| ᠤᠶᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠰᠢ ᠶᠢᠨ | ᠫᠢᠩ ᠶᠠᠷᠤᠩᠬᠡᠢ ᠱᠦᠵᠢ ᠶᠢᠨ ᠦᠨᠳᠤᠰᠤᠳᠡᠨ ᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠴᠢᠬᠤᠯᠠ | ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ | ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠤᠯ ᠰᠢᠵᠢᠮ ᠪᠤᠯᠭᠠᠨ᠂ ᠠᠶᠢᠮᠠᠭ ᠤᠨ ᠨᠠᠮ ᠤᠨ ᠬᠤᠷᠢᠶ᠎ᠠ ᠪᠠ | ᠵᠠᠬᠢᠷᠭ᠎ᠠ ᠶᠢᠨ ᠠᠵᠢᠯ ᠤᠨ ᠪᠠᠶᠢᠷᠢᠯᠠᠭᠤᠯᠤᠯᠳᠠ ᠶᠢ ᠬᠦᠨᠵᠡᠭᠡᠢ ᠨᠠᠶᠢᠳᠠᠪᠤᠷᠢᠵᠢᠭᠤᠯᠵᠤ᠂ ᠵᠠᠯᠠᠭᠤ ᠺᠠᠳ᠋ᠷ ᠠᠵᠢᠯᠳᠠᠠ ᠢᠶᠠᠨ | ᠵᠤᠬᠢᠶᠠᠨ ᠪᠠᠶᠢᠭᠤᠯᠵᠦ᠂ ︽ᠵᠠᠯᠠᠭᠤᠴᠤᠳ ᠤᠨ ᠰᠤᠷᠤᠯᠴᠠᠯᠭ᠎ᠠ ᠶᠢᠨ ᠬᠤᠯᠪᠤᠭ᠎ᠠ︾ ᠶᠢᠨ ᠬᠠᠮᠳᠤᠷᠠᠨ ᠰᠤᠷᠤᠯᠴᠠᠬᠤ | ᠠᠵᠢᠯᠯᠠᠭᠠᠨ ᠳᠤ ᠢᠳᠡᠪᠬᠢᠳᠠᠢ ᠤᠷᠤᠯᠴᠠᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠳᠠ ᠳᠤ ᠬᠦᠴᠤᠨ | ᠨᠡᠮᠡᠷᠢᠯᠡᠵᠤ ᠪᠠᠶᠢᠨ᠎ᠠ᠃ | ᠲᠤᠰ ᠲᠤᠪᠴᠢᠶ᠎ᠠ ᠤᠨᠤᠯ ᠤᠨ ᠰᠤᠷᠤᠯᠴᠠᠯᠭ᠎ᠠ ᠶᠢᠨ ᠨᠡᠷᠡᠳᠤ ᠲᠡᠮᠳᠡᠭᠳᠤ ᠶᠢ ᠬᠦᠴᠤᠯᠡᠨ ᠡᠬᠦᠳᠴᠤ᠂ | ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠠᠴᠠ ᠭᠤᠤᠯᠯᠠᠨ ᠡᠷᠬᠢᠯᠡᠭᠰᠡᠨ ︽ᠵᠠᠯᠠᠭᠤᠴᠤᠳ ᠤᠨ | ᠰᠤᠷᠤᠯᠴᠠᠯᠭ᠎ᠠ ᠶᠢᠨ ᠬᠤᠯᠪᠤᠭ᠎ᠠ︾ ᠳᠤ ᠢᠳᠡᠪᠬᠢᠳᠠᠢ ᠤᠷᠤᠯᠴᠠᠵᠤ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ | ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢᠨ ᠲᠤᠭᠤᠷᠢᠨ ᠳᠤ ᠲᠤᠰᠬᠠᠢ ᠰᠡᠳᠤᠪᠳᠤ ᠰᠤᠷᠤᠯᠴᠠᠨ ᠰᠤᠳᠤᠯᠬᠤ | ᠠᠵᠢᠯᠯᠠᠭ᠎ᠠ ᠶᠢ ᠦᠷᠨᠢᠬᠦᠯᠵᠤ᠂ ᠬᠠᠷᠢᠯᠴᠠᠨ ᠠᠭᠤᠰᠤᠯᠴᠠᠬᠤ ᠬᠠᠷᠢᠯᠴᠠᠨ ᠠᠬᠢᠭᠤᠯᠬᠤ ᠠᠵᠢᠯ ᠤᠨ ᠲᠤᠭᠳᠠᠴᠠ ᠶᠢ | ᠡᠬᠦᠳᠪᠠ᠃ ᠡᠬᠦᠨ ᠤ ᠬᠠᠮᠳᠤ᠂ ︽ᠬᠤᠪᠢᠰᠬᠠᠯᠳᠤ ᠡᠬᠢ ᠪᠠᠶᠠᠯᠢᠭ ᠢ ᠬᠠᠮᠳᠤᠪᠠᠷ ᠡᠳ᠋ᠯᠡᠬᠦ ᠰᠠᠭᠤᠷᠢᠨ ᠭᠠᠵᠠᠷ︾᠂ ︽ | ᠭᠠᠶᠢᠯᠢ ᠶᠢᠨ ᠶᠠᠪᠤᠳᠠᠯ ᠪᠠ ᠠᠵᠤ ᠠᠬᠤᠶᠢᠯᠠᠯ ᠤᠨ ᠰᠤᠶᠤᠯ ᠤᠨ ᠰᠤᠯᠢᠯᠴᠠᠭᠠᠨ ᠤ ᠰᠠᠭᠤᠷᠢᠨ ᠭᠠᠵᠠᠷ︾ ᠢ | ᠪᠠᠶᠢᠭᠤᠯᠵᠤ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ | ᠬᠠᠮᠳᠤ ᠪᠠᠷ ᠪᠠᠶᠢᠭᠤᠯᠬᠤ ᠠᠵᠢᠯᠯᠠᠭ᠎ᠠ᠂ ᠵᠠᠯᠠᠭᠤ ᠴᠢᠳᠠᠪᠤᠷᠢᠳᠠᠨ ᠤ ᠰᠤᠯᠢᠯᠴᠠᠭᠠᠨ ᠤ ᠠᠵᠢᠯᠯᠠᠭ᠎ᠠ ᠶᠢ ᠪᠠᠶᠢᠩᠭᠤ ᠶᠢᠨ | ᠴᠢᠨᠠᠷᠳᠠᠢ ᠦᠷᠨᠢᠬᠦᠯᠥᠭᠰᠡᠨ ᠪᠠᠶᠢᠨ᠎ᠠ᠃ | ᠠᠶᠢᠮᠠᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠲᠤᠮᠳᠠᠳᠤ ᠶᠢᠨ ᠦᠨᠳᠤᠰᠤᠳᠡᠨ ᠤ | ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠭᠠᠶᠢᠯᠢ ᠬᠤᠷᠢᠶᠠᠬᠤ ᠪᠦᠬᠦ ᠬᠦᠷᠢᠶ᠎ᠠ ᠴᠠᠷᠠᠭ᠎ᠠ᠂ | ᠪᠦᠬᠦ ᠶᠠᠪᠤᠴᠠ ᠳᠤ ᠲᠤᠭᠤᠰᠢᠯᠠᠭᠤᠯᠵᠤ᠂ ᠦᠨᠳᠤᠰᠤᠳᠡᠨ ᠤ ᠪᠦᠯᠬᠦᠮᠳᠠᠯ ᠲᠠᠪᠰᠢᠯᠳᠠ ᠶᠢ ᠡᠬᠦᠳᠤᠨ ᠪᠠᠶᠢᠭᠤᠯᠬᠤ | ᠠᠵᠢᠯ ᠪᠠ ᠭᠠᠶᠢᠯᠢ ᠬᠤᠷᠢᠶᠠᠬᠤ ᠠᠵᠢᠯ ᠢ ᠬᠤᠭᠤᠷᠤᠨᠳᠤ ᠨᠢ ᠬᠦᠨᠵᠡᠭᠡᠢ ᠠᠭᠤᠰᠤᠯᠴᠠᠭᠤᠯᠵᠤ᠂ ᠦᠨᠳᠤᠰᠤᠳᠡᠨ ᠤ | ᠭᠠᠵᠠᠷ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠳᠤ ᠭᠠᠶᠢᠯᠢ ᠶᠢᠨ ᠶᠠᠪᠤᠳᠠᠯ ᠤᠨ ᠬᠦᠴᠤᠨ ᠢᠶᠠᠨ | ᠬᠠᠩᠭᠠᠪᠠ᠃ ᠡᠬᠦᠨ ᠠᠴᠠ ᠭᠠᠳᠠᠨ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠨ ᠡᠬᠦᠷᠭᠡ ᠴᠢᠳᠠᠪᠬᠢ ᠪᠠᠨ | ᠲᠤᠳᠤᠷᠬᠠᠶᠢᠯᠠᠨ᠂ ᠵᠠᠯᠠᠭᠤ ᠺᠠᠳ᠋ᠷᠴᠤᠳ ᠢᠶᠠᠨ ᠵᠤᠬᠢᠶᠠᠨ ᠪᠠᠶᠢᠭᠤᠯᠤᠨ ᠲᠤᠰᠬᠠᠢ ᠲᠦᠷᠤᠯ ᠤᠨ ᠠᠵᠢᠯᠯᠠᠭᠠᠨ ᠳᠤ | ᠤᠷᠤᠯᠴᠠᠭᠤᠯᠵᠤ᠂ ᠬᠡᠪᠴᠢᠶ᠎ᠠ ᠠᠴᠠ ᠲᠡᠭᠡᠭᠰᠢᠬᠢ ᠠᠵᠤ ᠠᠬᠤᠶᠢᠯᠠᠯ ᠤᠨ ᠦᠢᠯᠡᠳᠪᠤᠷᠢᠯᠡᠨ ᠡᠵᠡᠩᠨᠡᠬᠦ ᠶᠠᠪᠤᠴᠠ | ᠲᠤᠮᠳᠠ ᠲᠤᠯᠭᠠᠷᠠᠭᠰᠠᠨ ᠪᠠᠴᠢᠮᠳᠠᠵᠤ ᠲᠦᠪᠡᠭᠳᠡᠵᠤ ᠰᠠᠨᠠᠭᠠᠰᠢᠷᠠᠵᠤ ᠬᠦᠰᠡᠵᠤ ᠪᠠᠶᠢᠭ᠎ᠠ ᠠᠰᠠᠭᠤᠳᠠᠯ ᠢ | ᠭᠤᠤᠯᠳᠠᠯᠭ᠎ᠠ ᠲᠠᠢ ᠤᠶᠢᠯᠠᠭᠠᠵᠤ᠂ ᠤᠳᠤᠬᠠᠨ ᠪᠤᠯᠳᠠᠯ᠎ᠠ ᠪᠦᠬᠦ ᠠᠶᠢᠮᠠᠭ ᠤᠨ ᠬᠡᠪᠴᠢᠶ᠎ᠠ ᠠᠴᠠ ᠲᠡᠭᠡᠭᠰᠢᠬᠢ 124 | ᠠᠵᠤ ᠠᠬᠤᠶᠢᠯᠠᠯ ᠢᠶᠠᠷ ᠬᠦᠷᠴᠤ᠂ ᠵᠠᠭᠤ ᠭᠠᠷᠤᠢ ᠵᠤᠷᠪᠤᠰ ᠠᠰᠠᠭᠤᠳᠠᠯ ᠢ ᠬᠤᠷᠢᠶᠠᠨ᠂ ᠡᠬᠦᠨ ᠳᠤ ᠭᠠᠶᠢᠯᠢ ᠳᠤ | ᠬᠤᠯᠪᠤᠭᠳᠠᠬᠰᠠᠨ ᠠᠰᠠᠭᠤᠳᠠᠯ ᠢ ᠨᠢ ᠪᠦᠷ ᠰᠶᠢᠳᠪᠤᠷᠢᠯᠡᠵᠦ ᠦᠭᠬᠦᠭᠰᠡᠨ ᠪᠠᠶᠢᠨ᠎ᠠ᠃ | ᠨᠠᠮ ᠤᠨ ᠪᠠᠶᠢᠭᠤᠯᠤᠯᠳᠠ ᠪᠠᠷ ᠲᠠᠶᠢᠴᠢᠯᠠᠨ ᠲᠠᠭᠠᠭᠤᠯᠬᠤ ᠶᠢ ᠪᠠᠷᠢᠮᠳᠠᠯᠠᠨ᠂ ᠦᠨᠳᠤᠰᠤᠳᠡᠨ ᠤ ᠪᠦᠯᠬᠦᠮᠳᠠᠯ | ᠲᠠᠪᠰᠢᠯᠳᠠ ᠶᠢᠨ ᠤᠨᠤᠯ ᠢ ᠢᠳᠡᠪᠬᠢᠳᠠᠢ ᠦᠢᠯᠡᠳᠤᠯᠭᠡᠵᠢᠬᠦᠯᠵᠤ᠂ ᠺᠠᠳ᠋ᠷ ᠠᠵᠢᠯᠳᠠᠨ ᠤ ︽ᠭᠤᠷᠪᠠᠨ ᠰᠠᠯᠵᠤ ᠪᠤᠯᠤᠰᠢ | ᠦᠭᠡᠢ︾ ᠦᠵᠡᠯ ᠰᠠᠨᠠᠭ᠎ᠠ ᠶᠢ ᠪᠠᠳᠤ ᠱᠤᠭᠤᠬᠤ ᠶᠢ ᠪᠦᠳᠤᠮᠵᠢᠳᠠᠢ ᠲᠠᠶᠢᠴᠢᠯᠡᠪᠠ᠃ ᠡᠯ᠎ᠠ ᠦᠨᠳᠤᠰᠤᠳᠡᠨ ᠤ | ᠶᠠᠪᠤᠯᠴᠠᠭ᠎ᠠ᠂ ᠰᠤᠯᠢᠯᠴᠠᠭ᠎ᠠ᠂ ᠠᠭᠤᠰᠤᠯᠴᠠᠯ ᠢ ᠬᠦᠴᠤᠯᠡᠨ ᠠᠬᠢᠭᠤᠯᠵᠤ᠂ ᠲᠤᠮᠳᠠᠳᠤ ᠶᠢᠨ ᠦᠨᠳᠤᠰᠤᠳᠡᠨ ᠤ | ᠰᠢᠯᠢᠳᠡᠭ ᠤᠯᠠᠮᠵᠢᠯᠠᠯᠳᠤ ᠰᠤᠶᠤᠯ ᠢ ᠪᠠᠳᠠᠷᠠᠭᠤᠯᠤᠨ᠂ ᠪᠦᠬᠦ ᠰᠢᠰᠲᠤᠮ ᠳᠤ ︽ᠪᠢᠳᠠᠨ ᠤ ᠪᠠᠶᠠᠷ ᠲᠤᠷᠠᠰᠬᠠᠯ ᠤᠨ | ᠡᠳᠤᠷ︾ ᠭᠡᠬᠦ ᠭᠤᠤᠯ ᠰᠡᠳᠤᠪᠳᠤ ᠰᠢᠷᠢᠰ ᠠᠵᠢᠯᠯᠠᠭ᠎ᠠ ᠶᠢ ᠦᠷᠨᠢᠬᠦᠯᠵᠤ᠂ ᠡᠯ᠎ᠠ ᠦᠨᠳᠤᠰᠤᠳᠡᠨ ᠤ ᠭᠠᠶᠢᠯᠢ ᠶᠢᠨ | ᠶᠠᠪᠤᠳᠠᠯ ᠤᠨ ᠠᠵᠢᠯᠳᠠᠨ ᠤ ᠢᠳᠡᠪᠬᠢᠳᠠᠢ ᠤᠷᠤᠯᠴᠠᠬᠤ ᠶᠢ ᠲᠠᠶᠢᠴᠢᠯᠠᠵᠦ ᠴᠢᠳᠠᠭᠰᠠᠨ ᠪᠠᠶᠢᠨ᠎ᠡ᠃ ︵ᠪᠠᠢ ᠴᠤᠯᠮᠤᠨ︶ | |