| | 1 - 11 ᠰᠠᠷ᠎ᠠ ᠳᠤ᠂ ᠮᠠᠨ ᠤ ᠬᠤᠲᠠ ᠶᠢᠨ ᠪᠥᠬᠦ ᠰᠢᠰᠲ᠋ᠧᠮ ᠤᠨ 500 ᠲᠦᠮᠡᠨ ᠲᠥᠭᠦᠷᠢᠭ ᠠᠴᠠ | ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 36.6 % ᠪᠠᠷ | ᠨᠡᠮᠡᠭᠳᠡᠵᠦ᠂ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ᠂ ᠶᠡᠷᠦᠩᠬᠡᠶ ᠬᠡᠮᠵᠢᠶ᠎ᠡ ᠨᠢ ᠴᠥᠮ ᠪᠥᠬᠦ | ᠠᠶᠢᠮᠠᠭ ᠤᠨ ᠲᠡᠷᠢᠭᠦᠨ ᠳᠤ ᠵᠢᠭᠰᠠᠭᠠᠭᠳᠠᠪᠠ᠃ ᠡᠭᠦᠨ ᠳᠤ᠄ ᠮᠠᠨ ᠤ ᠬᠤᠲᠠ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 24.3% ᠪᠠᠷ ᠨᠡᠮᠡᠭᠳᠡᠵᠦ᠂ ᠨᠡᠭᠡᠭᠡᠯᠲᠡ ᠶᠢᠨ ᠲᠣᠭᠤᠷᠢᠭ ᠤᠨ ᠪᠡᠯᠡ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 230.2% ᠢᠶᠠᠷ ᠨᠡᠮᠡᠭᠳᠡᠪᠡ᠃ | ᠭᠤᠤᠯᠳᠠᠯᠭ᠎ᠠ ᠲᠠᠢ ᠠᠵᠢᠯ ᠲᠥᠷᠥᠯ ᠤᠨ ᠪᠡᠯᠡ ᠣᠷᠣᠭᠤᠯᠤᠯᠲᠠ ᠶᠢ ᠳᠠᠶᠢᠴᠢᠯᠠᠬᠰᠠᠨ ᠪᠠᠶᠢᠳᠠᠯ᠄ | ᠲᠠᠷᠢᠶᠠᠯᠠᠩ ᠤᠢ ᠰᠢᠭᠤᠶ ᠮᠠᠯ ᠠᠵᠤ ᠠᠬᠤᠶ ᠤᠰᠤᠨ ᠤ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 111.6% ᠪᠠᠷ ᠨᠡᠮᠡᠭᠳᠡᠵᠦ᠂ ᠮᠠᠨ ᠤ ᠬᠤᠲᠠ ᠶᠢᠨ ᠪᠦᠬᠦ ᠪᠡᠯᠡ ᠣᠷᠣᠭᠤᠯᠤᠯᠲᠠ ᠶᠢ 9. | 1 ᠵᠠᠭᠤᠨ ᠤ ᠬᠤᠪᠢ ᠶᠢᠨ ᠴᠡᠭ ᠳᠠᠶᠢᠴᠢᠯᠠᠨ ᠨᠡᠮᠡᠭᠳᠡᠭᠦᠯᠪᠡ᠃ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 43.6% ᠪᠠᠷ ᠨᠡᠮᠡᠭᠳᠡᠵᠦ᠂ ᠮᠠᠨ ᠤ ᠬᠤᠲᠠ ᠶᠢᠨ ᠪᠦᠬᠦ ᠪᠡᠯᠡ | ᠣᠷᠣᠭᠤᠯᠤᠯᠲᠠ ᠶᠢ 11.5 ᠵᠠᠭᠤᠨ ᠤ ᠴᠡᠭ ᠳᠠᠶᠢᠴᠢᠯᠠᠨ ᠨᠡᠮᠡᠭᠳᠡᠭᠦᠯᠪᠡ᠃ ᠭᠡᠷ ᠪᠠᠶᠢᠰᠢᠩ ᠭᠠᠵᠠᠷ ᠬᠥᠷᠦᠩᠭᠡ ᠶᠢᠨ | ᠲᠦᠷᠦᠯ ᠵᠦᠢᠯ ᠤᠨ ᠪᠡᠯᠡ ᠣᠷᠤᠭᠤᠯᠤᠯᠲᠠ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠵᠦ᠂ ᠮᠠᠨ ᠤ | ᠬᠤᠲᠠ ᠶᠢᠨ ᠪᠦᠬᠦ ᠪᠡᠯᠡ ᠣᠷᠣᠭᠤᠯᠤᠯᠲᠠ ᠶᠢ 2.2 ᠵᠠᠭᠤᠨ ᠤ ᠴᠡᠭ ᠳᠠᠶᠢᠴᠢᠯᠠᠨ ᠨᠡᠮᠡᠭᠳᠡᠭᠦᠯᠪᠡ᠃ ᠬᠤᠲᠠ ᠶᠢᠨ | ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 80.6% ᠪᠠᠷ ᠨᠡᠮᠡᠭᠳᠡᠵᠦ᠂ ᠮᠠᠨ ᠤ ᠬᠤᠲᠠ ᠶᠢᠨ ᠪᠦᠬᠦ ᠪᠡᠯᠡ ᠣᠷᠣᠭᠤᠯᠤᠯᠲᠠ ᠶᠢ 11. | 1 ᠵᠠᠭᠤᠨ ᠤ ᠴᠡᠭ ᠳᠠᠶᠢᠴᠢᠯᠠᠨ ᠨᠡᠮᠡᠭᠳᠡᠭᠦᠯᠪᠡ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠲᠥᠷᠥᠯ ᠵᠦᠢᠯ ᠤᠨ | ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 39.3% ᠪᠠᠷ ᠪᠠᠭᠤᠷᠠᠵᠤ᠂ ᠮᠠᠨ ᠤ ᠬᠤᠲᠠ ᠶᠢᠨ | ᠪᠦᠬᠦ ᠪᠡᠯᠡ ᠣᠷᠤᠭᠤᠯᠤᠯᠲᠠ ᠶᠢ1.2 ᠵᠠᠭᠤᠨ ᠤ ᠬᠤᠪᠢ ᠶᠢᠨ ᠴᠡᠭ ᠢᠶᠠᠷ ᠳᠣᠷᠤᠭᠰᠢᠯᠠᠭᠤᠯᠪᠠ᠃ |