2024 ᠣᠨ ᠤ ᠭᠤᠷᠪᠠᠳᠤᠭᠠᠷ ᠤᠯᠠᠷᠢᠯ ᠤᠨ ᠤᠯᠠᠭᠠᠨᠬᠤᠲᠠ ᠶᠢᠨ ᠭᠤᠣᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠪᠥᠬᠦ ᠠᠶᠢᠮᠠᠭ ᠲᠤ ᠵᠢᠭᠰᠠᠭᠠᠭᠳᠠᠭᠰᠠᠨ ᠪᠠᠶᠢᠳᠠᠯ
ᠨᠡᠶᠢᠲᠡᠯᠡᠭᠰᠡᠨ ᠴᠠᠭ᠄
2025/1/3
     ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ     2024 ᠣᠨ ᠤ ᠭᠤᠷᠪᠠᠳᠤᠭᠠᠷ ᠤᠯᠠᠷᠢᠯ ᠳᠤ᠂ ᠮᠠᠨ ᠤ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 163.09 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠤᠨ ᠨᠢᠭᠡᠳᠦᠭᠡᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠭᠤᠷᠪᠠᠳᠤᠭᠠᠷ ᠲᠤ ᠵᠢᠭᠰᠠᠭᠠᠭᠳᠠᠪᠠ᠃     ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ     2024 ᠣᠨ ᠤ ᠭᠤᠷᠪᠠᠳᠤᠭᠠᠷ ᠤᠯᠠᠷᠢᠯ ᠳᠤ᠂ ᠤᠯᠠᠭᠠᠨᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 0.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠳᠥᠷᠪᠡᠳᠦᠭᠡᠷ ᠲᠤ ᠵᠢᠭᠰᠠᠭᠠᠭᠳᠠᠪᠠ᠃    ᠭᠤᠷᠪᠠ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ     2024 ᠣᠨ ᠤ ᠭᠤᠷᠪᠠᠳᠤᠭᠠᠷ ᠤᠯᠠᠷᠢᠯ ᠳᠤ᠂ ᠤᠯᠠᠭᠠᠨᠬᠤᠲᠠ ᠶᠢᠨ ᠪᠥᠬᠦ ᠰᠢᠰᠲ᠋ᠧᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 3.16% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠬᠤᠶᠠᠳᠤᠭᠠᠷ ᠲᠤ ᠵᠢᠭᠰᠠᠭᠠᠭᠳᠠᠪᠠ᠃     ᠳᠥᠷᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ     2024 ᠣᠨ ᠤ ᠭᠤᠷᠪᠠᠳᠤᠭᠠᠷ ᠤᠯᠠᠷᠢᠯ ᠳᠤ᠂ ᠤᠯᠠᠭᠠᠨᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 75.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠤᠨ ᠨᠢᠭᠡᠳᠦᠭᠡᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠬᠤᠶᠠᠳᠤᠭᠠᠷ ᠲᠤ ᠵᠢᠭᠰᠠᠭᠠᠭᠳᠠᠪᠠ᠃
 
ᠢᠷᠡᠯᠲᠡ᠄ ᠤᠯᠠᠭᠠᠨᠬᠤᠲᠠ ᠶᠢᠨ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号