ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠ ᠶᠢᠰᠦᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/6
        1 ᠰᠠᠷ᠎ᠠ ᠶᠢᠨ 3 ᠤ ᠡᠳᠦᠷ᠂ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠ ᠶᠢᠰᠦᠳᠦᠭᠡᠷ ᠤᠳᠠᠭᠠᠨ ᠤ ᠬᠤᠷᠠᠯ ᠬᠤᠷᠠᠯᠳᠤᠭᠤᠯᠵᠤ᠂ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠡᠷᠭᠡ ᠬᠠᠮᠢᠶ᠎ᠠ ᠪᠥᠬᠦᠶ ᠵᠥᠪᠯᠡᠬᠦ ᠵᠦᠢᠯᠡᠰ ᠢ ᠬᠢᠨᠠᠨ ᠶᠠᠷᠢᠯᠴᠠᠵᠤ ᠪᠠᠲᠤᠯᠠᠪᠠ᠃       ᠤᠯᠠᠭᠠᠨᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠱᠢ ᠬᠠᠶ ᠬᠤᠷᠠᠯ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠦᠸᠧ ᠶᠠᠨ ᠬᠤᠩ᠂ ᠶᠢᠨ ᠳ᠋ᠢᠶᠠᠨ᠂ ᠵᠢᠶᠠᠩ ᠬᠤᠩ ᠵᠢᠶᠦ᠋ᠨ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠨ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠶᠢᠩ ᠴᠢᠶᠦ᠋ᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠵᠢᠱᠢᠭᠳᠡᠭᠴᠢ᠂ ᠾᠧ ᠫᠢᠩ ᠵᠡᠭᠡᠯᠢ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠵᠠᠩ ᠴᠢᠤᠸᠠᠨ᠂ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠢᠦᠶ ᡁᠢ ᠴᠢᠶᠠᠩ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠢᠦᠶ ᠵᠣᠣ ᠬᠤᠸᠠ ᠵᠢᠴᠢ ᠬᠤᠲᠠ ᠶᠢᠨ ᠲᠠᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠨᠴᠠ ᠤᠷᠢᠭᠰᠠᠨ ᠲᠥᠯᠥᠭᠡᠯᠡᠭᠴᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃       ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠠᠪᠤᠳᠠᠯ ᠢ ᠪᠠᠲᠤᠯᠠᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠭᠰᠠᠨ ᠪᠥᠭᠡᠳ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ ᠬᠤᠷᠠᠯ ᠠᠴᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠢᠯᠴᠢ ᠬᠠᠩᠭᠠᠬᠤ ᠲᠦᠷᠢᠮ﹀ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ︾᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠲᠦᠷᠢᠮ﹀ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ︾᠂ ︽︿2024 ᠣᠨ ᠤ ᠤᠯᠠᠭᠠᠨᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠮᠡᠳᠡᠭᠦᠯᠦᠯᠲᠡ︾᠂ 2024 ᠣᠨ ᠤ ᠡᠯ᠎ᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠡᠭᠡᠯᠢ ᠶᠢᠨ ᠠᠵᠢᠯ ᠤᠨ ᠵᠥᠪᠯᠡᠯ ᠤᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠪᠥᠬᠦ ᠬᠤᠲᠠ ᠶᠢᠨ ᠳᠤᠯᠠᠭᠠᠯᠠᠭ᠎ᠠ ᠶᠢᠨ ᠢᠨᠵᠧᠨᠧᠷᠢᠩ ᠤᠨ ᠬᠡᠷᠡᠭᠵᠢᠭᠦᠯᠦᠯᠲᠡ ᠶᠢᠨ ᠪᠠᠶᠢᠳᠠᠯ ᠵᠡᠷᠭᠡ ᠵᠦᠢᠯᠡᠰ ᠤᠨ ᠲᠤᠬᠠᠶ ᠲᠤᠰᠬᠠᠶ ᠰᠡᠳᠦᠪ ᠢᠶᠠᠷ ᠯᠠᠪᠯᠠᠨ ᠠᠰᠠᠭᠤᠪᠠ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号