ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠪᠠᠷ ᠬᠥᠮᠦᠰ ᠤᠨ ᠰᠡᠳᠬᠢᠯ ᠢ ᠳᠤᠯᠠᠭᠠᠴᠠᠭᠤᠯᠵᠤ ᠪᠠᠶᠢᠭ᠎ᠠ ᠤᠯᠠᠭᠠᠨᠬᠤᠳᠠ
ᠨᠡᠶᠢᠲᠡᠯᠡᠭᠰᠡᠨ ᠴᠠᠭ᠄
2025/1/3
     ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠠᠯᠢ ᠣᠯᠠᠨ ᠬᠦᠴᠦᠲᠡᠶ ᠠᠷᠭ᠎ᠠ ᠬᠡᠮᠵᠢᠶ᠎ᠡ ᠠᠪᠴᠤ᠂ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠤᠬᠠᠭᠤᠯᠤᠨ ᠳᠠᠶᠢᠴᠢᠯᠠᠬᠤ ᠪᠠ ᠲᠠᠲᠠᠪᠤᠷᠢᠯᠠᠨ ᠲᠤᠰᠢᠶᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠠᠮᠠᠭᠠᠯᠠᠵᠤ ᠪᠠᠶᠢᠨ᠎ᠠ᠃
2025010208571023978.jpg
     ᠤᠯᠠᠭᠠᠨᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠶᠡᠭᠡ ᠲᠢᠩᠬᠢᠮ ᠳᠤ᠂ ᠠᠵᠢᠯᠲᠠᠳ ᠶᠠᠭ ᠰᠠᠭᠤᠭᠠᠯᠢ ᠠᠷᠠᠳ ᠲᠤ ᠬᠤᠪᠢ ᠬᠥᠮᠦᠨ ᠤ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠭᠰᠠᠨ ᠲᠡᠮᠳᠡᠭᠯᠡᠯ᠂ ᠡᠮ ᠡᠮᠨᠡᠯᠭᠡ ᠶᠢᠨ ᠳᠠᠭᠠᠳᠬᠠᠯ ᠤᠨ ᠬᠡᠷᠡᠭᠯᠡᠭᠰᠡᠨ ᠲᠡᠮᠳᠡᠭᠯᠡᠯ ᠵᠡᠷᠭᠡ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠪᠠᠶᠢᠴᠠᠭᠠᠨ ᠲᠠᠶᠢᠯᠪᠤᠷᠢᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠠᠷᠭ᠎ᠠ ᠮᠠᠶ᠋ᠢᠭ᠂ ᠰᠦᠢᠳᠭᠡᠯ ᠲᠤᠰᠢᠶᠠᠬᠤ ᠶᠠᠪᠤᠴᠠ᠂ ᠣᠨᠴᠠ ᠬᠦᠴᠢᠷᠳᠡᠯᠲᠡᠶ ᠬᠥᠮᠦᠰ ᠲᠤ ᠨᠥᠬᠦᠪᠥᠷᠢ ᠥᠭᠬᠦ ᠪᠠᠷᠢᠮᠵᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠵᠡᠷᠭᠡ ᠬᠠᠯᠠᠮᠰᠢᠯ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠵᠤ᠂ ᠰᠠᠭᠤᠭᠠᠯᠢ ᠠᠷᠠᠳ ᠤᠨ ᠳᠠᠭᠠᠳᠬᠠᠯ ᠲᠠᠰᠤᠷᠠᠬᠤ᠂ ᠳᠠᠭᠠᠳᠬᠠᠯ ᠠᠴᠠ ᠭᠤᠭᠤᠵᠢᠭᠳᠠᠬᠤ᠂ ᠳᠠᠭᠠᠳᠬᠠᠯ ᠢ ᠰᠠᠯᠬᠤ ᠵᠡᠷᠭᠡ ᠦᠵᠡᠭᠳᠡᠯ ᠭᠠᠷᠬᠤ ᠠᠴᠠ ᠵᠠᠶᠢᠯᠠᠰᠬᠢᠪᠡ᠃     ︽ᠰᠠᠭᠤᠭᠠᠯᠢ ᠠᠷᠠᠳ ᠢ ᠬᠠᠪᠰᠤᠷᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠶᠢ ᠤᠷᠤᠭᠰᠢᠲᠠᠢ ᠪᠡᠶᠡᠯᠡᠭᠦᠯᠬᠦ ᠶᠢᠨ ᠲᠥᠯᠥᠭᠡ᠂ ᠪᠢᠳᠡ ᠦᠢᠯᠡᠴᠢᠯᠡᠭᠡᠨ ᠤ ᠶᠡᠭᠡ ᠲᠢᠩᠬᠢᠮ ᠳᠤ ᠲᠤᠰᠬᠠᠢ ᠬᠥᠮᠦᠨ ᠲᠣᠬᠢᠷᠠᠭᠤᠯᠤᠨ ᠠᠰᠠᠭᠤᠨ ᠯᠠᠪᠯᠠᠬᠤ ᠪᠠᠷ ᠢᠷᠡᠭᠰᠡᠨ ᠰᠠᠭᠤᠭᠠᠯᠢ ᠠᠷᠠᠳ ᠲᠤ ᠲᠤᠰᠬᠠᠢ ᠵᠢᠯᠤᠭᠤᠳᠤᠯᠭ᠎ᠠ ᠦᠢᠯᠡᠴᠢᠯᠡᠭᠡ ᠬᠠᠩᠭᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠠᠷᠠᠳ ᠤᠨ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠵᠣᠯᠭᠠᠭᠤᠯᠵᠤ᠂ ᠣᠷᠣᠯᠭ᠎ᠠ ᠪᠠᠭᠠᠲᠠᠶ ᠬᠥᠮᠦᠰ ᠤᠨ ᠳᠠᠭᠠᠳᠬᠠᠯ ᠳᠤ ᠣᠷᠣᠯᠴᠠᠬᠤ ᠰᠠᠭᠤᠷᠢ ᠲᠤᠭ᠎ᠠ ᠶᠢ ᠣᠨᠣᠪᠴᠢᠲᠠᠶ ᠡᠵᠡᠮᠰᠢᠵᠦ᠂ ᠳᠠᠭᠠᠳᠬᠠᠯ ᠳᠤ ᠣᠷᠣᠯᠴᠠᠬᠤ ᠲᠤᠰᠠᠯᠠᠮᠵᠢ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠦᠭᠡᠮᠡᠯᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠠᠭᠠᠯᠵᠠᠯ ᠢ ︿ᠡᠳ᠋ᠯᠡᠬᠦ ᠶᠣᠰᠣᠲᠠᠢ ᠶᠢ ᠨᠢ ᠪᠦᠬᠦᠨ ᠢ ᠡᠳ᠋ᠯᠡᠬᠦ﹀ ᠶᠢ ᠦᠨᠡᠨ ᠬᠦ ᠪᠠᠲᠤᠯᠠᠵᠤ ᠪᠠᠶᠢᠨ᠎ᠠ ︾ ᠭᠡᠵᠦ ᠤᠯᠠᠭᠠᠨᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠲᠠᠲᠠᠪᠤᠷᠢᠯᠠᠨ ᠲᠤᠰᠢᠶᠠᠬᠤ ᠲᠠᠰᠤᠭ ᠤᠨ ᠳᠠᠷᠤᠭ᠎ᠠ ᠵᠠᠩ ᠶᠠᠩ ᠬᠡᠯᠡᠪᠡ᠃     ᠦᠢᠯᠡᠴᠢᠯᠡᠭᠡᠨ ᠤ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠤᠯᠠᠭᠠᠨᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠠᠴᠠ ᠨᠠᠰᠤᠲᠠᠶᠢᠴᠤᠳ᠂ ᠵᠡᠮᠳᠡᠭᠴᠦᠳ᠂ ᠤᠳᠠᠭᠠᠨ ᠴᠢᠨᠠᠷᠲᠠᠢ ᠡᠪᠡᠳᠴᠢᠲᠡᠨ ᠵᠡᠷᠭᠡ ᠬᠥᠳᠡᠯᠵᠦ ᠪᠠᠷᠢᠬᠤ ᠳᠤ ᠳᠥᠭᠦᠮ ᠦᠭᠡᠢ ᠬᠥᠮᠦᠰ ᠲᠤ ᠴᠢᠭᠯᠡᠭᠦᠯᠦᠨ᠂ ᠭᠡᠷ ᠲᠤᠨᠢ ᠬᠦᠷᠴᠦ ᠰᠦᠢᠳᠬᠡᠯ ᠲᠤᠰᠢᠶᠠᠬᠤ ᠦᠢᠯᠡᠴᠢᠯᠡᠭᠡ ᠬᠠᠩᠭᠠᠵᠤ᠂ ᠲᠡᠳᠡᠨ ᠤ ᠪᠣᠳᠠᠲᠠᠶ ᠬᠦᠴᠢᠷᠳᠡᠯ ᠢ ᠰᠢᠢᠳᠪᠦᠷᠢᠯᠡᠵᠦ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠨᠡᠶᠢᠳᠡᠮ ᠪᠦᠷᠬᠦᠭᠦᠯᠬᠦ ᠶᠢ ᠦᠨᠡᠨ ᠬᠦ ᠪᠠᠲᠤᠯᠠᠪᠠ᠃
2025010208572545192.jpg
     ᠤᠯᠠᠭᠠᠨᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠳ᠋ᠦ᠋ ᠸᠧᠶ ᠸᠧᠶ᠂ ︽ᠲᠠᠷᠠᠭᠠᠴᠢ ᠶᠢᠨ ᠠᠯᠬᠤᠮ ᠳᠤ᠂ ᠪᠢᠳᠡ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠨᠢᠭᠡᠪᠦᠷᠢ ᠶᠢᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠠᠰᠢᠭ ᠭᠥᠷᠳᠡᠬᠦ ᠶᠢ ᠦᠨᠡᠨ ᠬᠦ ᠪᠠᠲᠤᠯᠠᠬᠤ ᠶᠢᠨ ᠬᠠᠮᠲᠤ ᠪᠠᠰᠠ ᠥᠷᠭᠡᠨ ᠣᠯᠠᠨ ᠰᠠᠭᠤᠭᠠᠯᠢ ᠠᠷᠠᠳ ᠤᠨ ᠢᠳᠡᠪᠬᠢᠲᠡᠶ ᠪᠠᠷ ᠳᠠᠭᠠᠳᠬᠠᠯ ᠳᠤ ᠣᠷᠣᠯᠴᠠᠵᠤ᠂ ᠥᠪᠡᠷ ᠤᠨ ᠪᠠ ᠬᠡᠷ ᠤᠨ ᠬᠥᠮᠦᠰ ᠤᠨ ᠢᠶᠠᠨ ᠡᠷᠡᠭᠦᠯ ᠮᠡᠨᠳᠦ ᠶᠢ ᠬᠠᠮᠠᠭᠠᠯᠠᠬᠤ ᠶᠢ ᠤᠷᠢᠶᠠᠯᠠᠵᠤ ᠪᠠᠶᠢᠨ᠎ᠠ︾ ᠭᠡᠵᠡᠶ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号