ᠤᠯᠠᠭᠠᠨᠬᠤᠲᠠ ᠲᠠᠷᠢᠶᠠᠴᠢᠳ ᠤᠨ ᠨᠠᠮᠤᠷ ᠤᠨ ᠠᠮᠤ ᠪᠤᠳᠠᠭ᠎ᠠ ᠪᠠᠨ ᠬᠤᠳᠠᠯᠳᠤᠬᠤ ᠳᠤ ᠳᠥᠭᠦᠮ ᠦᠵᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2025/1/6
        ᠥᠪᠥᠷ ᠮᠣᠩᠭᠤᠯ ᠤᠨ ᠠᠮᠤ ᠪᠤᠳᠠᠭ᠎ᠠ ᠲᠠᠷᠢᠭᠰᠠᠨ ᠲᠠᠯᠠᠪᠠᠢ 10517.7 ᠲᠦᠮᠡᠨ ᠮᠦ ᠳᠤ ᠬᠦᠷᠴᠦ᠂ ᠳᠡᠭᠡᠷ᠎ᠡ ᠵᠢᠯ ᠤᠨ ᠬᠢ ᠠᠴᠠ 40.6 ᠲᠦᠮᠡᠨ ᠮᠦ ᠨᠡᠮᠡᠭᠳᠡᠪᠡ᠃ ᠠᠮᠤ ᠪᠤᠳᠠᠭᠠᠨ ᠤ ᠲᠠᠷᠢᠮᠠᠯ ᠤᠨ ᠳᠤᠮᠳᠠᠴᠢ ᠨᠢᠭᠡᠴᠢ ᠤᠨᠠᠯᠲᠠ ᠨᠢ 779.7 ᠵᠢᠩ / ᠮᠦ ᠳᠤ ᠬᠦᠷᠴᠦ᠂ ᠳᠡᠭᠡᠷ᠎ᠡ ᠵᠢᠯ ᠤᠨ ᠬᠢ ᠠᠴᠠ 24.2 ᠵᠢᠩ / ᠮᠦ ᠨᠡᠮᠡᠭᠳᠡᠪᠡ᠃ ᠡᠨᠡ ᠵᠢᠯ ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 800 ᠳ᠋ᠦᠩᠰᠢᠭᠤᠷ ᠵᠢᠩ ᠢ ᠳᠠᠪᠠᠵᠤ᠂ 820.1 ᠳ᠋ᠦᠩᠰᠢᠭᠤᠷ ᠵᠢᠩ ᠳᠤ ᠬᠦᠷᠴᠦ᠂ ᠠᠮᠤ ᠪᠤᠳᠠᠭᠠᠨ ᠤ ᠦᠢᠯᠡᠳᠪᠦᠷᠢᠯᠡᠯ 21 ᠵᠢᠯ ᠳᠠᠷᠠᠭᠠᠯᠠᠨ ᠡᠯᠪᠡᠭ ᠬᠤᠷᠢᠶᠠᠯᠲᠠ ᠤᠯᠪᠠ᠃ ᠣᠳᠣᠬᠠᠨ ᠳᠤ᠂ ᠥᠪᠥᠷ ᠮᠣᠩᠭᠤᠯ ᠤᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠵᠠᠯᠭᠠᠭ᠎ᠠ ᠪᠠᠷ ᠥᠷᠨᠢᠵᠦ᠂ ᠡᠯ᠎ᠡ ᠭᠠᠵᠠᠷ ᠤᠨ ᠬᠢᠨ ᠴᠠᠭ ᠲᠣᠬᠢᠶᠠᠯ ᠢ ᠠᠮᠵᠢᠨ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠦᠢᠯᠡᠴᠢᠯᠡᠭᠡᠨ ᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠲᠠᠷᠢᠶᠠᠴᠢᠳ ᠤᠨ ᠠᠮᠤ ᠪᠤᠳᠠᠭ᠎ᠠ ᠪᠠᠨ ᠬᠤᠳᠠᠯᠳᠤᠬᠤ ᠳᠤ ᠳᠥᠭᠦᠮ ᠦᠵᠡᠭᠦᠯᠵᠦ ᠪᠠᠶᠢᠨ᠎ᠠ᠃       ᠲᠥᠪ ᠤᠨ ᠨᠥᠭᠡᠴᠡ ᠠᠮᠤ ᠪᠤᠳᠠᠭᠠᠨ ᠤ ᠤᠯᠠᠭᠠᠨᠬᠤᠲᠠ ᠰᠢᠭᠤᠳ ᠬᠠᠷᠢᠶ᠎ᠠ ᠬᠥᠮᠥᠷᠭᠡ ᠳᠤ᠂ ᠣᠶᠢᠯᠠᠭᠠᠭᠰᠠᠨ ᠢᠶᠠᠷ᠂ ᠠᠮᠤ ᠪᠤᠳᠠᠭᠠᠨ ᠤ ᠬᠥᠮᠥᠷᠭᠡ ᠨᠢ ᠲᠠᠷᠢᠶᠠᠴᠢᠨ ᠡᠷᠦᠬᠡ ᠶᠢᠨ ᠠᠮᠤ ᠪᠤᠳᠠᠭ᠎ᠠ ᠬᠤᠳᠠᠯᠳᠤᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠤᠯᠠᠭᠠᠨᠬᠤᠲᠠ ᠶᠢᠨ ᠰᠢᠭᠤᠳ ᠬᠠᠷᠢᠶ᠎ᠠ ᠬᠥᠮᠥᠷᠭᠡ ᠲᠠᠷᠢᠶᠠᠴᠢᠨ ᠡᠷᠦᠬᠡ ᠳᠤ ︽ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠳᠤ ᠠᠰᠢᠭ ᠬᠦᠷᠲᠡᠭᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ ᠦᠢᠯᠡᠴᠢᠯᠡᠭᠡ ᠶᠢ ᠳᠡᠯᠭᠡᠷᠡᠭᠦᠯᠵᠦ᠂ ᠣᠶᠢᠷ᠎ᠠ ᠬᠠᠪᠢ ᠶᠢᠨ ᠠᠮᠤ ᠪᠤᠳᠠᠭ᠎ᠠ ᠬᠤᠳᠠᠯᠳᠤᠬᠤ ᠬᠥᠮᠥᠷᠭᠡ ᠶᠢᠨ ᠴᠡᠭ ᠪᠠ ᠠᠮᠤ ᠪᠤᠳᠠᠭ᠎ᠠ ᠬᠤᠳᠠᠯᠳᠤᠬᠤ ᠪᠠᠷ ᠤᠷᠢᠳᠴᠢᠯᠠᠨ ᠪᠣᠯᠵᠣᠬᠤ ᠴᠠᠭ ᠢ ᠤᠷᠢᠳᠴᠢᠯᠠᠨ ᠰᠣᠩᠭᠤᠵᠤ᠂ ᠮᠥᠷᠯᠡᠨ ᠬᠦᠯᠢᠶᠡᠬᠦ ᠴᠠᠭ ᠢ ᠠᠷᠪᠢᠯᠠᠵᠤ᠂ ᠠᠮᠤ ᠪᠤᠳᠠᠭ᠎ᠠ ᠬᠤᠳᠠᠯᠳᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃       ︽ᠣᠳᠣᠬᠠᠨ ᠳᠤ᠂ ᠬᠢᠩᠭᠠᠨ ᠠᠶᠢᠮᠠᠭ ᠤᠨ ᠬᠠᠷᠢᠶ᠎ᠠ ᠣᠷᠣᠨ ᠳᠤ 8 ᠬᠥᠮᠥᠷᠭᠡ ᠬᠠᠮᠲᠤ ᠳᠤ ᠪᠠᠨ ᠠᠮᠤ ᠪᠤᠳᠠᠭ᠎ᠠ ᠬᠤᠳᠠᠯᠳᠤᠨ ᠠᠪᠴᠤ᠂ ᠡᠳᠦᠷ ᠪᠦᠷᠢ ᠶᠢᠨ ᠬᠥᠮᠥᠷᠭᠡ ᠳᠤ ᠣᠷᠣᠭᠤᠯᠬᠤ ᠬᠡᠮᠵᠢᠶ᠎ᠡ ᠨᠢ 8000 ᠲᠣᠨ ᠣᠷᠴᠢᠮ ᠪᠠᠶᠢᠵᠤ᠂ ᠣᠳᠣᠬᠠᠨ ᠳᠤ ᠫᠠᠶᠢᠰᠠ ᠡᠯᠭᠦᠨ ᠬᠤᠳᠠᠯᠳᠤᠨ ᠠᠪᠬᠤ ᠦᠨ᠎ᠡ ᠨᠢ ᠵᠢᠩ ᠪᠦᠷᠢ ᠠᠴᠠ ᠪᠠᠨ 2 ᠠᠴᠠ 3 ᠹᠦᠨ ᠥᠨᠳᠥᠷ ᠪᠠᠶᠢᠵᠤ᠂ ᠠᠮᠤ ᠪᠤᠳᠠᠭ᠎ᠠ ᠬᠤᠳᠠᠯᠳᠤᠬᠤ ᠲᠠᠷᠢᠶᠠᠴᠢᠨ ᠡᠷᠦᠬᠡ ᠶᠢᠨ ᠢᠳᠡᠪᠬᠢᠵᠢᠯ ᠢ ᠪᠦᠲᠦᠮᠵᠢᠲᠡᠶ ᠳᠡᠭᠡᠭᠰᠢᠯᠡᠭᠦᠯᠪᠡ᠃ ᠬᠠᠷᠢᠶ᠎ᠠ ᠣᠷᠣᠨ ᠤ ᠬᠢᠨ ᠥᠷᠯᠥᠭᠡ ᠪᠦᠷᠢ ᠶᠢᠨ 7 ᠴᠠᠭ ᠠᠴᠠ ᠡᠬᠢᠯᠡᠨ ᠠᠵᠢᠯᠯᠠᠵᠤ᠂ ᠣᠷᠣᠶ ᠶᠢᠨ 9 ᠴᠠᠭ ᠲᠤ ᠳᠠᠭᠤᠰᠴᠤ᠂ ᠡᠳᠦᠷ ᠪᠦᠷᠢ 14 ᠴᠠᠭ ᠣᠷᠴᠢᠮ ᠠᠵᠢᠯᠯᠠᠳᠠᠭ᠃ ᠡᠭᠦᠨ ᠤ ᠬᠠᠮᠲᠤ ᠠᠮᠤ ᠪᠤᠳᠠᠭ᠎ᠠ ᠬᠤᠳᠠᠯᠳᠤᠭᠰᠠᠨ ᠮᠥᠩᠭᠦ ᠶᠢ 24 ᠴᠠᠭ ᠤᠨ ᠳᠣᠲᠣᠷ᠎ᠠ ᠥᠭᠬᠦ ᠶᠢ ᠪᠠᠲᠤᠯᠠᠵᠤ᠂ ᠲᠠᠷᠢᠶᠠᠴᠢᠨ ᠡᠷᠦᠬᠡ ᠶᠢᠨ ᠠᠰᠢᠭ ᠲᠤᠰᠠ ᠶᠢ ᠦᠨᠡᠨ ᠬᠦ ᠪᠠᠲᠤᠯᠠᠵᠤ ᠪᠠᠶᠢᠨ᠎ᠠ︾ ᠬᠡᠵᠦ ᠵᠠᠩ ᠨᠠᠨ ᠬᠡᠯᠡᠪᠡ᠃       ᠣᠶᠢᠯᠠᠭᠠᠭᠰᠠᠨ ᠢᠶᠠᠷ᠂ ᠲᠥᠪ ᠤᠨ ᠠᠮᠤ ᠪᠤᠳᠠᠭ᠎ᠠ ᠨᠥᠭᠡᠴᠡᠯᠡᠬᠦ ᠪᠦᠯᠦᠭᠯᠡᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠪᠥᠬᠦ ᠬᠠᠷᠢᠶ᠎ᠠ ᠣᠷᠣᠨ ᠳᠤ ᠫᠠᠶᠢᠰᠠ ᠡᠯᠭᠦᠨ ᠬᠤᠳᠠᠯᠳᠤᠨ ᠠᠪᠬᠤ ᠬᠥᠮᠥᠷᠭᠡ ᠶᠢᠨ ᠴᠡᠭ ᠢ 52 ᠭᠠᠷᠭᠠᠵᠤ᠂ ᠬᠠᠷᠢᠶ᠎ᠠ ᠣᠷᠣᠨ ᠳᠤ ᠰᠢᠨ᠎ᠡ ᠤᠯᠠᠷᠢᠯ ᠤᠨ ᠡᠷᠳᠡᠨᠢ ᠰᠢᠰᠢ ᠶᠢ ᠨᠡᠶᠢᠲᠡ 141.8 ᠲᠦᠮᠡᠨ ᠲᠣᠨ ᠬᠤᠳᠠᠯᠳᠤᠨ ᠠᠪᠤᠪᠠ᠃ ᠡᠯ᠎ᠡ ᠬᠤᠳᠠᠯᠳᠤᠨ ᠠᠪᠬᠤ ᠬᠥᠮᠥᠷᠭᠡ ᠶᠢᠨ ᠴᠡᠭ ᠨᠢ ︽ᠮᠡᠷᠭᠡᠵᠢᠯ ᠢᠶᠠᠷ ᠰᠡᠷᠭᠡᠶᠢᠯᠡᠬᠦ ᠮᠡᠷᠭᠡᠵᠢᠯ ᠢᠶᠠᠷ ᠡᠵᠡᠮᠳᠡᠬᠦ︾ ᠲᠥᠷᠥᠯ ᠵᠦᠢᠯ ᠤᠨ ᠲᠠᠪᠴᠠᠩ ᠢ ᠣᠷᠣᠭᠤᠯᠤᠨ ᠠᠪᠴᠢᠷᠠᠵᠤ᠂ ᠠᠮᠤ ᠪᠤᠳᠠᠭᠠᠨ ᠤ ᠪᠠᠶᠢᠳᠠᠯ ᠢ ᠬᠢᠨᠠᠨ ᠬᠡᠮᠵᠢᠬᠦ ᠰᠢᠰᠲ᠋ᠧᠮ ᠢ ᠠᠰᠢᠭᠯᠠᠨ᠂ ᠰᠠᠩ ᠬᠥᠮᠥᠷᠭᠡ ᠶᠢᠨ ᠳᠣᠲᠣᠷᠠᠬᠢ ᠠᠮᠤ ᠪᠤᠳᠠᠭᠠᠨ ᠤ ᠳᠤᠯᠠᠭᠠᠨ᠂ ᠴᠢᠭᠢᠭ ᠤᠨ ᠬᠡᠮᠵᠢᠶ᠎ᠡ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ AI ᠤᠷᠢᠳᠴᠢᠯᠠᠨ ᠰᠡᠷᠡᠮᠵᠢᠯᠡᠭᠦᠯᠬᠦ ᠴᠢᠳᠠᠮᠵᠢ ᠶᠢ ᠠᠰᠢᠭᠯᠠᠨ᠂ ᠴᠠᠭ ᠲᠤᠬᠠᠶ ᠳᠤᠨᠢ ᠰᠠᠯᠬᠢ ᠨᠡᠪᠲᠡᠷᠡᠭᠦᠯᠦᠨ ᠠᠵᠢᠯᠯᠠᠬᠤ ᠶᠢ ᠰᠠᠨᠠᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ ᠪᠠᠶᠢᠨ᠎ᠠ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号