯᠠᠩ ᠤᠨ ᠬᠦᠭᠵᠢᠯᠳᠡ ᠶᠢᠨ ᠬᠢᠵᠠᠭᠠᠷᠳᠦ ᠺᠤᠮᠫᠠᠨᠢ ᠶᠢᠨ ᠬᠠᠷᠢᠭᠤᠴᠠᠯᠭᠠᠳᠠᠨ ᠨᠠᠨᠳᠢᠨ ᠬᠡᠯᠡᠨ᠎ᠡ᠃    ᠲᠦᠴᠢᠦᠸᠠᠨ ᠰᠢᠶᠠᠨ ᠤ ᠰᠠᠶᠢᠬᠠᠨᠬᠤᠸᠠ ᠤᠶᠤᠨᠴᠢ ᠲᠠᠷᠢᠶᠠᠯᠠᠩ ᠤᠨ ᠠᠵᠦ ᠦᠢᠯᠡᠰ ᠤᠨ ᠬᠦᠷᠢᠶᠡᠯᠡᠩ ᠤᠨ ᠬᠢᠨ ᠪᠠᠰᠠ ᠪᠡᠭᠡᠵᠢᠩ ᠦᠪᠦᠷ ᠮᠤᠩᠭᠤᠯ ᠤᠨ ᠬᠠᠮᠵᠢᠯᠴᠠᠭ᠎ᠠ ᠶᠢᠨ ᠲᠦᠷᠦ ᠶᠢᠨ ᠪᠤᠳᠤᠯᠭ᠎ᠠ ᠶᠢᠨ ᠲᠡᠮᠵᠢᠯᠭᠡ ᠲᠤᠤᠷ᠎ᠠ ︽ᠤᠶᠤᠨᠴᠢᠯᠠᠭᠰᠠᠨ︾ ᠮᠡᠷᠭᠡᠵᠢᠯ ᠢ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠵᠦ᠂ ᠤᠯᠠᠮᠵᠢᠯᠠᠯᠳᠦ ᠲᠠᠷᠢᠶᠠᠯᠠᠩ ᠢ ᠤᠳᠤ ᠦᠶ᠎ᠡ ᠶᠢᠨ ᠲᠠᠷᠢᠶᠠᠯᠠᠩ ᠲᠡᠰᠢ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠠᠬᠢᠭᠤᠯᠵᠦ᠂ ᠲᠠᠷᠢᠶᠠᠯᠠᠩ ᠦᠢᠯᠡᠳᠪᠦᠷᠢᠯᠡᠯ ᠤᠨ ᠬᠠᠮᠢᠶᠠᠷᠤᠯᠳᠠ ᠶᠢ ᠨᠡᠩ ᠤᠶᠤᠯᠢᠭ᠂ ᠨᠡᠩ ᠦᠷ᠎ᠠ ᠠᠰᠢᠭ ᠲᠠᠢ ᠪᠤᠯᠭᠠᠪᠠ᠃    ᠰᠢᠨ᠎ᠡ ᠨᠢᠭᠡ ᠡᠭᠡᠯᠵᠢ ᠶᠢᠨ ᠪᠡᠭᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠠᠵᠢᠯ ᠢ ᠦᠷᠨᠢᠬᠦᠯᠦᠭᠰᠡᠨ ᠠᠴᠠ ᠨᠠᠭᠠᠰᠢ᠂ ᠪᠡᠭᠡᠵᠢᠩ ᠬᠤᠲᠠ ᠶᠢᠨ ᠡᠯ᠎ᠡ ᠱᠠᠲᠤᠨ ᠤ ᠬᠢᠨ ᠬᠢᠩᠭᠠᠨ ᠠᠶᠢᠮᠠᠭ ᠤᠨ ᠠᠯᠠᠰᠢᠨ ᠦᠬᠡᠷ᠂ ᠠᠯᠠᠰᠢᠨ ᠬᠤᠨᠢ᠂ ᠲᠤᠲᠤᠷᠭ᠎ᠠ᠂ ᠲᠡᠵᠢᠭᠡᠯ ᠡᠪᠡᠰᠦ᠂ ᠲᠦᠬᠦᠭᠡᠷᠦᠮᠵᠢᠲᠦ ᠲᠠᠷᠢᠶᠠᠯᠠᠩ᠂ ᠰᠣᠶᠣᠯ ᠵᠢᠭᠤᠯᠴᠢᠯᠠᠯ ᠵᠡᠷᠭᠡ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠠᠯᠠ ᠮᠥᠩᠭᠦ ᠶᠢ ᠨᠡᠶᠢᠲᠡ 14.41 ᠳ᠋ᠦᠩᠰᠢᠭᠤᠷ ᠲᠥᠭᠦᠷᠢᠭ ᠤᠷᠤᠭᠤᠯᠵᠠᠢ᠃ ᠵᠢᠶᠠ ᠾᠧ ᠠᠮᠦ ᠪᠤᠳᠠᠭᠠᠨ ᠤ ᠦᠢᠯᠡᠰ᠂ ᠲᠠᠢ ᠸᠧᠢ ᠪᠦᠯᠦᠭᠯᠡᠯ ᠵᠡᠷᠭᠡ 26 ᠠᠵᠦ ᠠᠬᠤᠶᠢᠯᠠᠯ ᠢ ᠬᠢᠩᠭᠠᠨ ᠠᠶᠢᠮᠠᠭ ᠲᠤ ᠲᠠᠳᠠᠨ ᠠᠪᠴᠢᠷᠠᠵᠦ᠂ 11.2 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠦᠭᠰᠡᠨ ᠪᠠᠶᠢᠨ᠎ᠠ᠃ ᠪᠡᠭᠡᠵᠢᠩ ᠦᠪᠦᠷ ᠮᠤᠩᠭᠤᠯ ᠤᠨ ᠬᠠᠮᠳᠤᠷᠠᠨ ᠪᠠᠶᠢᠭᠤᠯᠤᠭᠰᠠᠨ 11 ᠠᠵᠦ ᠦᠢᠯᠡᠰ ᠤᠨ ᠬᠦᠷᠢᠶᠡᠯᠡᠩ ᠨᠢ ᠬᠡᠪ ᠤᠨ ᠡᠵᠡᠩᠨᠡᠯᠳᠡ ᠳᠤ ᠤᠷᠤᠵᠦ᠂ ᠪᠡᠭᠡᠵᠢᠩ ᠦᠪᠦᠷ ᠮᠤᠩᠭᠤᠯ ᠤᠨ ᠬᠠᠮᠵᠢᠯᠴᠠᠭ᠎ᠠ ᠵᠡᠷᠭᠡ ᠪᠦᠳᠦᠭᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠨᠢ ᠵᠢᠯ ᠳᠤ 3.64 ᠳ᠋ᠦᠩᠰᠢᠭᠤᠷ ᠲᠦᠭᠦᠷᠢᠭ ᠬᠦᠷᠴᠦ᠂ ᠮᠠᠯᠵᠢᠬᠤ ᠲᠠᠷᠢᠶᠠᠯᠠᠬᠤ ᠤᠷᠤᠨ ᠤ 1225 ᠬᠦᠳᠡᠯᠮᠦᠷᠢ ᠬᠦᠴᠦᠨ ᠤ ᠠᠵᠢᠯ ᠤᠯᠭᠤᠬᠤ ᠠᠰᠠᠭᠤᠳᠠᠯ ᠢ ᠰᠶᠢᠳᠪᠦᠷᠢᠯᠡᠨ᠂ ᠵᠢᠯ ᠤᠨ ᠦᠢᠯᠡᠳᠪᠦᠷᠢᠯᠡᠯ ᠤᠨ ᠦᠷᠳᠡᠭ ᠪᠠᠷᠤᠭ 30 ᠳ᠋ᠦᠩᠰᠢᠭᠤᠷ ᠲᠦᠭᠦᠷᠢᠭ ᠬᠦᠷᠪᠡ᠃    ᠬᠡᠷᠡᠭᠯᠡᠭᠡ ᠪᠠᠷ ᠬᠠᠪᠰᠤᠷᠤᠨ ᠲᠡᠳᠬᠦᠬᠦ ᠠᠵᠢᠯ ᠢᠯᠡᠷᠭᠡᠢ ᠦᠷ᠎ᠠ ᠪᠦᠳᠦᠮᠵᠢ ᠤᠯᠪᠠ    ︽ᠡᠨᠡ ᠲᠤᠲᠤᠷᠭ᠎ᠠ ᠦᠨᠡᠬᠡᠷ ᠠᠮᠳᠠᠳᠠᠢ᠂ ᠮᠠᠨ ᠤ ᠬᠢᠨ ᠤᠳᠤ ᠨᠡᠶᠢᠳᠡᠮ ᠬᠢᠩᠭᠠᠨ ᠠᠶᠢᠮᠠᠭ ᠤᠨ ᠲᠤᠳᠤᠷᠭ᠎ᠠ ᠶᠢ ᠬᠤᠳᠠᠯᠳᠤᠨ ᠠᠪᠴᠤ ᠪᠠᠶᠢᠨ᠎ᠠ︾ ᠭᠡᠵᠦ ᠪᠡᠭᠡᠵᠢᠩ ᠬᠤᠳᠠ ᠶᠢᠨ ᠬᠠᠶᠢᠳᠢᠶᠠᠨ ᠲᠤᠭᠤᠷᠢᠭ ᠤᠨ ᠮᠤ᠋ ᠳ᠋ᠠᠨ ᠶᠤᠸᠠᠨ ᠨᠡᠶᠢᠭᠡᠮ ᠲᠤᠭᠤᠷᠢᠭ ᠤᠨ ᠯᠢᠦ ᠴᠠᠩ ᠬᠡᠯᠡᠨ᠎ᠠ᠃    ᠤᠶᠢᠷ᠎ᠠ ᠳᠤ᠂ ᠲᠤᠰ ᠨᠡᠶᠢᠭᠡᠮ ᠲᠤᠭᠤᠷᠢᠭ ᠲᠠᠬᠢ ᠬᠢᠩᠭᠠᠨ ᠠᠶᠢᠮᠠᠭ ᠤᠨ ᠲᠤᠳᠤᠷᠭ᠎ᠠ ᠶᠢᠨ ᠦᠵᠡᠬᠦᠯᠭᠡ ᠶᠢᠨ ᠲᠠᠶᠢᠰᠠᠨ ᠠᠴᠠ ᠠᠮᠳᠠᠳᠦ ᠲᠤᠳᠤᠷᠭ᠎ᠠ ᠶᠢᠨ ᠦᠨᠦᠷ ᠬᠠᠩᠬᠤᠯᠵᠦ᠂ ᠬᠤᠳᠠ ᠶᠢᠨ ᠠᠷᠠᠳ ᠠᠮᠳᠠᠯᠠᠭᠰᠠᠨ ᠤ ᠲᠠᠷᠠᠭ᠎ᠠ ᠬᠤᠶᠢᠨ᠎ᠡ ᠬᠤᠶᠢᠨ᠎ᠡ ᠠᠴᠠ ᠪᠠᠨ ᠮᠡᠷᠭᠡᠨ ᠴᠤᠬᠤᠷ ᠰᠢᠷᠪᠢᠨ ᠵᠠᠬᠢᠶᠠᠯᠠᠨ᠎ᠠ᠃ ᠬᠢᠩᠭᠠᠨ ᠠᠶᠢᠮᠠᠭ ᠤᠨ ᠲᠤᠲᠤᠷᠭ᠎ᠠ ᠶᠢᠨ ᠦᠨᠦᠷ ᠠᠮᠳᠠ ᠪᠡᠭᠡᠵᠢᠩ ᠬᠤᠳᠠ ᠶᠢᠨ ᠠᠷᠠᠳ ᠤᠯᠠᠨ ᠤ ᠬᠦᠷᠢᠶᠡᠯᠡᠯ ᠢ ᠤᠯᠤᠭᠰᠠᠨ ᠨᠢ ᠭᠠᠵᠠᠷ ᠤᠷᠤᠨ ᠤ ᠤᠨᠴᠠ ᠪᠠᠶᠢᠳᠠᠭ ᠡᠬᠢ ᠪᠠᠶᠠᠯᠢᠭ ᠤᠨ ᠲᠠᠪᠠᠭᠤᠯᠢᠭ ᠠᠴᠠ ᠪᠤᠯᠤᠭᠰᠠᠨ ᠠᠴᠠ ᠪᠠᠷᠠᠬᠤ ᠦᠭᠡᠢ ᠪᠡᠭᠡᠵᠢᠩ ᠦᠪᠦᠷ ᠮᠤᠩᠭᠤᠯ ᠤᠨ ᠬᠠᠮᠵᠢᠯᠴᠠᠭ᠎ᠠ ᠶᠢ ᠬᠦᠨᠵᠡᠭᠡᠢ ᠠᠬᠢᠭᠤᠯᠤᠭᠰᠠᠨ ᠠᠴᠠ ᠪᠤᠯᠤᠭᠰᠠᠨ ᠶᠤᠮ᠃    ︽9 ᠰᠠᠷ᠎ᠠ ᠠᠴᠠ ᠨᠠᠭᠠᠰᠢ᠂ ᠬᠢᠩᠭᠠᠨ ᠠᠶᠢᠮᠠᠭ ᠤᠨ ᠰᠠᠶᠢᠨ ᠡᠳ᠋ ᠪᠠᠷᠠᠭ᠎ᠠ ᠶᠢ ᠪᠡᠭᠡᠵᠢᠩ ᠳᠤ ᠤᠷᠤᠭᠤᠯᠬᠤ ᠠᠵᠢᠯᠯᠠᠭ᠎ᠠ ᠡᠬᠢᠯᠡᠭᠰᠡᠨ ᠤ ᠲᠠᠷᠠᠭ᠎ᠠ ᠬᠢᠩᠭᠠᠨ ᠠᠶᠢᠮᠠᠭ ᠤᠨ ᠲᠤᠲᠤᠷᠭ᠎ᠠ ᠪᠡᠭᠡᠵᠢᠩ ᠬᠤᠳᠠ ᠶᠢᠨ ᠠᠷᠠᠳ ᠤᠯᠠᠨ ᠤ ᠬᠦᠷᠢᠶᠡᠯᠡᠯ ᠢ ᠤᠯᠵᠠᠢ᠂ ᠬᠢᠩᠭᠠᠨ ᠠᠶᠢᠮᠠᠭ ᠤᠨ ᠲᠤᠳᠤᠷᠭ᠎ᠠ ᠪᠡᠭᠡᠵᠢᠩ ᠬᠤᠳᠠ ᠶᠢᠨ ᠬᠤᠸᠠᠶᠢᠷᠸᠦ ᠲᠣᠭᠤᠷᠢᠭ ᠤᠨ ︿ᠪᠡᠭᠡᠵᠢᠩ ᠦᠪᠦᠷ ᠮᠣᠩᠭᠤᠯ ᠤᠨ ᠦᠨᠦᠷ ᠠᠮᠳᠠ ᠶᠢᠨ ᠬᠤᠰᠢᠭᠤᠴᠢ ᠲᠡᠯᠭᠡᠬᠦᠷ﹀ ᠲᠤ ᠪᠤᠷᠤᠯᠠᠭᠤᠯᠤᠭᠳᠠᠭᠰᠠᠨ ᠢᠶᠠᠷ ᠪᠠᠷᠠᠬᠤ ᠦᠭᠡᠢ ᠲᠦᠩᠵᠸᠦ ᠲᠤᠭᠤᠷᠢᠭ ᠲᠤ ᠪᠡᠭᠡᠵᠢᠩ ᠳᠤ ᠰᠠᠭᠤᠭ᠎ᠠ ᠪᠤᠷᠤᠯᠠᠭᠤᠯᠭ᠎ᠠ ᠶᠢᠨ ᠬᠤᠯᠪᠤᠭ᠎ᠠ ᠠᠪᠬᠤ ᠭᠠᠵᠠᠷ ᠪᠠᠶᠢᠭᠤᠯᠪᠠ᠂ ᠤᠳᠤᠬᠠᠨ ᠳᠤ ᠮᠠᠨ ᠤ ᠺᠤᠮᠫᠠᠨᠢ ᠹᠧᠩᠲ᠋ᠠᠢ ᠲᠣᠭᠤᠷᠢᠭ ᠪᠣᠯᠤᠨ ᠲᠦᠩᠵᠸᠦ ᠲᠣᠭᠤᠷᠢᠭ ᠲᠤ ᠪᠠᠶᠢᠭ᠎ᠠ ᠬᠤᠶᠠᠷ ᠬᠥᠮᠥᠷᠭᠡ ᠶᠢᠨ ᠡᠳᠦᠷ ᠲᠤ ᠪᠠᠷᠠᠭ᠎ᠠ ᠭᠠᠷᠭᠠᠬᠤ ᠬᠡᠮᠵᠢᠶ᠎ᠡ 5 ᠲᠤᠨ ᠬᠦᠷᠴᠤ ᠪᠤᠢ︾ ᠭᠡᠵᠦ ᠬᠢᠩᠭᠠᠨ ᠠᠶᠢᠮᠠᠭ ᠤᠨ ᠲᠤᠳᠤᠷᠭ᠎ᠠ ᠶᠢᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠳᠦ ᠺᠤᠮᠫᠠᠨᠢ ᠶᠢᠨ ᠪᠡᠭᠡᠵᠢᠩ ᠳᠤ ᠰᠠᠭᠤᠭ᠎ᠠ ᠪᠤᠷᠤᠯᠠᠭᠤᠯᠭ᠎ᠠ ᠶᠢᠨ ᠬᠤᠯᠪᠤᠭ᠎ᠠ ᠠᠪᠬᠤ ᠭᠠᠵᠠᠷ ᠤᠨ ᠠᠵᠢᠯᠳᠠᠨ ᠭᠤᠤ ᠭᠤᠸᠠᠩ ᠰᠢᠨ ᠬᠡᠯᠡᠨ᠎ᠡ᠃    2024 ᠣᠨ ᠳᠤ᠂ ᠬᠢᠩᠭᠠᠨ ᠠᠶᠢᠮᠠᠭ ᠪᠡᠭᠡᠵᠢᠩ ᠤᠨ ᠵᠠᠬ᠎ᠠ ᠲᠡᠯᠭᠡᠬᠦᠷ ᠤᠨ ᠬᠡᠷᠡᠭᠴᠡᠭᠡ ᠲᠠᠢ ᠢᠳᠡᠪᠬᠢᠳᠡᠢ ᠵᠤᠯᠭᠠᠭᠤᠯᠵᠦ᠂ ︽ᠦᠢᠯᠡᠳᠪᠦᠷᠢᠯᠡᠯ ᠪᠣᠷᠣᠯᠠᠭᠤᠯᠭ᠎ᠠ ᠶᠢᠨ ᠭᠠᠵᠠᠷ ᠤᠨ ᠬᠦᠮᠦᠷᠭᠡ + ᠪᠤᠳᠠᠰ ᠤᠨ ᠬᠦᠢᠯᠭᠡᠭᠡᠨ ᠤ ᠨᠦᠬᠦᠪᠦᠷᠢ + ᠳᠡᠯᠭᠡᠨ ᠪᠣᠷᠣᠯᠠᠭᠤᠯᠬᠤ + ᠵᠠᠷ ᠮᠡᠳᠡᠭᠡᠨ ᠤ ᠤᠬᠠᠭᠤᠯᠭ᠎ᠠ︾ ᠶᠢᠨ ᠪᠦᠬᠦ ᠬᠡᠯᠬᠢᠶ᠎ᠡ ᠪᠠᠷ ᠬᠡᠷᠡᠭᠯᠡᠭᠡ ᠶᠢ ᠬᠠᠪᠰᠤᠷᠤᠨ ᠲᠡᠳᠬᠦᠬᠦ ᠵᠠᠭᠪᠤᠷ ᠤᠨ ᠰᠢᠨ᠎ᠡ ᠶᠢ ᠡᠬᠦᠳᠪᠡ᠃ ᠡᠬᠦᠨ ᠳᠤ᠂ ᠦᠢᠯᠡᠳᠪᠦᠷᠢᠯᠡᠯ ᠪᠤᠷᠤᠯᠠᠭᠤᠯᠭ᠎ᠠ ᠶᠢᠨ ᠭᠠᠵᠠᠷ ᠤᠨ ᠬᠦᠮᠦᠷᠭᠡ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠨᠢ ᠨᠢᠭᠡᠨᠳᠡ 25 ᠠᠵᠦ ᠠᠬᠤᠶᠢᠯᠠᠯ ᠤᠨ ᠬᠦᠮᠦᠷᠭᠡᠯᠡᠨ ᠬᠠᠳᠠᠭᠠᠯᠠᠬᠤ ᠦᠪᠡᠷ ᠤᠨ ᠦᠷᠳᠡᠭ ᠢ 30% ᠭᠠᠷᠤᠢ ᠪᠠᠷ ᠪᠠᠭᠤᠷᠠᠭᠤᠯᠵᠦ᠂ ᠪᠤᠳᠠᠰ ᠤᠨ ᠬᠦᠢᠯᠭᠡᠭᠡᠨ ᠤ ᠨᠦᠬᠦᠪᠦᠷᠢ ᠶᠢᠨ ᠲᠠᠯ᠎ᠠ ᠪᠠᠷ 15 ᠠᠵᠦ ᠠᠬᠤᠶᠢᠯᠠᠯ ᠤᠨ ᠲᠦᠷᠭᠡᠨ ᠬᠦᠷᠭᠡᠯᠳᠡ ᠶᠢᠨ ᠦᠪᠡᠷ ᠤᠨ ᠦᠷᠳᠡᠭ ᠢ 15% ᠪᠠᠷ ᠪᠠᠭᠤᠷᠠᠭᠤᠯᠤᠭᠰᠠᠨ ᠪᠠᠶᠢᠨ᠎ᠠ᠃    ᠡᠨᠡ ᠵᠢᠯ᠂ ᠬᠢᠩᠭᠠᠨ ᠠᠶᠢᠮᠠᠭ ᠤᠨ ᠬᠢᠨ ᠪᠡᠭᠡᠵᠢᠩ᠂ ᠬᠠᠩᠵᠧᠦ ᠵᠡᠷᠭᠡ ᠭᠠᠵᠠᠷ ᠲᠤ ᠲᠡᠯᠭᠡᠨ ᠪᠤᠷᠤᠯᠠᠭᠤᠯᠵᠦ ᠳᠡᠯᠭᠡᠷᠡᠭᠦᠯᠦᠨ ᠲᠠᠨᠢᠯᠴᠠᠭᠤᠯᠬᠤ ᠠᠵᠢᠯᠯᠠᠭ᠎ᠠ ᠶᠢ 10 ᠤᠳᠠᠭ᠎ᠠ ᠦᠷᠨᠢᠬᠦᠯᠵᠦ᠂ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠬᠤᠳᠠᠯᠳᠤᠨ ᠠᠪᠬᠤ ᠵᠠᠬᠢᠶᠠᠯᠠᠭ᠎ᠠ ᠶᠢᠨ ᠬᠠᠭᠤᠳᠠᠰᠦ ᠶᠢ ᠲᠤᠰᠤᠭᠰᠠᠨ ᠶᠡᠷᠦᠩᠭᠡᠢ ᠵᠤᠭᠤᠰ ᠤᠨ ᠲᠤᠭ᠎ᠠ 5.5 ᠳ᠋ᠦᠩᠰᠢᠭᠤᠷ ᠲᠦᠭᠦᠷᠢᠭ ᠢ ᠲᠠᠪᠠᠵᠦ᠂ ᠪᠡᠭᠡᠵᠢᠩ ᠦᠪᠦᠷ ᠮᠤᠩᠭᠤᠯ ᠤᠨ ᠬᠠᠮᠵᠢᠯᠴᠠᠭ᠎ᠠ ᠶᠢᠨ ᠲᠠᠪᠴᠠᠩ ᠢᠶᠠᠷ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠨᠡᠶᠢᠳᠡ 24.3 ᠳ᠋ᠦᠩᠰᠢᠭᠤᠷ ᠲᠥᠭᠦᠷᠢᠭ ᠪᠣᠷᠣᠯᠠᠭᠤᠯᠪᠠ᠃ ᠡᠭᠦᠨ ᠤ ᠵᠡᠷᠭᠡᠪᠡᠷ᠂ ᠬᠢᠩᠭᠠᠨ ᠠᠶᠢᠮᠠᠭ ᠡᠬᠢ ᠪᠠᠶᠠᠯᠢᠭ ᠤᠨ ᠳᠠᠪᠠᠭᠤᠯᠢᠭ ᠪᠣᠯᠤᠨ ᠲᠦᠷᠦᠯ ᠲᠡᠮᠳᠡᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠵᠠᠬ᠎ᠠ ᠳᠡᠯᠭᠡᠭᠦᠷ ᠢ ᠨᠡᠭᠡᠭᠡᠬᠦ ᠠᠵᠠ ᠲᠤᠬᠢᠶᠠᠯ ᠢ ᠢᠳᠡᠪᠬᠢᠳᠡᠢ ᠠᠳᠬᠤᠵᠦ᠂ ᠤᠷᠤᠨ ᠪᠦᠰᠡ ᠶᠢᠨ ᠬᠠᠮᠳᠤᠷᠠᠯᠴᠠᠭ᠎ᠠ ᠶᠢ ᠦᠷᠬᠦᠯᠵᠢᠯᠡᠨ ᠬᠦᠨᠵᠡᠭᠡᠶᠢᠷᠡᠬᠦᠯᠵᠦ᠂ ᠭᠠᠳᠠᠭᠠᠳᠦ ᠨᠡᠭᠡᠭᠡᠯᠳᠡ ᠶᠢ ᠦᠷᠭᠡᠳᠭᠡᠪᠡ᠃ ᠬᠢᠩᠭᠠᠨ ᠠᠶᠢᠮᠠᠭ ᠤᠨ ᠲᠤᠳᠤᠷᠭ᠎ᠠ᠂ ᠡᠷᠳᠡᠨᠢ ᠰᠢᠰᠢ᠂ ᠠᠯᠠᠰᠢᠨ ᠦᠭᠡᠷ ᠂ ᠠᠯᠠᠰᠢᠨ ᠬᠤᠨᠢ᠂ ᠰᠦ ᠶᠢᠨ ᠦᠢᠯᠡᠰ ᠵᠡᠷᠭᠡ ᠭᠤᠤᠯ ᠪᠤᠯᠬᠤ ᠠᠵᠦ ᠦᠢᠯᠡᠰ ᠤᠨ ᠬᠡᠯᠬᠢᠶ᠎ᠡ ᠶᠢᠨ ᠲᠤᠭᠤᠷᠢᠨ ᠳᠤ ᠬᠢᠩᠭᠠᠨ ᠤ ᠪᠦᠳᠦᠭᠡᠭᠳᠡᠬᠦᠨ ᠤ ᠨᠡᠷ᠎ᠠ ᠠᠯᠳᠠᠷ ᠢ ᠤᠯᠤᠰ ᠤᠨ ᠲᠤᠳᠤᠭᠠᠳᠦ ᠳᠤ ᠤᠯᠠᠮ ᠢᠶᠠᠷ ᠲᠠᠭᠤᠷᠢᠰᠤᠭᠤᠯᠤᠭᠰᠠᠨ ᠪᠠᠶᠢᠨ᠎ᠠ᠃    ᠠᠷᠠᠳ ᠤᠨ ᠠᠮᠢᠳᠤᠷᠠᠯ ᠤᠨ ᠪᠠᠲᠤᠯᠠᠭ᠎ᠠ ᠰᠢᠨ᠎ᠡ ᠳᠡᠭᠡᠭᠰᠢᠯᠡᠯᠲᠡ ᠲᠠᠢ ᠪᠤᠯᠪᠠ    ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠦᠷᠭᠦᠯᠵᠢᠯᠡᠨ ᠲᠡᠰ ᠳᠡᠪᠰᠢᠬᠦ ᠶᠢ ᠲᠠᠭᠠᠯᠳᠤᠨ᠂ ᠡᠮ ᠡᠮᠨᠡᠯᠭᠡ᠂ ᠰᠤᠷᠭᠠᠨ ᠬᠥᠮᠦᠵᠢᠯ᠂ ᠠᠵᠢᠯ ᠣᠯᠭᠤᠯᠲᠠ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠤ ᠬᠠᠮᠵᠢᠯᠴᠠᠭ᠎ᠠ ᠴᠤ ᠲᠠᠰᠤᠷᠠᠯᠲᠠ ᠦᠭᠡᠢ ᠦᠷᠭᠡᠵᠢᠪᠡ᠃    ︽ᠤᠤᠯ ᠨᠢ ᠪᠡᠭᠡᠵᠢᠩ ᠬᠤᠳᠠ ᠳᠤ ᠡᠪᠡᠳᠴᠢᠨ ᠦᠵᠡᠬᠦᠯᠬᠦ ᠪᠠᠷ ᠤᠴᠢᠬᠤ ᠭᠡᠬᠦ ᠳᠤ ᠵᠠᠮ ᠬᠤᠯᠠ᠂ ᠵᠠᠷᠤᠳᠠᠯ ᠶᠡᠭᠡ᠃ ᠤᠳᠤ ᠪᠡᠭᠡᠵᠢᠩ ᠤᠨ ᠲᠤᠰᠬᠠᠢ ᠮᠡᠷᠭᠡᠵᠢᠯᠳᠡᠨ ᠭᠡᠷ ᠤᠨ ᠡᠬᠦᠳᠡᠨ ᠳᠤ ᠢᠷᠡᠵᠦ ᠡᠮᠴᠢᠯᠡᠬᠦ ᠪᠤᠯᠵᠦ᠂ ᠦᠨᠡᠭᠡᠷ ᠲᠦᠬᠦᠮ ᠪᠤᠯᠵᠠᠢ︾ ᠭᠡᠵᠦ ᠪᠡᠭᠡᠵᠢᠩ ᠬᠤᠳᠠ ᠳᠤ ᠡᠪᠡᠳᠴᠢᠨ ᠢᠶᠠᠨ ᠦᠵᠡᠬᠦᠯᠬᠦ ᠪᠠᠷ ᠲᠦᠯᠦᠪᠯᠡᠵᠦ ᠪᠠᠶᠢᠭᠰᠠᠨ ᠾᠧ ᠹᠦ᠋ ᠴᠢᠤᠸᠠᠨ ᠪᠠᠶᠠᠷᠯᠠᠨ ᠬᠡᠯᠡᠨ᠎ᠡ᠃ ᠲᠦᠷᠦᠬᠦᠭᠡᠨ᠂ ᠪᠡᠭᠡᠵᠢᠩ ᠤᠨ ᠬᠢᠳᠡᠳ ᠧᠦ᠋ᠷᠣᠫᠠ ᠡᠮᠨᠡᠯᠭᠡ ᠶᠢ ᠤᠶᠠᠯᠳᠤᠭᠤᠯᠬᠤ ᠡᠮᠨᠡᠯᠭᠡ ᠶᠢᠨ ᠬᠤᠷᠢᠶᠠᠨ ᠤ ᠲᠠᠷᠢᠬᠢᠨ ᠡᠪᠡᠳᠴᠢᠨ ᠤ ᠰᠠᠯᠠᠭᠠᠨ ᠤ ᠭᠤᠤᠯᠯᠠᠭᠴᠢ ᠡᠮᠴᠢ ᠵᠠᠩ ᠸᠧᠨ ᠶᠠᠨ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ ᠡᠮᠴᠢᠯᠡᠭᠡ ᠬᠢᠬᠦ ᠳᠤ ᠾᠧ ᠹᠦ᠋ ᠴᠢᠤᠸᠠᠨ ᠴᠢᠮᠡᠭᠡ ᠶᠢ ᠰᠤᠨᠤᠰᠤᠮᠠᠭᠴᠠ ᠬᠦᠷᠴᠦ ᠤᠴᠢᠨ ᠡᠪᠡᠳᠴᠢᠨ ᠢᠶᠠᠨ ᠦᠵᠡᠬᠦᠯᠪᠡ᠃    ᠬᠡᠳᠦ᠋ᠪᠡᠷ ᠠᠯᠤᠰ ᠬᠤᠯᠠ ᠪᠠᠶᠢᠬᠤ ᠪᠤᠯᠪᠠᠴᠦ᠂ ᠬᠢᠩᠭᠠᠨ ᠠᠶᠢᠮᠠᠭ ᠪᠤᠯᠤᠨ ᠪᠡᠭᠡᠵᠢᠩ ᠬᠤᠳᠠ ᠡᠮᠴᠢᠯᠡᠭᠡᠨ ᠤ ᠡᠬᠢ ᠪᠠᠶᠠᠯᠢᠭ ᠢᠶᠠᠨ ᠬᠠᠮᠳᠦᠪᠡᠷ ᠡᠳ᠋ᠯᠡᠬᠦ ᠠᠵᠢᠯᠯᠠᠭ᠎ᠠ ᠨᠢ ᠠᠷᠠᠳ ᠤᠯᠠᠨ ᠳᠤ ᠲᠦᠢᠯ ᠤᠨ ᠲᠦᠬᠦᠮ ᠦᠵᠡᠬᠦᠯᠪᠡ᠃ ᠤᠶᠢᠯᠠᠭᠠᠯᠳᠠ ᠪᠠᠷ᠂ ᠬᠢᠩᠭᠠᠨ ᠠᠶᠢᠮᠠᠭ ᠤᠨ 84 ᠡᠮᠨᠡᠯᠭᠡ ᠶᠢᠨ ᠬᠤᠷᠢᠶ᠎ᠠ ᠪᠡᠭᠡᠵᠢᠩ ᠬᠤᠳᠠ ᠶᠢᠨ 69 ᠡᠮᠨᠡᠯᠭᠡ ᠶᠢᠨ ᠬᠤᠷᠢᠶ᠎ᠠ ᠲᠠᠢ ᠬᠤᠤᠰᠯᠠᠯ ᠪᠠᠶᠢᠭᠤᠯᠵᠦ᠂ ᠡᠬᠦᠨ ᠳᠤ 4 ᠡᠮᠴᠢᠯᠡᠭᠡᠨ ᠤ ᠪᠠᠶᠢᠭᠤᠯᠤᠮᠵᠢ ᠨᠢ ᠪᠡᠭᠡᠵᠢᠩ ᠤᠨ ᠡᠮᠴᠢᠯᠡᠭᠡᠨ ᠤ ᠪᠠᠶᠢᠭᠤᠯᠤᠮᠵᠢ ᠲᠠᠢ ᠲᠤᠰᠬᠠᠢ ᠡᠮᠴᠢᠯᠡᠭᠡᠨ ᠤ ᠰᠠᠯᠠᠭ᠎ᠠ ᠶᠢᠨ ᠬᠤᠯᠪᠤᠭ᠎ᠠ ᠪᠠᠶᠢᠭᠤᠯᠵᠦ᠂ 10 ᠵᠦᠢᠯ ᠤᠨ ᠰᠢᠨ᠎ᠡ ᠮᠡᠷᠭᠡᠵᠢᠯ ᠢ ᠲᠠᠳᠠᠨ ᠤᠷᠤᠭᠤᠯᠵᠦ᠂ ᠨᠢᠭᠡ ᠪᠦᠯᠦᠭ ᠲᠡᠭᠡᠳᠦ ᠲᠡᠰ ᠤᠨ ᠮᠡᠷᠭᠡᠵᠢᠯ ᠪᠠ ᠲᠤᠬᠠᠶᠢᠯᠠᠭᠰᠠᠨ ᠠᠵᠢᠯ ᠤᠨ ᠬᠤᠭᠤᠰᠤᠨ ᠢ ᠨᠦᠬᠦᠪᠦᠷᠢᠯᠡᠪᠡ᠃    ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠤᠨ ᠠᠵᠢᠯ ᠤᠯᠭᠤᠬᠤ ᠶᠢ ᠠᠬᠢᠭᠤᠯᠪᠠ᠃ 2024 ᠤᠨ ᠳᠤ᠂ ᠬᠢᠩᠭᠠᠨ ᠠᠶᠢᠮᠠᠭ ᠤᠨ ᠬᠢᠨ ᠪᠡᠭᠡᠵᠢᠩ ᠦᠪᠦᠷ ᠮᠤᠩᠭᠤᠯ ᠤᠨ ᠬᠦᠳᠡᠯᠮᠦᠷᠢ ᠦᠢᠯᠡᠴᠢᠯᠡᠭᠡᠨ ᠤ ᠠᠵᠢᠯᠳᠠᠨ ᠤᠷᠢᠵᠦ ᠬᠡᠷᠡᠭᠯᠡᠬᠦ ᠠᠵᠢᠯᠯᠠᠭ᠎ᠠ ᠶᠢ 10 ᠲᠠᠯᠠᠪᠤᠷ ᠶᠠᠪᠤᠭᠳᠠᠭᠤᠯᠵᠦ᠂ ᠪᠡᠭᠡᠵᠢᠩ ᠪᠤᠯᠤᠨ ᠲᠤᠰ ᠭᠠᠵᠠᠷ ᠤᠨ 1736 ᠠᠵᠦ ᠠᠬᠤᠶᠢᠯᠠᠯ ᠢ ᠵᠤᠬᠢᠶᠠᠨ ᠪᠠᠶᠢᠭᠤᠯᠤᠨ᠂ ᠰᠦᠯᠵᠢᠶᠡᠨ ᠲᠡᠭᠡᠷᠡᠬᠢ ᠪᠠ ᠪᠤᠳᠠᠳᠤ ᠴᠤᠭᠴᠠ ᠶᠢᠨ ᠬᠡᠯᠪᠡᠷᠢ ᠪᠠᠷ 1.1 ᠲᠦᠮᠡᠨ ᠠᠵᠢᠯ ᠤᠨ ᠪᠠᠶᠢᠷᠢ ᠬᠠᠩᠭᠠᠪᠠ᠃ ︽ᠬᠢᠩᠭᠠᠨ ᠭᠡᠷ ᠤᠨ ᠶᠠᠪᠤᠳᠠᠯ︾ ᠵᠡᠷᠭᠡ ᠬᠦᠳᠡᠯᠮᠦᠷᠢ ᠦᠢᠯᠡᠴᠢᠯᠡᠭᠡ ᠶᠢᠨ ᠲᠦᠷᠦᠯ ᠲᠡᠮᠳᠡᠭ ᠢᠶᠠᠷ ᠰᠠᠭᠤᠷᠢ ᠪᠤᠯᠭᠠᠨ᠂ ᠪᠡᠭᠡᠵᠢᠩ ᠦᠪᠦᠷ ᠮᠤᠩᠭᠤᠯ ᠤᠨ ᠬᠦᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠪᠤᠯᠪᠠᠰᠤᠷᠠᠯ ᠤᠨ ᠠᠩᠬᠢ ᠶᠢ 37 ᠬᠤᠭᠤᠴᠠᠭ᠎ᠠ ᠡᠷᠬᠢᠯᠡᠵᠦ᠂ 1423 ᠬᠦᠮᠦᠨ ᠢ ᠪᠤᠯᠪᠠᠰᠤᠷᠠᠭᠤᠯᠪᠠ᠃ ᠪᠡᠭᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠵᠠᠮ ᠬᠠᠷᠢᠯᠴᠠᠭᠠᠨ ᠤ ᠨᠦᠬᠦᠪᠦᠷᠢ ᠮᠦᠩᠬᠦ᠂ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠬᠤ ᠨᠦᠬᠦᠪᠦᠷᠢ ᠮᠦᠩᠬᠦ ᠶᠢ ᠨᠡᠶᠢᠳᠡ 222.37 ᠲᠦᠮᠡᠨ ᠲᠦᠭᠦᠷᠢᠭ ᠲᠠᠷᠬᠠᠭᠠᠵᠦ᠂ 2441 ᠬᠥᠮᠦᠨ ᠳᠤ ᠠᠰᠢᠭ ᠬᠦᠷᠲᠡᠭᠡᠪᠡ᠃ ᠣᠲᠣ ᠪᠣᠯᠲᠠᠯ᠎ᠠ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ᠲᠠᠮᠵᠢᠨ 8479 ᠬᠦᠮᠦᠨ ᠠᠵᠢᠯ ᠤᠯᠤᠭᠰᠠᠨ ᠪᠠᠶᠢᠨ᠎ᠠ᠃    ᠤᠯᠠᠨ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠲᠤᠭᠳᠠᠭᠤᠨ ᠢᠶᠠᠷ ᠲᠡᠭᠡᠭᠰᠢᠯᠡᠪᠡ᠃ ᠬᠢᠩᠭᠠᠨ ᠠᠶᠢᠮᠠᠭ ᠤᠨ 157 ᠳᠤᠮᠳᠠᠳᠤ ᠪᠠᠭ᠎ᠠ ᠰᠤᠷᠭᠠᠭᠤᠯᠢ ᠪᠤᠯᠤᠨ ᠪᠡᠭᠡᠵᠢᠩ ᠬᠤᠳᠠ ᠶᠢᠨ 96 ᠰᠤᠷᠭᠠᠭᠤᠯᠢ ᠬᠤᠤᠰᠯᠠᠯ ᠪᠠᠶᠢᠭᠤᠯᠵᠦ᠂ 47 ᠰᠤᠷᠭᠠᠭᠤᠯᠢ ᠶᠢᠨ ᠵᠠᠬᠢᠷᠤᠯ ᠢ ᠰᠣᠩᠭᠤᠨ ᠪᠡᠭᠡᠵᠢᠩ ᠬᠤᠳᠠ ᠳᠤ ᠤᠴᠢᠭᠤᠯᠵᠦ᠂ ᠨᠡᠷ᠎ᠡ ᠠᠯᠳᠠᠷᠳᠠᠢ ᠪᠠᠭᠰᠢ ᠶᠢ ᠲᠠᠭᠠᠨ ᠪᠤᠯᠪᠠᠰᠤᠷᠠᠯ ᠳᠤ ᠤᠷᠤᠯᠴᠠᠵᠦ᠂ ᠪᠠᠭᠰᠢ ᠶᠢᠨ ᠰᠤᠳᠤᠯᠤᠨ ᠰᠤᠷᠤᠯᠴᠠᠬᠤ ᠬᠠᠮᠳᠦ ᠶᠢᠨ ᠴᠤᠭᠴᠠ ᠶᠢ 110 ᠪᠠᠶᠢᠭᠤᠯᠵᠦ᠂ ᠪᠦᠬᠦ ᠠᠶᠢᠮᠠᠭ ᠤᠨ ᠰᠤᠷᠭᠠᠨ ᠬᠦᠮᠦᠵᠢᠯ ᠤᠨ ᠬᠦᠭᠵᠢᠯᠳᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃    ᠴᠢᠳᠠᠪᠤᠷᠢᠲᠠᠨ ᠤ ︽ᠰᠢᠪᠲᠤᠯᠤᠯᠲᠠ︾ ᠶᠢ ᠬᠠᠮᠲᠤᠪᠠᠷ ᠠᠳᠬᠤᠵᠦ᠂ ︽ᠴᠢᠰᠤ ᠪᠦᠲᠦᠭᠡᠬᠦ︾ ᠪᠠ ︽ᠴᠢᠰᠤ ᠶᠡᠭᠦᠯᠡᠬᠦ︾ ᠢᠢ ᠵᠡᠷᠭᠡᠪᠡᠷ ᠴᠢᠬᠤᠯᠠᠴᠢᠯᠠᠭᠰᠠᠨ ᠠᠴᠠ ᠰᠤᠷᠭᠠᠨ ᠬᠦᠮᠦᠵᠢᠯ᠂ ᠡᠮ ᠡᠮᠨᠡᠯᠭᠡ ᠶᠢᠨ ᠬᠦᠷᠢᠶᠠᠨ ᠳᠠᠬᠢ ᠲᠤᠳᠠᠭᠤᠳᠠᠯ ᠢᠶᠠᠨ ᠪᠦᠳᠦᠮᠵᠢᠳᠡᠢ ᠨᠦᠬᠦᠪᠦᠷᠢᠯᠡᠭᠰᠡᠨ ᠢᠶᠠᠷ ᠪᠠᠷᠠᠬᠤ ᠦᠭᠡᠢ ᠲᠠᠷᠢᠶᠠᠯᠠᠩ ᠤᠨ ᠠᠵᠦ ᠦᠢᠯᠡᠰ ᠤᠨ ᠬᠦᠭᠵᠢᠯᠳᠡ ᠳᠤ ᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠳᠦ ᠵᠢᠬᠦᠷ ᠤᠷᠭᠤᠭᠤᠯᠤᠭᠰᠠᠨ ᠪᠠᠶᠢᠨ᠎ᠠ᠃    ᠣᠶᠢᠷ᠎ᠠ ᠶᠢᠨ ᠵᠢᠯ ᠳᠤ᠂ ᠪᠡᠭᠡᠵᠢᠩ ᠬᠤᠳᠠ ᠶᠢᠨ ᠡᠯ᠎ᠡ ᠲᠦᠷᠦᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠭᠤᠤᠯ ᠴᠤᠭᠴᠠ ᠬᠢᠩᠭᠠᠨ ᠠᠶᠢᠮᠠᠭ ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ 100 ᠭᠠᠷᠤᠶ ᠪᠠᠶᠢᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠪᠦᠳᠦᠭᠡᠭᠳᠡᠬᠦᠨ ᠢ ᠡᠳ᠋ᠰᠢᠬᠦᠯᠦᠨ ᠪᠤᠯᠪᠠᠰᠤᠷᠠᠭᠤᠯᠬᠤ ᠰᠤᠳᠤᠯᠭᠠᠨ ᠤ ᠭᠠᠵᠠᠷ ᠤᠨ ᠰᠢᠨᠵᠢᠯᠡᠬᠦ ᠤᠬᠠᠭᠠᠨᠲᠠᠨ ᠤ ᠠᠵᠢᠯ ᠤᠨ ᠦᠷᠳᠡᠭᠡ᠂ ᠬᠢᠩᠭᠠᠨ ᠤ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠪᠠᠰᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠾᠧᠩ ᠵᠢᠶᠠ ᠵᠢᠮᠢᠰ ᠤᠨ ᠦᠢᠯᠡᠰ ᠤᠨ ᠬᠢᠵᠠᠭᠠᠷᠲᠤ ᠺᠣᠮᠫᠠᠨᠢ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠳᠤ ᠫᠠᠶᠢᠰᠠ ᠡᠯᠬᠦᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠨᠳᠤᠯᠭ᠎ᠠ ᠲᠠᠢ ᠬᠠᠮᠳᠤᠷᠠᠯᠴᠠᠭᠠᠨ ᠤ 11 ᠲᠦᠷᠦᠯ ᠵᠦᠢᠯ ᠨᠢ ᠲᠤᠰᠬᠠᠢ ᠮᠡᠷᠭᠡᠵᠢᠯᠳᠡᠨ ᠤ ᠬᠢᠨᠠᠨ ᠰᠢᠯᠭᠠᠷᠠᠭᠤᠯᠤᠯᠳᠠ ᠳᠤ ᠤᠷᠤᠭᠰᠢᠳᠠᠢ ᠪᠠᠷ ᠬᠢᠷᠢ ᠲᠡᠩᠴᠡᠵᠦ᠂ 700 ᠲᠦᠮᠡᠨ ᠲᠦᠭᠦᠷᠢᠭ ᠤᠨ ᠲᠡᠮᠵᠢᠯᠭᠡ ᠶᠢᠨ ᠪᠡᠯᠡ ᠮᠦᠩᠬᠦ ᠤᠯᠤᠭᠰᠠᠨ ᠪᠠᠶᠢᠨ᠎ᠠ᠃                   · ᠲᠤᠯᠭᠠᠭᠤᠷᠢ    ᠭᠡᠭᠡ   ᠡᠤ ᠭᠧᠨ ᠰᠢᠶᠦ᠋ᠩ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号