ᠬᠢᠩᠭᠠᠨ ᠠᠶᠢᠮᠠᠭ ᠤᠨ ᠤᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠤᠨ ᠤ ᠰᠢᠯᠭᠠᠯᠳᠠ ᠶᠠᠪᠤᠬᠳᠠᠭᠤᠯᠤᠨ ᠡᠮᠴᠢ ᠠᠵᠢᠯᠳᠡᠳ ᠤᠨ ᠪᠤᠳᠠᠳᠠᠢ ᠠᠵᠢᠯᠯᠠᠭᠠᠨ ᠤ ᠴᠢᠳᠠᠪᠤᠷᠢ ᠶᠢ ᠰᠢᠯᠭᠠᠨ ᠪᠠᠶᠢᠴᠠᠭᠠᠪᠠ
ᠨᠡᠶᠢᠲᠡᠯᠡᠭᠰᠡᠨ ᠴᠠᠭ᠄
2025/1/6
        ᠤᠶᠢᠷ᠎ᠠ ᠳᠤ᠂ ᠬᠢᠨᠭ᠍ᠭᠠᠨ ᠠᠶᠢᠮᠠᠬ ᠤᠨ ᠤᠶᠤᠨ ᠮᠡᠳᠡᠷᠡᠯ ᠤᠨ ᠡᠷᠡᠬᠦᠯ ᠬᠠᠮᠠᠭᠠᠯᠠᠯ ᠤᠨ ᠲᠦᠪ ᠤᠨ ᠡᠮᠴᠢᠯᠡᠭᠡᠨ ᠤ ᠶᠠᠪᠤᠳᠠᠯ ᠤᠨ ᠰᠠᠯᠠᠭ᠎ᠠ ᠠᠴᠠ ᠪᠥᠬᠦ ᠡᠮᠴᠢ ᠠᠵᠢᠯᠳᠡᠨ ᠢᠶᠠᠨ ᠵᠣᠬᠢᠶᠠᠨ ᠪᠠᠶᠢᠭᠤᠯᠵᠤ᠂ ᠤᠨ ᠤ ᠰᠢᠯᠭᠠᠯᠳᠠ ᠶᠠᠪᠤᠬᠳᠠᠭᠤᠯᠤᠨ ᠡᠮᠴᠢ ᠠᠵᠢᠯᠳᠡᠳ ᠤᠨ ᠪᠤᠳᠠᠳᠠᠢ ᠠᠵᠢᠯᠯᠠᠭᠠᠨ ᠤ ᠴᠢᠳᠠᠪᠤᠷᠢ ᠶᠢ ᠰᠢᠯᠭᠠᠨ ᠪᠠᠶᠢᠴᠠᠭᠠᠵᠦ ᠂ ᠡᠮᠴᠢᠯᠡᠭᠡ ᠦᠢᠯᠡᠴᠢᠯᠡᠭᠡ ᠶᠢᠨ ᠶᠠᠰᠦ ᠴᠢᠨᠠᠷ ᠤᠨ ᠳᠡᠭᠡᠭᠰᠢᠯᠡᠯᠳᠡ ᠶᠢ ᠠᠬᠢᠭᠤᠯᠪᠠ᠃       ᠰᠢᠯᠭᠠᠯᠲᠠ ᠨᠢ ᠪᠢᠷ ᠤᠨ ᠰᠢᠯᠭᠠᠯᠲᠠ ᠪᠠ ᠲᠤᠬᠠᠶ ᠶᠢᠨ ᠲᠠᠯᠠᠪᠤᠷ ᠤᠨ ᠦᠢᠯᠡᠳᠤᠯᠭᠡ ᠭᠡᠵᠦ ᠬᠤᠶᠠᠷ ᠬᠡᠰᠡᠭ ᠬᠤᠪᠢᠶᠠᠵᠦ᠂ ᠡᠮᠴᠢ ᠠᠵᠢᠯᠳᠡᠳ ᠤᠨ ᠤᠨᠤᠯ ᠤᠨ ᠮᠡᠳᠡᠯᠭᠡ ᠶᠢ ᠰᠢᠯᠭᠠᠨ ᠪᠠᠶᠢᠴᠠᠭᠠᠬᠰᠠᠨ ᠢᠶᠠᠷ ᠪᠠᠷᠠᠬᠤ ᠦᠭᠡᠢ ᠪᠠᠰᠠ ᠪᠤᠳᠠᠳᠠᠢ ᠠᠵᠢᠯᠯᠠᠭᠠᠨ ᠤ ᠴᠢᠳᠠᠪᠤᠷᠢ ᠶᠢ ᠰᠢᠯᠭᠠᠨ ᠪᠠᠶᠢᠴᠠᠭᠠᠵᠦ᠂ ᠬᠠᠷᠢᠯᠴᠠᠨ ᠮᠦᠷᠦᠶᠢᠴᠡᠬᠦ ᠪᠠᠷ ᠳᠠᠮᠵᠢᠨ ᠬᠠᠮᠳᠦ ᠪᠠᠷ ᠤᠷᠤᠬᠰᠢᠯᠠᠬᠤ ᠶᠢ ᠠᠬᠢᠭᠤᠯᠪᠠ᠃ ᠦᠢᠯᠡᠳᠦᠯᠭᠡ ᠶᠢᠨ ᠬᠢᠨᠠᠨ ᠰᠢᠯᠭᠠᠯᠲᠠ ᠶᠢᠨ ᠨᠢᠬᠡ ᠠᠭᠤᠯᠭ᠎ᠠ ᠪᠤᠯᠬᠤ ᠵᠢᠷᠦᠬᠡ ᠠᠭᠤᠰᠭᠢᠨ ᠤ ᠰᠡᠷᠭᠦᠭᠡᠯᠲᠡ ᠶᠢ ᠰᠢᠯᠭᠠᠬᠤ ᠶᠠᠪᠤᠴᠠ ᠳᠤ᠂ ᠪᠦᠬᠦ ᠡᠮᠨᠡᠯᠭᠡ ᠶᠢᠨ ᠠᠵᠢᠯᠲᠠᠳ ᠰᠢᠯᠭᠠᠯᠲᠠ ᠶᠢᠨ ᠲᠠᠯᠠᠪᠤᠷ ᠤᠨ ᠡᠮᠬᠢ ᠳᠢᠭᠯᠢᠮ ᠢ ᠬᠢᠨᠠᠮᠠᠭᠠᠶ ᠰᠠᠬᠢᠵᠤ᠂ ᠲᠦᠷᠭᠡᠨ ᠬᠦᠳᠡᠯᠤᠯᠴᠡᠬᠦ᠂ ᠲᠤᠬᠠᠶ ᠶᠢᠨ ᠲᠠᠯᠠᠪᠤᠷ ᠲᠤ ᠬᠦᠷᠴᠦ ᠠᠪᠤᠷᠠᠯᠳᠠ ᠬᠢᠬᠦ᠂ ᠨᠠᠷᠢᠯᠢᠬ ᠤᠨᠤᠴᠠᠳᠠᠢ ᠪᠠᠷ ᠠᠵᠢᠯᠯᠠᠬᠤ ᠵᠡᠷᠭᠡ ᠳᠤᠰᠬᠠᠢ ᠮᠡᠷᠭᠡᠵᠢᠯ ᠤᠨ ᠴᠢᠳᠠᠪᠤᠷᠢ ᠶᠢᠨ ᠲᠥᠷᠥᠯ ᠵᠦᠢᠯ ᠨᠢᠭᠡᠪᠦᠷᠢ ᠶᠢ ᠪᠡᠶᠡᠯᠡᠭᠦᠯᠤᠨ᠂ ᠪᠣᠯᠪᠠᠰᠤᠷᠠᠩᠭᠤᠶ ᠲᠦᠷᠭᠡᠨ ᠠᠪᠤᠷᠠᠯᠳᠠ ᠶᠢᠨ ᠠᠵᠢᠯᠯᠠᠭᠠᠨ ᠤ ᠤᠷ᠎ᠠ ᠴᠢᠳᠠᠪᠤᠷᠢ ᠶᠢ ᠳᠡᠯᠭᠡᠨ ᠦᠵᠡᠭᠦᠯᠵᠦ᠂ ᠡᠮᠴᠢ ᠠᠵᠢᠯᠳᠡᠳ ᠤᠨ ᠲᠤᠰᠬᠠᠶ ᠮᠡᠷᠭᠡᠵᠢᠯ ᠤᠨ ᠮᠡᠳᠡᠯᠭᠡ ᠶᠢ ᠡᠵᠡᠮᠰᠢᠭᠰᠡᠨ ᠬᠡᠮᠵᠢᠶ᠎ᠡ ᠪᠠ ᠪᠠᠴᠢᠮ ᠠᠪᠤᠷᠠᠯᠳᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠰᠢᠯᠭᠠᠨ ᠪᠠᠶᠢᠴᠠᠭᠠᠵᠠᠶ᠃       ᠨᠢᠳᠤᠨᠤᠨ ᠵᠢᠯ᠂ ᠬᠢᠩᠭᠠᠨ ᠠᠶᠢᠮᠠᠭ ᠤᠨ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠭᠠᠷᠠᠭ ᠪᠦᠷᠢ ᠶᠢᠨ ᠲᠤᠬᠠᠶᠢᠯᠠᠭᠰᠠᠨ ᠠᠵᠢᠯ ᠤᠨ ᠬᠢᠴᠢᠶᠡᠯ ᠤᠨ ᠲᠠᠩᠬᠢᠮ ᠢ ᠦᠷᠭᠦᠯᠵᠢᠯᠡᠨ ᠥᠷᠨᠢᠭᠦᠯᠵᠦ᠂ ᠡᠮᠨᠡᠯᠭᠡ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠭᠰᠡᠨ ᠢᠶᠠᠷ ᠦᠯᠦ ᠪᠠᠷᠠᠨ ᠡᠮᠴᠢ ᠡᠪᠡᠳᠴᠢᠲᠡᠨ ᠤ ᠬᠤᠭᠤᠷᠤᠨᠳᠤᠬᠢ ᠡᠶ᠎ᠡ ᠵᠣᠬᠢᠴᠠᠯ ᠲᠠᠢ ᠬᠠᠷᠢᠴᠠᠭ᠎ᠠ ᠶᠢ ᠪᠠᠶᠢᠭᠤᠯᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃ ︵ᠵᠶᠢ ᠫᠸᠡᠭ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号