| 1 ᠰᠠᠷ᠎ᠠ ᠶᠢᠨ 2 ᠤᠨ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠥᠬᠦ | ᠠᠶᠢᠮᠠᠭ ᠤᠨ ︽ᠭᠤᠷᠪᠠᠨ ᠨᠠᠷᠢᠨ ᠲᠠᠩᠰᠠ︾ ᠶᠢ ᠪᠡᠶᠡᠯᠡᠭᠦᠯᠦᠭᠰᠡᠨ ᠠᠬᠢᠴᠠ ᠶᠢᠨ ᠳ᠋ᠦᠩᠨᠡᠯᠲᠡ ᠶᠢᠨ ᠬᠤᠷᠠᠯ ᠬᠢᠪᠠ᠃ | ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠬᠤᠷᠠᠯ ᠳᠤ ᠣᠷᠣᠯᠴᠠᠵᠤ᠂ ᠠᠶᠢᠮᠠᠭ ᠤᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠤᠷᠠᠯ ᠢ ᠡᠷᠭᠢᠯᠡᠵᠦ᠂ ᠰᠢᠤᠢ ᠵᠦᠸᠧ᠂ | ᠯᠢᠦ ᠱᠦ ᠴᠧᠩ ᠵᠡᠷᠭᠡ ᠠᠶᠢᠮᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ | ᠬᠤᠷᠠᠯ ᠠᠴᠠ 2024 ᠣᠨ ᠤ ᠪᠥᠬᠦ ᠠᠶᠢᠮᠠᠭ ᠤᠨ ᠭᠤᠤᠯ ᠪᠣᠯᠬᠤ ᠠᠵᠤ ᠠᠬᠤᠶ ᠶᠢᠨ ᠠᠵᠢᠯᠯᠠᠭᠠᠨ ᠵᠢᠴᠢ | ᠬᠤᠯᠪᠣᠭᠳᠠᠯ ᠪᠥᠬᠦᠶ ᠭᠤᠤᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠡᠯ᠎ᠡ | ᠬᠤᠰᠢᠭᠤ ᠰᠢᠶᠠᠨ ᠬᠤᠲᠠ᠂ ᠨᠠᠮ ᠤᠨ ᠭᠡᠰᠢᠭᠦᠨ ᠣᠯᠠᠨ ᠲᠦᠮᠡᠨ ᠳᠤ ᠥᠢᠯᠠᠴᠢᠯᠡᠭᠦ ᠰᠠᠯᠠᠭ᠎ᠠ ᠮᠥᠴᠢᠷ᠂ ᠠᠵᠤ | ᠠᠬᠤᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠵᠠᠰᠠᠭ ᠤᠨ ᠶᠠᠪᠤᠳᠠᠯ ᠤᠨ ᠠᠷᠠᠳ ᠤᠨ ᠠᠮᠢᠳᠤᠷᠠᠯ ᠤᠨ | ᠦᠢᠯᠡᠴᠢᠯᠡᠭᠡ ᠪᠠ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ︽ᠭᠤᠷᠪᠠᠨ ᠨᠠᠷᠢᠨ ᠲᠠᠩᠰᠠ︾ ᠶᠢᠨ ᠡᠭᠦᠷᠭᠡ ᠶᠢ | ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠬᠠᠶ ᠶᠢᠨ ᠲᠠᠯᠠᠪᠤᠷ ᠲᠤ | ᠦᠨᠡᠯᠡᠯᠲᠡ ᠬᠢᠵᠦ ᠬᠤᠪᠢ ᠦᠭᠴᠡᠢ᠃ | ᠬᠤᠷᠠᠯ ᠠᠴᠠ ᠵᠢᠭᠠᠵᠦ ᠭᠠᠷᠭᠠᠭᠰᠠᠨ ᠨᠢ᠂ ︽ᠭᠤᠷᠪᠠᠨ ᠨᠠᠷᠢᠨ ᠲᠠᠩᠰᠠ︾ ᠶᠢᠨ ᠬᠠᠷᠢᠭᠤ ᠮᠡᠳᠡᠭᠦᠯᠦᠯᠲᠡ | ᠪᠠ ᠳ᠋ᠦᠩᠨᠡᠯᠲᠡ ᠶᠢᠨ ᠬᠤᠷᠠᠯ ᠢ ᠦᠷᠭᠦᠯᠵᠢᠯᠡᠨ ᠥᠷᠨᠢᠭᠦᠯᠬᠦ ᠪᠠᠷ ᠳᠠᠮᠵᠢᠭᠤᠯᠵᠤ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠠᠵᠤ ᠠᠬᠤᠢ ᠶᠢ ᠠᠳᠬᠤᠬᠤ᠂ ᠬᠥᠭᠵᠢᠯᠲᠡ ᠶᠢ ᠠᠳᠬᠤᠬᠤ ᠡᠷᠴᠢ ᠵᠣᠷᠢᠭ ᠤᠯᠠᠮ ᠠᠴᠠ | ᠤᠯᠠᠮ ᠭᠦᠢᠴᠡᠳ ᠪᠤᠯᠵᠦ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠠᠭᠤᠷ ᠠᠮᠢᠰᠬᠤᠯ ᠤᠯᠠᠮ ᠠᠴᠠ ᠤᠯᠠᠮ | ᠥᠳᠭᠡᠷᠡᠵᠦ᠂ 2024 ᠣᠨ ᠤ ᠡᠯ᠎ᠡ ᠵᠦᠢᠯ ᠤᠨ ᠠᠵᠢᠯ ᠢᠳᠡᠪᠬᠢᠲᠡᠢ ᠦᠷ᠎ᠡ ᠪᠦᠲᠦᠮᠵᠢ ᠣᠯᠵᠠᠢ ᠭᠡᠪᠡ᠃ | ᠬᠤᠷᠠᠯ ᠠᠴᠠ ᠴᠢᠩᠭᠠᠳᠬᠠᠬᠰᠠᠨ ᠨᠢ᠂ ᠴᠠᠭᠠᠨ ᠰᠠᠷ᠎ᠠ ᠤᠶᠢᠷᠠᠳᠦᠵᠦ ᠪᠠᠶᠢᠭ᠎ᠠ ᠳᠠᠰᠢᠷᠠᠮ ᠳᠤ᠂ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠠᠵᠢᠯ ᠢ ᠰᠠᠶᠢᠲᠤᠷ ᠠᠳᠬᠤᠵᠤ᠂ | ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠨ᠂ ᠵᠠᠬ᠎ᠠ ᠳᠡᠯᠭᠡᠭᠦᠷ ᠤᠨ ᠪᠠᠲᠤᠯᠠᠪᠤᠷᠢ ᠶᠢᠨ ᠬᠠᠩᠭᠠᠯᠭ᠎ᠠ ᠶᠢ | ᠴᠢᠩᠭᠠᠳᠬᠠᠵᠤ᠂ ᠤᠯᠠᠨ ᠲᠦᠮᠡᠨ ᠤ ᠠᠮᠤᠷ ᠳᠦᠪᠰᠢᠨ ᠳᠥᠭᠦᠮ ᠳᠥᠲᠡ ᠪᠠᠷ ᠶᠠᠪᠤᠵᠤ ᠰᠠᠭᠤᠬᠤ ᠶᠢ ᠪᠠᠲᠤᠯᠠᠬᠤ | ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠬᠦᠷᠢᠶᠡᠨ ᠤ | ᠡ᠊ᠨᠳᠡᠯ ᠤᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ ᠴᠡᠭᠴᠡᠯᠡᠨ ᠵᠠᠰᠠᠵᠤ᠂ ᠭᠠᠮᠰᠢᠭᠲᠤ ᠴᠠᠭ ᠠᠭᠤᠷ ᠢ | ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠨ ᠰᠡᠷᠡᠮᠵᠢᠯᠡᠭᠦᠯᠬᠦ ᠪᠠ ᠠᠶᠤᠯ ᠲᠦᠭᠰᠢᠭᠦᠷᠢ ᠶᠢᠨ ᠰᠠᠨᠠᠭᠤᠯᠤᠮᠵᠢ ᠶᠢ | ᠴᠢᠩᠭᠠᠳᠬᠠᠵᠤ᠂ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ | ᠬᠢᠵᠦ᠂ ᠡᠯ᠎ᠡ ᠲᠦᠷᠦᠯ ᠤᠨ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠨᠡᠶᠢᠭᠡᠮ ᠤᠨ ᠲᠣᠭᠲᠠᠭᠤᠨ | ᠪᠠᠶᠢᠳᠠᠯ ᠢ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠵᠥᠷᠢᠴᠡᠯ ᠵᠢᠭᠤᠷᠠᠯᠳᠤᠭᠠᠨ ᠢ ᠭᠦᠨᠵᠡᠭᠡᠢ ᠪᠠᠶᠢᠴᠠᠭᠠᠨ | ᠰᠢᠢᠳᠪᠦᠷᠢᠯᠡᠵᠦ᠂ ᠬᠥᠮᠦᠨ ᠤᠯᠠᠨ ᠴᠤᠭᠯᠠᠷᠠᠳᠠᠭ ᠲᠠᠯᠠᠪᠤᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢ | ᠴᠢᠩᠭᠠᠳᠬᠠᠵᠤ᠂ ᠨᠡᠶᠢᠭᠡᠮ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠷᠠᠳ ᠤᠯᠠᠨ ᠤ ᠪᠠᠶᠠᠷ ᠪᠠᠶᠠᠰᠬᠤᠯᠠᠩ ᠲᠠᠢ | ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃ ︵ᠵᠠᠩ ᠸᠧᠶ ᠨᠠᠨ︶ |