ᠬᠢᠩᠭᠠᠨ ᠠᠶᠢᠮᠠᠭ ᠤᠨ ᠡᠪᠦᠯ ᠤᠨ ᠤᠯᠠᠷᠢᠯ ᠤᠨ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠤᠯᠠᠭᠠᠨᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2025/1/6
        1 ᠰᠠᠷ᠎ᠠ ᠶᠢᠨ 4 ᠤ ᠡᠳᠦᠷ᠂ ᠬᠢᠩᠭᠠᠨ ᠠᠶᠢᠮᠠᠭ ᠤᠨ ᠡᠪᠦᠯ ᠤᠨ ᠤᠯᠠᠷᠢᠯ ᠤᠨ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠤᠯᠠᠭᠠᠨᠬᠤᠲᠠ ᠶᠢᠨ ᠠᠩᠬᠠᠳᠤᠭᠠᠷ ᠬᠤᠭᠤᠴᠠᠭᠠᠨ ᠤ ᠤᠷᠤᠭ ᠬᠤᠷᠢᠮ ᠤᠨ ᠵᠠᠩᠰᠢᠯ ᠤᠨ ᠶᠣᠰᠣᠯᠠᠯ ᠤᠯᠠᠭᠠᠨᠬᠤᠲᠠ ᠳᠤ ᠶᠠᠪᠤᠭᠳᠠᠪᠠ᠃ ᠬᠢᠩᠭᠠᠨ ᠠᠶᠢᠮᠠᠭ ᠤᠨ ᠳᠡᠳ᠋ ᠳᠠᠷᠤᠭ᠎ᠠ ᠵᠠᠩ ᠶᠦᠩ ᠴᠢᠶᠠᠩ᠂ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠬᠤᠶ ᠮᠢᠩ᠂ ᠤᠯᠠᠭᠠᠨᠬᠤᠲᠠ ᠶᠢᠨ ᠤᠳᠤᠷᠢᠳᠤᠯᠭ᠎ᠠ ᠮᠠ ᠮᠧᠩ᠂ ᠸᠠᠩ ᠮᠢᠩ ᠶᠠᠩ᠂ ᠸᠠᠩ ᠭᠦᠸᠧ ᠠᠨ ᠠᠵᠢᠯᠯᠠᠭ᠎ᠠ ᠳᠤ ᠣᠷᠣᠯᠴᠠᠵᠠᠶ᠃
640.jpg
       ᠶᠣᠰᠣᠯᠠᠯ ᠳᠡᠭᠡᠷ᠎ᠡ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠬᠠᠮᠲᠤ ᠪᠠᠷ ᠡᠬᠢᠯᠡᠯᠲᠡ ᠶᠢᠨ ᠳᠡᠯᠭᠡᠴᠡ ᠶᠢᠨ ᠳ᠋ᠧᠩ ᠢ ᠨᠤᠴᠤᠭᠠᠵᠤ᠂ ᠬᠢᠩᠭᠠᠨ ᠠᠶᠢᠮᠠᠭ ᠤᠨ ᠡᠪᠦᠯ ᠤᠨ ᠤᠯᠠᠷᠢᠯ ᠤᠨ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠰᠢᠷᠢᠰ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ ᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠤᠯᠠᠭᠠᠨᠬᠤᠲᠠ ᠶᠢᠨ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠲᠠᠨᠢᠯᠴᠠᠭᠤᠯᠪᠠ᠃ ᠲᠤᠬᠠᠶ ᠶᠢᠨ ᠲᠠᠯᠠᠪᠤᠷ ᠤᠨ ᠶᠡᠭᠡ ᠳᠡᠯᠭᠡᠴᠡ ᠳᠤ ︽ᠤᠯᠠᠮᠵᠢᠯᠠᠯ︾ ᠭᠡᠬᠦ ᠣᠬᠤᠷ ᠹᠢᠯᠢᠮ ᠢ ᠨᠡᠪᠲᠡᠷᠡᠭᠦᠯᠵᠦ᠂ ᠲᠤᠬᠠᠶ ᠶᠢᠨ ᠲᠠᠯᠠᠪᠤᠷ ᠤᠨ ᠬᠥᠮᠦᠰ ᠲᠤ ᠬᠠᠶᠢᠷ᠎ᠠ ᠰᠡᠳᠬᠢᠯᠭᠡ ᠶᠢᠨ ᠦᠨᠡᠨ ᠤᠳᠬ᠎ᠠ ᠬᠢᠭᠡᠳ ᠬᠡᠷ ᠪᠦᠯᠢ ᠶᠢᠨ ᠬᠠᠷᠢᠭᠤᠴᠠᠯᠭ᠎ᠠ ᠶᠢ ᠣᠶᠢᠯᠠᠭᠠᠭᠤᠯᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠰᠢᠯᠢᠳᠡᠭ ᠳᠡᠯᠭᠡᠷᠡᠭᠦᠯᠦᠭᠰᠡᠨ 10 ᠭᠡᠷ ᠪᠦᠯᠢ ᠳᠤ ᠳᠤᠷᠠᠰᠬᠠᠯ ᠤᠨ ᠦᠨᠡᠮᠯᠡᠯ ᠣᠯᠭᠤᠵᠤ᠂ ᠤᠯᠠᠭᠠᠨᠬᠤᠲᠠ ᠶᠢᠨ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠰᠢᠯᠢᠳᠡᠭ ᠭᠡᠷ ᠪᠦᠯᠢ ᠶᠢᠨ ᠲᠥᠯᠥᠭᠡᠯᠡᠭᠴᠢ ᠤᠷᠤᠭ ᠠᠴᠠ ᠰᠡᠳᠬᠢᠭᠳᠡᠯ ᠢᠶᠠᠨ ᠬᠤᠪᠢᠶᠠᠯᠴᠠᠪᠠ᠃ ᠶᠣᠰᠣᠯᠠᠯ ᠳᠠᠭᠤᠰᠤᠭᠰᠠᠨ ᠤ ᠳᠠᠷᠠᠭ᠎ᠠ᠂ ᠪᠥᠬᠦ ᠠᠶᠢᠮᠠᠭ ᠤᠨ ᠡᠯ᠎ᠡ ᠨᠢᠭᠡᠴᠡ ᠶᠢᠨ ᠰᠢᠯᠢᠳᠡᠭ ᠭᠠᠭᠴᠠ ᠪᠡᠶ᠎ᠡ ᠵᠠᠯᠠᠭᠤᠴᠤᠳ ᠨᠢᠭᠡ ᠲᠠᠩᠬᠢᠮ ᠳᠤ ᠴᠤᠭᠯᠠᠷᠠᠵᠤ᠂ ᠨᠥᠬᠦᠷᠯᠡᠯ ᠤᠨ ᠪᠠᠶᠠᠷ ᠪᠠᠶᠠᠰᠬᠤᠯᠠᠩᠲᠤ ᠴᠠᠭ ᠮᠥᠴᠡ ᠶᠢ ᠬᠠᠮᠲᠤ ᠪᠠᠷ ᠥᠩᠭᠡᠷᠡᠭᠦᠯᠪᠡ᠃ 
640 (1).jpg
       ᠲᠣᠰ ᠤᠳᠠᠭᠠᠨ ᠤ ᠠᠵᠢᠯᠯᠠᠭ᠎ᠠ ᠶᠢ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠭᠤᠤᠯᠯᠠᠨ ᠰᠡᠳᠦᠵᠦ᠂ ᠤᠯᠠᠭᠠᠨᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠵᠦ᠂ ᠤᠯᠠᠭᠠᠨᠬᠤᠲᠠ ᠶᠢᠨ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠰᠢᠯᠢᠳᠡᠭ ᠬᠡᠷ ᠪᠦᠯᠢ ᠶᠢᠨ ᠪᠦᠷᠢᠯᠳᠦᠬᠦᠨ᠂ ᠲᠥᠷᠥᠯ ᠰᠠᠳᠤᠨ ᠤ ᠪᠦᠯᠬᠦᠮ ᠤᠨ ᠪᠦᠷᠢᠯᠳᠦᠬᠦᠨ᠂ ᠭᠠᠭᠴᠠ ᠪᠡᠶ᠎ᠡ ᠵᠠᠯᠠᠭᠤᠴᠤᠳ ᠵᠡᠷᠭᠡ 180 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃       ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠸᠠᠩ ᠱᠤ᠋ ᠮᠧᠶ᠂ ᠲᠣᠰ ᠤᠳᠠᠭᠠᠨ ᠤ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠬᠢᠩᠭᠠᠨ ᠠᠶᠢᠮᠠᠭ ᠤᠨ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠬᠤ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ᠂ ᠨᠠᠩ ᠴᠤ ᠰᠢᠨ᠎ᠡ ᠴᠠᠭ ᠦᠶ᠎ᠡ ᠶᠢᠨ ᠤᠷᠤᠭ ᠬᠤᠷᠢᠮ ᠤᠨ ᠵᠠᠩᠰᠢᠯ ᠤᠨ ᠣᠨᠣᠯᠵᠢᠬᠤᠨ ᠢ ᠶᠡᠬᠡᠪᠡᠷ ᠰᠠᠨᠠᠭᠠᠴᠢᠯᠠᠵᠤ᠂ ︽ᠤᠷᠤᠭ ᠬᠤᠷᠢᠮ ᠤᠨ ᠵᠠᠩᠰᠢᠯ ᠤᠨ ᠠᠵᠤ ᠦᠢᠯᠡᠰ + ᠵᠢᠭᠤᠯᠴᠢᠯᠠᠯ︾ ᠢ ᠠᠭᠤᠰᠤᠯᠴᠠᠭᠤᠯᠤᠨ ᠬᠥᠭᠵᠢᠭᠦᠯᠬᠦ ᠶᠢ ᠬᠠᠶᠢᠨ ᠰᠦᠪᠡᠭᠴᠢᠯᠡᠭᠰᠡᠨ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠮᠥᠨ᠃ ᠳᠠᠷᠠᠭᠠᠴᠢ ᠪᠠᠷ᠂ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠦᠷᠭᠦᠯᠵᠢᠯᠡᠨ ᠲᠤᠷᠰᠢᠯᠭ᠎ᠠ ᠪᠠᠨ ᠳ᠋ᠦᠩᠨᠡᠵᠦ᠂ ᠰᠢᠨ᠎ᠡ ᠶᠢ ᠡᠭᠦᠳᠦᠨ ᠬᠠᠶᠢᠨ ᠰᠦᠪᠡᠭᠴᠢᠯᠡᠵᠦ᠂ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠬᠢᠭᠡᠳ ᠵᠢᠭᠤᠯᠴᠢᠯᠠᠯ᠂ ᠰᠣᠶᠣᠯ ᠵᠡᠷᠭᠡ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠬᠢᠩᠭᠠᠨ ᠠᠶᠢᠮᠠᠭ ᠤᠨ ᠨᠡᠶᠢᠭᠡᠮ ᠤᠨ ᠪᠣᠯᠪᠠᠰᠤᠨ ᠤ ᠳᠠᠪᠰᠢᠯᠲᠠ ᠪᠠ ᠠᠵᠤ ᠠᠬᠤᠶ ᠶᠢᠨ ᠬᠥᠭᠵᠢᠯᠲᠡ ᠳᠤ ᠠᠷᠠᠳ ᠤᠨ ᠶᠠᠪᠤᠳᠠᠯ ᠤᠨ ᠬᠦᠴᠦᠨ ᠴᠢᠳᠠᠯ ᠢᠶᠠᠨ ᠡᠷᠭᠦᠨ᠎ᠡ ᠬᠡᠪᠡ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号