ᠡᠮᠴᠢᠯᠡᠬᠡᠡ ᠤ ᠦᠢᠯᠡᠴᠢᠯᠡᠭᠡ ᠪᠠᠨ ᠰᠢᠯᠢᠳᠡᠭᠵᠢᠬᠦᠯᠦᠨ ᠤᠯᠠᠨ ᠲᠦᠮᠡᠨ ᠤ ᠡᠷᠡᠬᠦᠯ ᠮᠡᠨᠳᠤ ᠶᠢ ᠬᠠᠮᠠᠭᠠᠯᠠᠨᠠᠮ
ᠨᠡᠶᠢᠲᠡᠯᠡᠭᠰᠡᠨ ᠴᠠᠭ᠄
2025/1/3
     — ᠬᠢᠨᠭ᠍ᠭᠠᠨ ᠠᠶᠢᠮᠠᠭ ᠤᠨ 2024 ᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠠᠵᠢᠯ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢᠨ ᠲᠤᠬᠠᠢ ᠲᠡᠮᠳᠡᠭᠯᠡᠯ      — ᠬᠢᠨᠭ᠍ᠭᠠᠨ ᠠᠶᠢᠮᠠᠭ ᠤᠨ ᠠᠷᠠᠳ ᠤᠨ ᠡᠮᠨᠡᠯᠬᠡ ᠶᠢᠨ ᠬᠤᠷᠢᠶ᠎ᠠ ︽5G + ᠲᠦᠷᠬᠡᠨ ᠡᠮᠨᠡᠯᠬᠡ ᠪᠠᠴᠢᠮ ᠠᠪᠦᠷᠠᠯᠳᠠ︾ ᠶᠢᠨ ᠰᠢᠰᠲ᠋ᠧᠮ ᠢ ᠪᠠᠶᠢᠭᠤᠯᠵᠦ᠂ ᠠᠮᠢ ᠨᠠᠰᠦ ᠶᠢ ᠠᠪᠦᠷᠠᠨ ᠲᠤᠰᠠᠯᠠᠬᠤ ︽ᠲᠦᠷᠬᠡᠨ ᠬᠦᠯᠢᠶᠡᠨ ᠠᠪᠴᠦ ᠲᠦᠷᠬᠡᠨ ᠤᠨᠤᠰᠢᠯᠠᠵᠦ ᠲᠦᠷᠬᠡᠨ ᠵᠠᠰᠠᠬᠤ︾ ᠶᠢ ᠪᠡᠶᠡᠯᠡᠬᠦᠯᠵᠡᠢ᠃     — ᠬᠢᠨᠭ᠍ᠭᠠᠨ ᠠᠶᠢᠮᠠᠭ ᠤᠨ ᠴᠢᠬᠢ ᠬᠠᠮᠠᠷ ᠬᠤᠭᠤᠯᠠᠢ ᠶᠢᠨ ᠰᠠᠯᠠᠭᠠᠨ ᠤ ᠤᠨᠤᠰᠢᠯᠠᠨ ᠵᠠᠰᠠᠬᠤ ᠲᠦᠪ ᠨᠢ ᠦᠪᠡᠷᠳᠡᠬᠡᠨ ᠵᠠᠰᠠᠬᠤ ᠤᠷᠤᠨ ᠤ ᠰᠢᠶᠠᠨ ᠤ ᠲᠡᠰ ᠤᠨ ᠡᠮᠨᠡᠯᠬᠡ ᠶᠢᠨ ᠬᠤᠷᠢᠶ᠎ᠠ ᠶᠢᠨ ᠬᠠᠮᠤᠭ ᠠᠩᠬᠠᠨ ᠤ 70 ᠨᠠᠰᠦᠨ ᠠᠴᠠ ᠲᠡᠭᠡᠭᠰᠢᠬᠢ ᠦᠨᠳᠦᠷ ᠨᠠᠰᠦᠳᠠᠨ ᠳᠤ ᠬᠦᠮᠦᠨ ᠤ ᠬᠦᠴᠦ ᠪᠠᠷ ᠴᠢᠬᠢᠨ ᠲᠤᠩ ᠢ ᠠᠮᠵᠢᠯᠳᠠ ᠲᠠᠢ ᠤᠬᠰᠠᠷᠠᠵᠦ᠂ ᠪᠦᠬᠦ ᠠᠶᠢᠮᠠᠭ ᠤᠨ ᠲᠦᠷᠦᠬᠦᠤ ᠨᠢᠬᠡ ᠵᠢᠱᠢᠶ᠎ᠡ ᠪᠤᠯᠵᠠᠢ᠃     — ᠬᠢᠨᠭ᠍ᠭᠠᠨ ᠠᠶᠢᠮᠠᠭ ᠪᠦᠬᠦ ᠤᠷᠤᠨ ᠳᠤ ᠬᠠᠮᠤᠭ ᠲᠦᠷᠦᠬᠦᠨ ᠳᠤ ︽ᠲᠤᠰᠬᠠᠢ ᠮᠡᠷᠬᠡᠵᠢᠯ + ᠪᠦᠬᠦ ᠲᠠᠯ᠎ᠠ + ᠰᠡᠷᠬᠡᠶᠢᠯᠡᠯᠳᠡ︾ ᠭᠤᠷᠪᠠ ᠶᠢ ᠠᠭᠤᠰᠤᠯᠴᠠᠭᠤᠯᠤᠬᠰᠠᠨ ᠵᠦᠪᠯᠡᠯᠴᠡᠭᠡᠷ ᠲᠤᠬᠳᠠᠬᠤ ᠦᠢᠯᠡᠴᠢᠯᠡᠭᠡ ᠶᠢᠨ ᠪᠦᠯᠬᠦᠮ ᠢ ᠪᠠᠶᠢᠭᠤᠯᠵᠦ᠂ ᠤᠯᠠᠨ ᠲᠦᠮᠡᠨ ᠳᠤ ᠪᠠᠳᠦ ᠴᠢᠩᠭ᠎ᠠ ᠡᠮᠴᠢᠯᠡᠬᠡᠨ ᠤ ᠪᠠᠳᠦᠯᠠᠭ᠎ᠠ ᠬᠠᠨᠭ᠍ᠭᠠᠵᠦ ᠪᠠᠶᠢᠭ᠎ᠠ ᠬᠡᠷ ᠪᠦᠯᠢ ᠶᠢᠨ ᠡᠮᠴᠢ ᠶᠢᠨ ᠲᠤᠭ᠎ᠠ 2525 ᠪᠤᠯᠵᠠᠢ᠃     2024 ᠤᠨ ᠳᠤ᠂ ᠬᠢᠨᠭ᠍ᠭᠠᠨ ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠠᠵᠢᠯ ᠦᠷᠨᠢᠩᠬᠦᠢ ᠬᠦᠭᠵᠢᠯᠳᠡ ᠲᠠᠢ ᠪᠤᠯᠵᠦ᠂ ︽ᠡᠷᠡᠬᠦᠯ ᠡᠩᠬᠡ ᠬᠢᠨᠭ᠍ᠭᠠᠨ︾ ᠤ ᠪᠠᠶᠢᠭᠤᠯᠤᠯᠳᠠ ᠶᠢ ᠪᠦᠬᠦ ᠬᠦᠴᠦ ᠪᠠᠷ ᠠᠬᠢᠭᠤᠯᠵᠠᠢ᠃     ᠤᠶᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠦᠨ ᠲᠤᠮᠳᠠᠳᠤ ᠬᠤᠰᠢᠭᠤᠨ ᠤ ᠯᠢᠤ ᠡᠪᠦᠬᠡᠨ ᠤ ᠴᠡᠭᠡᠵᠢ ᠨᠢ ᠬᠡᠨᠡᠳᠳᠡ ᠡᠪᠡᠳᠴᠦ᠂ ᠬᠢᠨᠭ᠍ᠭᠠᠨ ᠠᠶᠢᠮᠠᠭ ᠤᠨ ᠠᠷᠠᠳ ᠤᠨ ᠡᠮᠨᠡᠯᠬᠡ ᠶᠢᠨ ᠬᠤᠷᠢᠶ᠎ᠠ ᠶᠢᠨ ᠴᠡᠭᠡᠵᠢ ᠡᠪᠡᠳᠬᠦ ᠶᠢ ᠵᠠᠰᠠᠬᠤ ᠲᠦᠪ ᠲᠠᠢ ᠬᠠᠷᠢᠯᠴᠠᠵᠦ᠂ ᠬᠢᠨᠭ᠍ᠭᠠᠨ ᠠᠶᠢᠮᠠᠭ ᠤᠨ 5G + ᠪᠠᠴᠢᠮ ᠠᠶᠦᠯᠳᠡᠢ ᠬᠦᠨᠳᠤ ᠡᠪᠡᠳᠴᠢᠳᠡᠨ ᠢ ᠠᠪᠦᠷᠠᠨ ᠲᠤᠰᠠᠯᠠᠬᠤ ᠵᠢᠯᠤᠭᠤᠳᠬᠤ ᠲᠦᠪ ᠤᠨ ᠲᠡᠪᠴᠡᠩ ᠳᠤ ᠲᠦᠰᠢᠭᠯᠡᠨ᠂ ᠲᠡᠭᠡᠷ᠎ᠡ ᠲᠤᠤᠷ᠎ᠠ ᠱᠠᠳᠦ ᠪᠠᠷ ᠢᠶᠠᠨ ᠬᠤᠯᠪᠤᠭᠠᠯᠠᠨ ᠪᠠᠴᠢᠮ ᠠᠪᠦᠷᠠᠯᠳᠠ ᠶᠢᠨ ᠵᠠᠮ ᠢ ᠨᠡᠬᠡᠬᠡᠵᠦ᠂ ᠴᠠᠭ ᠮᠦᠴᠡ ᠲᠠᠢ ᠤᠷᠤᠯᠳᠤᠨ ᠯᠢᠤ ᠡᠪᠦᠬᠡᠨ ᠤ ᠠᠮᠢ ᠶᠢ ᠠᠪᠦᠷᠠᠵᠠᠢ᠃     ᠯᠢᠤ ᠡᠪᠦᠭᠡᠨ ᠢ ᠦᠳᠳᠡᠷ ᠲᠦᠷᠭᠡᠨ ᠠᠪᠦᠷᠠᠵᠦ ᠲᠡᠶᠢᠯᠦᠭᠰᠡᠨ ᠨᠢ 5G + ᠪᠠᠴᠢᠮ ᠠᠶᠦᠯᠳᠡᠢ ᠬᠦᠨᠳᠤ ᠡᠪᠡᠳᠴᠢᠳᠡᠨ ᠢ ᠠᠪᠦᠷᠠᠨ ᠲᠤᠰᠠᠯᠠᠬᠤ ᠵᠢᠯᠤᠭᠤᠳᠬᠤ ᠲᠦᠪ ᠤᠨ ᠲᠡᠪᠴᠡᠩ ᠤᠨ ᠬᠠᠨᠭ᠍ᠭᠠᠬᠰᠠᠨ ᠰᠤᠷᠠᠭ ᠵᠠᠩᠬᠢ ᠶᠢ ᠬᠠᠮᠳᠤᠪᠡᠷ ᠡᠳ᠋ᠯᠡᠬᠦ᠂ ᠠᠯᠦᠰ ᠡᠵᠡᠮᠰᠢᠯ ᠢᠶᠠᠷ ᠤᠨᠤᠰᠢᠯᠠᠬᠤ᠂ ᠪᠠᠴᠢᠮ ᠠᠪᠤᠷᠠᠯᠳᠠ ᠶᠢ ᠵᠢᠯᠤᠭᠤᠳᠬᠤ ᠵᠡᠷᠭᠡ ᠴᠢᠳᠠᠪᠬᠢ ᠶᠢᠨ ᠰᠠᠶᠢᠨ ᠪᠤᠯᠤᠨ᠎ᠠ᠃ ᠲᠤᠰ ᠲᠡᠪᠴᠡᠩ ᠨᠢ ᠡᠪᠡᠳᠴᠢᠳᠡᠳ ᠤᠨ ︽ᠪᠠᠴᠢᠮ ᠠᠪᠦᠷᠠᠯᠳᠠ ᠶᠢᠨ ᠲᠡᠷᠬᠡᠨ ᠳᠤ ᠭᠠᠷᠪᠠᠯ ᠲᠠᠷᠦᠢ ᠡᠮᠨᠡᠯᠬᠡ ᠶᠢᠨ ᠬᠤᠷᠢᠶᠠᠨ ᠳᠤ ᠰᠠᠭᠤᠬᠤ︾ ᠶᠢ ᠪᠡᠶᠡᠯᠡᠬᠦᠯᠵᠦ᠂ ᠪᠠᠴᠢᠮ ᠠᠪᠦᠷᠠᠯᠳᠠ ᠶᠢᠨ ᠮᠠᠰᠢᠨ ᠳᠤ 5G ᠤᠶᠤᠨᠳᠤ ᠰᠦᠯᠵᠢᠶ᠎ᠡ ᠪᠠᠷ ᠪᠠᠴᠢᠮ ᠠᠪᠦᠷᠠᠨ ᠲᠤᠰᠠᠯᠠᠬᠤ ᠵᠦᠬᠡᠯᠡᠨ ᠲᠤᠨᠤᠭ ᠲᠤᠬᠢᠷᠠᠭᠤᠯᠵᠦ᠂ ᠭᠤᠤᠯ ᠡᠮᠨᠡᠯᠬᠡ ᠶᠢᠨ ᠬᠤᠷᠢᠶ᠎ᠠ ᠲᠠᠢ ᠬᠠᠷᠢᠯᠴᠠᠨ ᠨᠡᠪᠳᠡᠷᠡᠯᠴᠡᠬᠦ ᠶᠢ ᠪᠡᠶᠡᠯᠡᠬᠦᠯᠵᠡᠢ᠃ ᠡᠬᠦᠨ ᠤ ᠬᠠᠮᠳᠤ᠂ 5G + ᠪᠠᠴᠢᠮ ᠠᠶᠦᠯᠳᠡᠢ ᠬᠦᠨᠳᠤ ᠡᠪᠡᠳᠴᠢᠳᠡᠨ ᠢ ᠠᠪᠦᠷᠠᠨ ᠲᠤᠰᠠᠯᠠᠬᠤ ᠰᠢᠯᠵᠢᠮᠡᠯ ᠲᠤᠨᠤᠭ ᠨᠢ ᠪᠠᠰᠠ ᠡᠪᠡᠳᠴᠢᠳᠡᠳ ᠲᠤ ᠳ᠋ᠤᠭᠠᠷᠯᠠᠬᠤ ᠪᠠ ᠡᠮᠨᠡᠯᠬᠡ ᠳᠤ ᠰᠠᠭᠤᠬᠤ ᠭᠠᠷ ᠬᠦᠢᠴᠡᠳᠭᠡᠯ ᠬᠢᠵᠦ ᠦᠭᠴᠦ ᠲᠡᠶᠢᠯᠬᠦ ᠪᠤᠯᠤᠭᠰᠠᠨ ᠪᠦᠭᠡᠳ ᠡᠮᠨᠡᠯᠬᠡ ᠳᠤ ᠰᠠᠭᠤᠬᠤ ᠠᠴᠠ ᠡᠮᠦᠨᠡᠬᠢ ᠪᠠᠴᠢᠮ ᠠᠪᠦᠷᠠᠯᠳᠠ ᠪᠤᠯᠤᠨ ᠡᠮᠨᠡᠯᠬᠡ ᠶᠢᠨ ᠬᠤᠷᠢᠶᠠᠨ ᠤ ᠲᠦᠷᠭᠡᠨ ᠠᠪᠦᠷᠠᠬᠤ ᠲᠠᠢ ᠨᠢᠬᠳᠠ ᠵᠤᠯᠭᠠᠭᠤᠯᠵᠦ᠂ ᠡᠪᠡᠳᠴᠢᠳᠡᠳ ᠤᠨ ᠬᠦᠯᠢᠶᠡᠬᠦ ᠴᠠᠭ ᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠵᠦ᠂ ᠦᠢᠯᠡᠴᠢᠯᠡᠬᠡᠨ ᠤ ᠬᠢᠷᠢ ᠲᠦᠪᠰᠢᠨ ᠪᠠ ᠠᠪᠦᠷᠠᠨ ᠲᠤᠰᠠᠯᠠᠬᠤ ᠨᠤᠷᠮ᠎ᠠ ᠶᠢ ᠲᠡᠭᠡᠭᠰᠢᠯᠡᠬᠦᠯᠵᠡᠢ᠃     ᠬᠢᠨᠭ᠍ᠭᠠᠨ ᠠᠶᠢᠮᠠᠭ ᠤᠨ ᠠᠷᠠᠳ ᠤᠨ ᠡᠮᠨᠡᠯᠬᠡ ᠶᠢᠨ ᠬᠤᠷᠢᠶ᠎ᠠ ᠶᠢᠨ ᠨᠠᠮ ᠤᠨ ᠬᠤᠷᠢᠶᠠᠨ ᠤ ᠱᠦᠵᠢ ᠡᠤ ᠰᠢ᠄ ︽ᠲᠦᠷᠬᠡᠨ ᠴᠢᠨᠠᠷᠳᠠᠢ ᠵᠢᠷᠦᠬᠡᠨ ᠰᠤᠳᠠᠯ ᠲᠦᠭᠵᠢᠷᠡᠭᠰᠡᠨ ᠡᠪᠡᠳᠴᠢᠳᠡᠨ ᠢ ᠠᠪᠦᠷᠠᠨ ᠵᠠᠰᠠᠬᠤ ᠳᠤ ᠡᠷᠬᠡᠪᠰᠢ ᠴᠠᠭ ᠮᠦᠴᠡ ᠲᠠᠢ ᠤᠷᠤᠯᠳᠤᠬᠤ ᠬᠡᠷᠡᠭᠳᠡᠢ᠃ 5G+ ᠪᠠᠴᠢᠮ ᠠᠶᠦᠯᠳᠡᠢ ᠬᠦᠨᠳᠤ ᠡᠪᠡᠳᠴᠢᠳᠡᠨ ᠢ ᠠᠪᠦᠷᠠᠨ ᠲᠤᠰᠠᠯᠠᠬᠤ ᠵᠢᠯᠤᠭᠤᠳᠬᠤ ᠲᠦᠪ ᠢᠶᠠᠷ ᠲᠠᠮᠵᠢᠭᠤᠯᠤᠨ ᠤᠯᠠᠩᠬᠢ ᠲᠦᠷᠭᠡᠨ ᠠᠪᠦᠷᠠᠯᠳᠠ ᠶᠢ ᠪᠠᠴᠢᠮ ᠠᠪᠦᠷᠠᠯᠳᠠ ᠶᠢᠨ ᠲᠡᠷᠬᠡᠨ ᠲᠡᠭᠡᠷ᠎ᠡ ᠲᠠᠷᠦᠢ ᠬᠦᠢᠴᠡᠳᠬᠡᠵᠦ ᠲᠡᠶᠢᠯᠦᠨ᠎ᠡ︾ ᠬᠡᠵᠦ ᠲᠠᠨᠢᠯᠴᠠᠭᠤᠯᠵᠦ ᠪᠠᠶᠢᠯ᠎ᠠ᠃ ᠲᠤᠰ ᠲᠡᠪᠴᠡᠩ ᠢ ᠠᠰᠢᠬᠯᠠᠯᠳᠠ ᠳᠤ ᠤᠷᠤᠭᠤᠯᠤᠬᠰᠠᠨ ᠠᠴᠠ ᠨᠠᠭᠠᠰᠢ᠂ ᠠᠪᠦᠷᠠᠨ ᠵᠠᠰᠠᠬᠤ ᠴᠠᠭ ᠢ ᠲᠡᠭᠰᠢᠳᠭᠡᠭᠡᠳ 91.73 ᠮᠢᠨᠦ᠋ᠲ ᠠᠴᠠ 68.29 ᠮᠢᠨᠦ᠋ᠲ ᠪᠤᠯᠳᠠᠯ᠎ᠠ ᠪᠤᠭᠤᠨᠢᠰᠬᠠᠵᠦ᠂ ᠠᠪᠦᠷᠠᠨ ᠵᠠᠰᠠᠬᠤ ᠨᠤᠷᠮ᠎ᠠ ᠨᠢ ᠲᠡᠭᠰᠢᠳᠭᠡᠭᠡᠳ 98.3% ᠠᠴᠠ ᠲᠡᠭᠡᠭᠰᠢᠯᠡᠭᠡᠳ 99.2% ᠲᠤ ᠬᠦᠷᠴᠠᠢ᠃     ᠬᠢᠨᠭ᠍ᠭᠠᠨ ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠤᠨ ᠲᠡᠳ᠋ ᠡᠷᠬᠢᠯᠡᠭᠴᠢ ᠰᠢᠤᠢ ᡁᠢ ᠰᠢᠨ᠄ ︽ᠬᠢᠨᠭ᠍ᠭᠠᠨ ᠠᠶᠢᠮᠠᠭ ᠶᠠᠭ ᠰᠠᠶ᠋ᠢᠬᠠᠨ ᠡᠮᠴᠢᠯᠡᠬᠡᠨ ᠤ ᠰᠢᠰᠲ᠋ᠧᠮ ᠤᠨ ᠰᠤᠷᠠᠭ ᠵᠠᠩᠬᠢᠵᠢᠯᠳᠠ ᠶᠢᠨ ᠪᠠᠶᠢᠭᠤᠯᠤᠯᠳᠠ ᠶᠢᠨ ᠠᠯᠬᠤᠭ᠎ᠠ ᠪᠠᠨ ᠪᠦᠬᠦ ᠬᠦᠴᠦ ᠪᠠᠷ ᠲᠦᠷᠭᠡᠳᠬᠡᠵᠦ ᠪᠤᠢ᠃ ᠤᠳᠤ᠂ ᠷᠠᠰᠢᠶᠠᠨ ᠬᠤᠳᠠ ᠠᠴᠠ ᠪᠤᠰᠤᠳ ᠬᠤᠰᠢᠭᠤ ᠰᠢᠶᠠᠨ ᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠪᠤᠯᠤᠨ ᠰᠤᠮᠤ ᠰᠢᠶᠠᠩ ᠪᠠᠯᠭᠠᠰᠦ ᠶᠢᠨ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠰᠦᠯᠵᠢᠶ᠎ᠡ ᠨᠢᠬᠡᠨᠳᠡ ᠪᠦᠬᠦᠨ ᠢᠶᠠᠷ ᠢᠶᠠᠨ ᠬᠠᠷᠢᠯᠴᠠᠨ ᠨᠡᠪᠳᠡᠷᠡᠵᠦ᠂ ᠵᠢᠷᠦᠬᠡᠨ ᠴᠠᠬᠢᠯᠭᠠᠨ᠂ ᠰᠢᠯᠭᠠᠨ ᠪᠠᠶᠢᠴᠠᠭᠠᠬᠤ᠂ ᠵᠢᠷᠤᠭ ᠲᠦᠷᠰᠦ ᠶᠢᠨ ᠰᠢᠰᠲᠤᠮ ᠢ ᠲᠤᠷᠤᠬᠰᠢ ᠪᠠᠭᠤᠯᠭᠠᠬᠤ ᠪᠠᠶᠢᠭᠤᠯᠤᠯᠳᠠ ᠶᠢᠨ ᠠᠵᠢᠯ ᠢ ᠪᠦᠬᠦᠨ ᠢ ᠲᠠᠭᠤᠰᠬᠠᠵᠠᠢ᠃ ᠤᠶᠤᠨᠳᠤ ᠡᠮᠴᠢᠯᠡᠬᠡᠨ ᠤ ᠲᠦᠬᠡᠮᠡᠯᠵᠢᠬᠦᠯᠦᠯᠳᠡ ᠪᠠ ᠬᠡᠷᠡᠭᠯᠡᠯᠳᠡ ᠶᠢ ᠲᠠᠭᠠᠯᠳᠤᠨ᠂ ︽ᠠᠯᠦᠰ ᠡᠵᠡᠮᠰᠢᠯ ᠢᠶᠠᠷ ᠤᠨᠤᠰᠢᠯᠠᠬᠤ︾ ᠪᠤᠯᠤᠨ ︽ᠡᠬᠦᠯᠡᠨ ᠠᠰᠠᠭᠤᠨ ᠤᠨᠤᠰᠢᠯᠠᠬᠤ︾ ᠵᠡᠷᠭᠡ ᠲᠡᠷᠢᠬᠦᠨ ᠤ ᠡᠮᠴᠢᠯᠡᠬᠡᠨ ᠤ ᠦᠢᠯᠡᠴᠢᠯᠡᠭᠡ ᠶᠢᠨ ᠵᠠᠬᠪᠦᠷ ᠢ ᠦᠨᠳᠦᠰᠦᠨ ᠱᠠᠳᠦᠨ ᠳᠤ ᠲᠦᠬᠡᠮᠡᠯᠵᠢᠬᠦᠯᠵᠦ᠂ ᠤᠯᠠᠨ ᠲᠦᠮᠡᠨ ᠤ ᠡᠪᠡᠳᠴᠢᠨ ᠦᠵᠡᠬᠦᠯᠬᠦ ᠳᠤ ᠲᠦᠬᠦᠮ ᠦᠵᠡᠬᠦᠯᠦᠭᠰᠡᠨ ᠪᠦᠭᠡᠳ ᠨᠡᠷᠡᠳᠤ ᠡᠮᠨᠡᠯᠬᠡ ᠶᠢᠨ ᠬᠤᠷᠢᠶ᠎ᠠ ᠪᠤᠯᠤᠨ ᠲᠤᠰᠬᠠᠢ ᠮᠡᠷᠬᠡᠵᠢᠯᠳᠡᠳ ᠨᠢ ᠪᠦᠬᠦ ᠠᠶᠢᠮᠠᠭ ᠤᠨ ᠡᠮᠴᠢᠯᠡᠬᠡᠨ ᠤ ᠴᠢᠨᠠᠷ ᠴᠢᠨᠰᠠᠭ᠎ᠠ ᠶᠢ ᠠᠬᠢᠭᠤᠯᠬᠤ ᠴᠢᠬᠤᠯᠠ ᠲᠡᠪᠴᠡᠩ ᠪᠠ ᠬᠦᠴᠤᠨ ᠪᠤᠯᠵᠠᠢ᠃     ᠤᠳᠤ᠂ ᠤᠯᠤᠰ ᠤᠨ ᠴᠢᠬᠢ ᠬᠠᠮᠠᠷ ᠬᠤᠭᠤᠯᠠᠢ ᠶᠢᠨ ᠰᠠᠯᠠᠭᠠᠨ ᠤ ᠰᠤᠳᠤᠯᠭᠠᠨ ᠤ ᠲᠦᠪ ᠤᠨ ᠠᠯᠦᠰ ᠡᠵᠡᠮᠰᠢᠯ ᠤᠨ ᠵᠢᠯᠤᠭᠤᠳᠤᠯᠭ᠎ᠠ ᠲᠤᠤᠷ᠎ᠠ᠂ ᠬᠢᠨᠭ᠍ᠭᠠᠨ ᠠᠶᠢᠮᠠᠭ ᠤᠨ ᠴᠢᠬᠢ ᠬᠠᠮᠠᠷ ᠬᠤᠭᠤᠯᠠᠢ ᠶᠢᠨ ᠰᠠᠯᠠᠭᠠᠨ ᠤ ᠤᠨᠤᠰᠢᠯᠠᠬᠤ ᠲᠦᠪ ᠨᠢ ᠦᠪᠡᠷᠳᠡᠬᠡᠨ ᠵᠠᠰᠠᠬᠤ ᠤᠷᠤᠨ ᠤ ᠰᠢᠶᠠᠨ ᠤ ᠲᠡᠰ ᠤᠨ ᠡᠮᠨᠡᠯᠬᠡ ᠶᠢᠨ ᠬᠤᠷᠢᠶ᠎ᠠ ᠶᠢᠨ ᠬᠠᠮᠤᠭ ᠠᠩᠬᠠᠨ ᠤ 70 ᠨᠠᠰᠦᠨ ᠠᠴᠠ ᠲᠡᠭᠡᠭᠰᠢᠬᠢ ᠦᠨᠳᠦᠷ ᠨᠠᠰᠦᠳᠠᠢ ᠨᠠᠰᠦᠳᠠᠨ ᠳᠤ ᠬᠦᠮᠦᠨ ᠤ ᠬᠦᠴᠦ ᠪᠠᠷ ᠴᠢᠬᠢᠨ ᠲᠤᠩ ᠢ ᠠᠮᠵᠢᠯᠳᠠ ᠲᠠᠢ ᠤᠬᠰᠠᠷᠠᠵᠦ᠂᠂ ᠪᠦᠬᠦ ᠠᠶᠢᠮᠠᠭ ᠤᠨ ᠬᠠᠮᠤᠭ ᠠᠩᠬᠠᠨ ᠤ ᠨᠢᠬᠡ ᠵᠢᠱᠢᠶ᠎ᠠ ᠪᠤᠯᠵᠠᠢ᠃     ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠬᠢᠨᠭ᠍ᠭᠠᠨ ᠠᠶᠢᠮᠠᠭ ᠦᠷᠬᠦᠯᠵᠢᠯᠡᠨ ᠪᠡᠬᠡᠵᠢᠩ ᠦᠪᠦᠷ ᠮᠤᠩᠭᠤᠯ᠂ ᠬᠢᠷᠢᠨ ᠦᠪᠦᠷ ᠮᠤᠩᠭᠤᠯ ᠤᠨ ᠡᠮ ᠡᠮᠴᠢᠯᠡᠭᠡ ᠶᠢᠨ ᠬᠠᠮᠵᠢᠯᠴᠠᠭ᠎ᠠ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠪᠦᠬᠦ ᠠᠶᠢᠮᠠᠭ ᠤᠨ ᠠᠯᠪᠠᠨ ᠠᠴᠠ ᠡᠷᠬᠢᠯᠡᠭᠰᠡᠨ 19 ᠡᠮᠨᠡᠯᠬᠡ ᠶᠢᠨ ᠬᠤᠷᠢᠶ᠎ᠠ ᠪᠤᠯᠤᠨ ᠪᠡᠬᠡᠵᠢᠩ᠂ ᠴᠠᠩᠴᠦ᠋ᠨ ᠲᠠᠢ ᠤᠷᠳᠤ ᠬᠤᠭᠤᠴᠠᠭᠠᠨ ᠤ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠵᠦ᠂ ᠪᠡᠬᠡᠵᠢᠩ ᠤᠨ ᠡᠮᠴᠢ᠂ ᠬᠢᠷᠢᠨ ᠤ ᠡᠮᠴᠢ ᠶᠢ 68 ᠬᠦᠮᠦᠨ ︵ᠤᠳᠠᠭ᠎ᠠ︶ ᠤᠷᠢᠵᠦ ᠬᠠᠪᠰᠦᠷᠦᠨ ᠵᠢᠯᠤᠭᠤᠳᠤᠭᠤᠯᠵᠦ᠂ ᠰᠢᠨ᠎ᠠ ᠲᠦᠷᠦᠯ ᠵᠦᠢᠯ᠂ ᠰᠢᠨ᠎ᠡ ᠮᠡᠷᠬᠡᠵᠢᠯ ᠢ ᠨᠡᠶᠢᠳᠡ 24 ᠶᠢ ᠤᠷᠢᠵᠦ ᠤᠷᠤᠭᠤᠯᠵᠠᠢ᠃ ︽ᠪᠡᠬᠡᠵᠢᠩ ᠦᠪᠦᠷ ᠮᠤᠩᠭᠤᠯ ᠤᠨ ᠬᠠᠮᠵᠢᠯᠴᠠᠭ᠎ᠠ︾ ᠶᠢᠨ ᠵᠠᠬᠪᠦᠷ ᠲᠤ ᠲᠦᠰᠢᠭᠯᠡᠨ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤ᠂ ᠬᠤᠷᠴᠢᠨ ᠪᠠᠷᠠᠭᠤᠨ ᠭᠠᠷᠦᠨ ᠲᠤᠮᠳᠠᠳᠤ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ ᠶᠢᠨ ᠴᠡᠭᠡᠵᠢ ᠡᠪᠡᠳᠬᠦ ᠶᠢ ᠵᠠᠰᠬᠠᠤ ᠲᠦᠪ ᠤᠨ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠨᠢ ᠤᠯᠤᠰ ᠤᠨ ᠬᠢᠨᠠᠨ ᠰᠢᠯᠭᠠᠯᠳᠠ ᠶᠢ ᠦᠡᠭᠭᠡᠷᠡᠬᠦᠯᠵᠡᠢ᠃ ᠡᠨᠡᠬᠦ ᠡᠮᠴᠢᠯᠡᠬᠡᠨ ᠤ ᠡᠷᠡᠬᠦᠯ ᠬᠠᠮᠠᠭᠠᠯᠠᠯ ᠤᠨ ᠲᠤᠬᠳᠠᠴᠠ ᠶᠢᠨ ᠬᠦᠨᠵᠡᠬᠡᠢ ᠦᠬᠡᠷᠡᠴᠢᠯᠡᠯᠳᠡ ᠶᠢᠨ ᠠᠷᠭ᠎ᠠ ᠠᠪᠴᠠᠯ ᠨᠢ ᠡᠪᠡᠳᠴᠢᠳᠡᠳ ᠤᠨ ᠭᠠᠳᠠᠬᠰᠢ ᠭᠠᠷᠴᠦ ᠡᠮᠴᠢᠯᠡᠬᠦᠯᠬᠦ ᠬᠠᠷᠢᠴᠠᠯ ᠢ ᠢᠯᠡᠷᠬᠡᠢ ᠪᠠᠭᠤᠷᠠᠭᠤᠯᠵᠦ᠂ ᠲᠤᠬᠠᠢ ᠶᠢᠨ ᠭᠠᠵᠠᠷ ᠤᠨ ᠤᠯᠠᠨ ᠲᠦᠮᠡᠨ ᠤ ᠡᠮᠴᠢᠯᠡᠬᠦᠯᠬᠦ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠵᠡᠢ᠃     ᠡᠬᠦᠨ ᠠᠴᠠ ᠭᠠᠳᠠᠨ᠎ᠠ᠂ ᠬᠢᠨᠭ᠍ᠭᠠᠨ ᠠᠶᠢᠮᠠᠭ ᠪᠠᠰᠠ ᠬᠡᠷ ᠪᠦᠯᠢ ᠶᠢᠨ ᠡᠮᠴᠢ ᠶᠢᠨ ᠵᠦᠪᠯᠡᠯᠴᠡᠭᠡᠷ ᠲᠤᠬᠳᠠᠬᠤ ᠦᠢᠯᠡᠴᠢᠯᠡᠭᠡ ᠶᠢ ᠪᠦᠬᠦ ᠲᠠᠯ᠎ᠠ ᠪᠠᠷ ᠠᠬᠢᠭᠤᠯᠵᠦ᠂ ᠬᠠᠷᠢᠶᠠᠳᠤ ᠤᠷᠤᠨ ᠤ ᠰᠠᠭᠤᠭᠠᠯᠢ ᠠᠷᠠᠳ ᠤᠨ ᠠᠳᠠᠯᠢ ᠪᠤᠰᠤ ᠱᠠᠭᠠᠷᠳᠠᠯᠭ᠎ᠠ ᠶᠢ ᠦᠨᠳᠦᠰᠦᠯᠡᠨ᠂ ᠠᠳᠠᠯᠢ ᠪᠤᠰᠤ ᠬᠦᠮᠦᠰ ᠲᠤ 6 ᠲᠦᠷᠦᠯ ᠤᠨ ᠬᠡᠷ ᠪᠦᠯᠢ ᠶᠢᠨ ᠡᠮᠴᠢ A — F ᠬᠡᠯᠪᠡᠷᠢ ᠶᠢᠨ ᠦᠪᠡᠷᠮᠢᠴᠢᠯᠡᠭᠰᠡᠨ ᠵᠦᠪᠯᠡᠯᠴᠡᠭᠡᠷ ᠲᠤᠬᠳᠠᠬᠰᠠᠠ ᠦᠢᠯᠡᠴᠢᠯᠡᠭᠡ ᠬᠠᠨᠭ᠍ᠭᠠᠵᠦ᠂ 101 ᠦᠨᠳᠦᠰᠦᠨ ᠱᠠᠳᠦᠨ ᠤ ᠡᠮᠴᠢᠯᠡᠬᠡᠨ ᠤ ᠪᠠᠶᠢᠭᠤᠯᠤᠮᠵᠢ ᠶᠢ ᠪᠦᠬᠦᠨ ᠢ ᠪᠦᠷᠬᠦᠬᠦᠯᠵᠡᠢ᠃ ᠤᠳᠤ᠂ ᠪᠦᠬᠦ ᠠᠶᠢᠮᠠᠭ ᠤᠨ ᠬᠡᠷ ᠪᠦᠯᠢ ᠶᠢᠨ ᠡᠮᠴᠢ ᠶᠢᠨ ᠪᠦᠯᠬᠦᠮ ᠨᠡᠶᠢᠳᠡ 812 ᠪᠤᠯᠵᠦ᠂ ᠬᠡᠷ ᠪᠦᠯᠢ ᠶᠢᠨ ᠡᠮᠴᠢ ᠶᠢᠨ ᠲᠤᠭ᠎ᠠ 2525 ᠳᠤ ᠬᠦᠷᠴᠦ᠂ ᠵᠦᠪᠯᠡᠯᠴᠡᠭᠡᠷ ᠲᠤᠬᠳᠠᠬᠤ ᠦᠢᠯᠡᠴᠢᠯᠡᠬᠡᠨ ᠤ ᠨᠤᠷᠮ᠎ᠠ 64% ᠲᠤᠯᠵᠦ᠂ ᠭᠤᠤᠯᠳᠠᠯᠭ᠎ᠠ ᠲᠠᠢ ᠬᠦᠮᠦᠰ ᠲᠠᠢ ᠵᠦᠪᠯᠡᠯᠴᠡᠭᠡᠷ ᠲᠤᠬᠳᠠᠬᠰᠠᠨ ᠨᠤᠷᠮ᠎ᠠ 85% ᠪᠤᠯᠪᠠ᠃     ᠬᠢᠨᠭ᠍ᠭᠠᠨ ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠰᠢᠰᠲ᠋ᠧᠮ ᠦᠢᠯᠡᠴᠢᠯᠡᠬᠡᠨ ᠤ ᠵᠠᠬᠪᠦᠷ ᠢᠶᠠᠨ ︽ᠡᠪᠡᠳᠴᠢᠨ ᠡᠮᠬᠡᠭ ᠢ ᠤᠨᠤᠰᠢᠯᠠᠨ ᠵᠠᠰᠠᠬᠤ ᠪᠠᠷ ᠭᠤᠤᠯ ᠪᠤᠯᠭᠠᠬᠤ︾ ᠠᠴᠠ ︽ᠡᠷᠡᠬᠦᠯ ᠮᠡᠨᠳᠤ ᠶᠢ ᠠᠬᠢᠭᠤᠯᠬᠤ ᠪᠠᠷ ᠭᠤᠤᠯ ᠪᠤᠯᠭᠠᠬᠤ︾ ᠲᠡᠶᠢᠰᠢ ᠬᠤᠪᠢᠷᠠᠭᠤᠯᠵᠦ᠂ ᠤᠯᠠᠨ ᠲᠦᠮᠡᠨ ᠤ ᠠᠮᠦᠷ ᠲᠦᠪᠰᠢᠨ ᠤ ᠲᠦᠷᠦᠭᠳᠡᠯ᠂ ᠬᠦᠷᠳᠡᠮᠵᠢ ᠶᠢᠨ ᠲᠦᠷᠦᠭᠳᠡᠯ ᠪᠠ ᠵᠤᠯ ᠵᠢᠷᠭᠠᠯ ᠤᠨ ᠲᠦᠷᠦᠭᠳᠡᠯ ᠢ ᠲᠠᠰᠦᠷᠠᠯᠳᠠ ᠦᠬᠡᠢ ᠲᠡᠭᠡᠭᠰᠢᠯᠡᠬᠦᠯᠵᠦ ᠪᠤᠢ᠃                            · ᠳ᠋ᠢᠶᠤᠤ ᠪᠥᠸᠧ ᠢᠤᠢ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号