| | ᠤᠢᠢᠷ᠎ᠠ ᠶᠢᠨ ᠵᠢᠯ ᠠᠴᠠ᠂ ᠤᠯᠠᠭᠠᠨᠬᠤᠲᠠ ᠤᠯᠠᠨ ᠲᠦᠮᠡᠨ ᠤ ︽ᠪᠠᠴᠢᠮᠳᠠᠵᠤ ᠲᠦᠪᠡᠭᠳᠡᠵᠦ ᠵᠤᠪᠠᠨᠢᠵᠤ | ᠬᠦᠰᠡᠵᠦ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠵᠤ᠂ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ | ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠡᠢ᠃ | | | | | | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠭᠰᠡᠨ ᠤ ᠳᠠᠷᠠᠭᠠᠬᠢ ᠪᠣᠳᠠᠲᠠᠶ ᠦᠷ᠎ᠡ | ᠪᠦᠲᠦᠮᠵᠢ ᠶᠢ ᠦᠨᠡᠨ ᠬᠦ ᠣᠶᠢᠯᠠᠭᠠᠬᠤ ᠶᠢᠨ ᠲᠥᠯᠥᠭᠡ᠂ ᠤᠯᠠᠭᠠᠨᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ | ᠲᠥᠪ ᠤᠨ ᠠᠵᠢᠯᠲᠠᠳ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠲᠠᠢ ᠬᠠᠮᠲᠤ ᠪᠠᠷ ᠬᠠᠷᠢᠶ᠎ᠠ ᠣᠷᠣᠨ ᠤ | ᠰᠠᠭᠤᠭᠠᠯᠢ ᠠᠷᠠᠳ ᠤᠨ ᠬᠡᠷ ᠲᠤ ᠭᠦᠨᠵᠡᠭᠡᠶᠢᠷᠡᠨ ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠦ᠂ ᠰᠠᠭᠤᠭᠠᠯᠢ | ᠠᠷᠠᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠵᠤ᠂ ᠲᠠᠷᠠᠭᠠᠴᠢ ᠶᠢᠨ ᠠᠯᠬᠤᠮ ᠤᠨ ᠬᠤᠲᠠ ᠶᠢᠨ | ᠰᠢᠨᠡᠴᠢᠯᠡᠯᠲᠡ ᠶᠢᠨ ᠠᠵᠢᠯ ᠳᠤ ᠪᠦᠲᠦᠮᠵᠢᠲᠡᠶ ᠯᠠᠪᠯᠠᠯᠲᠠ ᠬᠠᠩᠭᠠᠪᠠ᠃ | ᠤᠯᠠᠭᠠᠨᠬᠤᠲᠠ ᠶᠢᠨ ᠬᠢᠩᠭᠠᠨ ᠭᠤᠷᠪᠠᠳᠤᠭᠠᠷ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ | ᠯᠢᠦ ᠱᠦᠨ ᠴᠧᠩ᠄ ︽ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠭᠰᠡᠨ ᠤ ᠳᠠᠷᠠᠭ᠎ᠠ᠂ ᠠᠰᠠᠷ ᠤᠨ ᠵᠠᠮ ᠢᠶᠠᠷ | ᠤᠰᠤ ᠭᠤᠭᠤᠵᠢᠬᠤ ᠦᠵᠡᠭᠳᠡᠯ ᠳᠠᠬᠢᠵᠤ ᠭᠠᠷᠤᠭᠰᠠᠨ ᠦᠭᠡᠢ᠂ ᠡᠪᠦᠯ ᠤᠨ ᠤᠯᠠᠷᠢᠯ ᠳᠤ ᠬᠡᠷ ᠳᠣᠲᠣᠷᠠᠬᠢ | ᠳᠤᠯᠠᠭᠠᠨ ᠤ ᠬᠡᠮᠵᠢᠶ᠎ᠡ ᠴᠦ 4 - 5 ᠭᠷᠠᠳᠦ᠋ᠰ ᠳᠡᠭᠡᠭᠰᠢᠯᠡᠵᠦ᠂ ᠪᠢᠳᠡ ᠴᠥᠮ ᠨᠡᠯᠢᠶᠡᠳ ᠰᠡᠳᠬᠢᠯ ᠬᠠᠨᠤᠮᠵᠢᠲᠠᠶ | ᠪᠠᠶᠢᠨ᠎ᠠ︾ ᠭᠡᠵᠦ ᠬᠡᠯᠡᠪᠡ᠃ | 2024 ᠣᠨ ᠳᠤ᠂ ᠤᠯᠠᠭᠠᠨᠬᠤᠲᠠ ᠶᠢᠨ ᠬᠢᠩᠭᠠᠨ ᠭᠤᠷᠪᠠᠳᠤᠭᠠᠷ ᠰᠠᠭᠤᠭᠠᠯᠢ ᠠᠷᠠᠳ ᠤᠨ ᠲᠣᠭᠤᠷᠢᠭ | ᠪᠥᠬᠦ ᠲᠠᠯ᠎ᠠ ᠪᠠᠷ ᠲᠠᠰ ᠳᠡᠪᠰᠢᠭᠦᠯᠦᠨ ᠥᠭᠡᠷᠡᠴᠢᠯᠡᠵᠤ᠂ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠢᠨᠵᠧᠨᠧᠷᠢᠩ | ᠬᠢᠵᠦ᠂ ᠭᠠᠳᠠᠷ ᠲᠠᠯ᠎ᠠ ᠶᠢᠨ ᠤᠰᠤ ᠰᠡᠷᠭᠡᠶᠢᠯᠡᠬᠦ ᠠᠵᠢᠯ ᠨᠢ ᠬᠡᠷ ᠳᠣᠲᠤᠷᠠᠬᠢ ᠤᠰᠤ ᠭᠤᠭᠤᠵᠢᠬᠤ ᠬᠦᠴᠢᠷ | ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠳᠠᠬᠢᠨ ᠥᠩᠭᠡᠯᠡᠭᠰᠡᠨ ᠠᠰᠠᠷ ᠤᠨ ᠱᠠᠲᠤ᠂ ᠰᠢᠨ᠎ᠡ ᠪᠠᠷ | ᠰᠣᠯᠢᠭᠰᠠᠨ ᠣᠷᠤᠴᠠ ᠶᠢᠨ ᠡᠭᠦᠳᠡ ᠨᠢ ᠰᠠᠭᠤᠭᠠᠯᠢ ᠠᠷᠠᠳ ᠤᠨ ᠲᠣᠭᠤᠷᠢᠭ ᠤᠨ ᠭᠠᠳᠠᠷ ᠳᠦᠷᠬᠦ ᠶᠢ ᠪᠥᠬᠦ | ᠲᠠᠯ᠎ᠠ ᠪᠠᠷ ᠳᠡᠭᠡᠭᠰᠢᠯᠡᠭᠦᠯᠬᠦ ᠶᠢᠨ ᠬᠠᠮᠲᠤ᠂ ᠣᠷᠣᠨ ᠰᠠᠭᠤᠴᠠ ᠶᠢᠨ ᠶᠠᠰᠤ ᠴᠢᠨᠠᠷ ᠢ ᠨᠠᠩ ᠰᠠᠶᠢᠵᠢᠷᠠᠭᠤᠯᠵᠤ᠂ | ᠬᠢᠩᠭᠠᠨ ᠭᠤᠷᠪᠠᠳᠤᠭᠠᠷ ᠰᠠᠭᠤᠭᠠᠯᠢ ᠠᠷᠠᠳ ᠤᠨ ᠲᠣᠭᠤᠷᠢᠭ ᠢ ᠴᠤ᠋ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠪᠠ᠃ | | | | | | | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠭᠰᠡᠨ ᠨᠢ ᠬᠠᠲᠠᠭᠤ ᠲᠣᠨᠤᠭ | ᠲᠥᠬᠦᠭᠡᠷᠦᠮᠵᠢ ᠶᠢ ᠥᠭᠡᠷᠡᠴᠢᠯᠡᠨ ᠲᠡᠭᠦᠯᠳᠡᠷᠵᠢᠭᠦᠯᠦᠭᠰᠡᠨ ᠢᠶᠠᠷ ᠪᠠᠷᠠᠬᠤ ᠦᠭᠡᠢ ᠪᠠᠰᠠ ᠰᠠᠭᠤᠭᠠᠯᠢ ᠠᠷᠠᠳ ᠤᠨ | ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠪᠠ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ | ᠭᠦᠢᠴᠡᠳ ᠪᠣᠳᠣᠯᠬᠢᠯᠠᠵᠤ᠂ ᠰᠠᠭᠤᠭᠠᠯᠢ ᠠᠷᠠᠳ ᠢ ᠦᠨᠡᠨ ᠬᠦ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ | ᠥᠭᠡᠷᠡᠴᠢᠯᠡᠨ ᠰᠢᠨᠡᠳᠬᠡᠬᠦ ᠳᠤ ᠣᠷᠣᠯᠴᠠᠭᠴᠢ ᠪᠠ ᠠᠰᠢᠭ ᠬᠦᠷᠲᠡᠭᠴᠢ ᠪᠣᠯᠭᠠᠵᠠᠢ᠃ ᠤᠯᠠᠭᠠᠨᠬᠤᠲᠠ ᠶᠢᠨ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠤᠨ ᠤᠷᠤᠭᠰᠢᠲᠠᠶ ᠳᠠᠭᠤᠰᠬᠤ ᠶᠢ | ᠳᠠᠭᠠᠯᠳᠤᠨ᠂ ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠭᠡᠯ ᠨᠢ ᠰᠠᠭᠤᠭᠠᠯᠢ ᠠᠷᠠᠳ ᠤᠨ ᠠᠮᠢᠳᠤᠷᠠᠯ ᠳᠤ ᠲᠩᠷᠢ | ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠠᠶ᠃ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠬᠡᠷ | ᠪᠦᠯᠢ ᠶᠢᠨ ᠠᠰᠠᠷ ᠤᠨ ᠬᠦᠷᠢᠶᠡᠨ ᠤ ᠰᠢᠨ᠎ᠡ ᠪᠠᠷ ᠪᠠᠶᠢᠭᠤᠯᠤᠭᠰᠠᠨ ᠪᠡᠶ᠎ᠡ ᠴᠢᠭᠢᠷᠠᠭᠵᠢᠭᠤᠯᠬᠤ ᠭᠠᠵᠠᠷ ᠨᠢ ᠰᠠᠭᠤᠭᠠᠯᠢ | ᠠᠷᠠᠳ ᠤᠨ ᠰᠡᠯᠡᠭᠦᠴᠡᠨ ᠪᠣᠯᠪᠠᠰᠤᠷᠠᠬᠤ ᠰᠠᠶᠢᠨ ᠭᠠᠵᠠᠷ ᠪᠣᠯᠤᠭᠰᠠᠨ ᠪᠠᠶᠢᠨ᠎ᠠ᠃ | | | | | | ︽ᠣᠳᠣᠬᠠᠨ ᠳᠤ ᠰᠠᠭᠤᠭᠠᠯᠢ ᠠᠷᠠᠳ ᠤᠨ ᠲᠣᠭᠤᠷᠢᠭ ᠤᠨ ᠭᠠᠵᠠᠷ ᠲᠡᠭᠰᠢᠬᠡᠨ᠂ ᠦᠳᠡ ᠶᠢᠨ ᠡᠮᠦᠨ᠎ᠡ | ᠪᠢᠳᠡ ᠡ᠊ᠡᠳᠡ ᠶᠠᠩᠭᠠᠷ ᠪᠥᠵᠢᠭᠯᠡᠵᠦ᠂ ᠦᠳᠡ ᠶᠢᠨ ᠬᠤᠶᠢᠨ᠎ᠠ ᠪᠠᠰᠠ ᠡᠷᠡᠭᠦᠯ ᠮᠡᠨᠳᠦ ᠶᠢᠨ ᠪᠠᠭᠠᠵᠢ ᠬᠡᠷᠡᠭᠰᠡᠯ ᠢᠶᠠᠷ | ᠪᠡᠶ᠎ᠡ ᠪᠠᠨ ᠪᠣᠯᠪᠠᠰᠤᠷᠠᠭᠤᠯᠵᠤ ᠳᠡᠶᠢᠯᠦᠨ᠎ᠡ᠃ ᠡᠶᠢᠮᠦ ᠰᠠᠶᠢᠨ ᠣᠷᠴᠢᠨ ᠲᠠᠢ ᠪᠣᠯᠣᠭᠰᠠᠨ ᠳᠤ ᠮᠠᠨ ᠤ ᠨᠠᠰᠤᠲᠠᠶᠢᠴᠤᠳ | ᠶᠡᠭᠡ ᠪᠠᠶᠠᠷᠯᠠᠵᠤ ᠪᠠᠶᠢᠨ᠎ᠡ︾ ᠭᠡᠵᠦ ᠰᠠᠭᠤᠭᠠᠯᠢ ᠠᠷᠠᠳ ᠶᠠᠩ ᠱᠦ ᠮᠧᠶ ᠬᠡᠯᠡᠨ᠎ᠡ᠃ | ᠤᠯᠠᠭᠠᠨᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠲᠥᠪ ᠤᠨ ᠢᠨᠵᠧᠨᠧᠷᠢᠩ ᠤᠨ ᠲᠠᠰᠤᠭ ᠤᠨ | ᠬᠠᠷᠢᠭᠤᠴᠠᠯᠭᠠᠲᠠᠨ ᠯᠢᠦᠶ ᠱᠤᠸᠠᠢ᠂ 2024 ᠣᠨ ᠳᠤ ᠨᠡᠶᠢᠲᠡ 101 ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠨ ᠪᠠᠶᠢᠭᠤᠯᠪᠠ᠂ ᠡᠭᠦᠨ ᠳᠤ 48 ᠰᠠᠭᠤᠭᠠᠯᠢ ᠠᠷᠠᠳ ᠤᠨ ᠲᠣᠭᠤᠷᠢᠭ ᠤᠨ ᠭᠤᠤᠯ ᠴᠣᠭᠴᠠ ᠶᠢ | ᠥᠭᠡᠷᠡᠴᠢᠯᠡᠨ ᠪᠠᠶᠢᠭᠤᠯᠵᠤ᠂ 53 ᠰᠠᠭᠤᠭᠠᠯᠢ ᠠᠷᠠᠳ ᠤᠨ ᠲᠣᠭᠤᠷᠢᠭ ᠢ ᠢᠵᠢ ᠪᠥᠷᠢᠳᠦᠭᠦᠯᠦᠨ ᠥᠭᠡᠷᠡᠴᠢᠯᠡᠨ | ᠰᠢᠨᠡᠳᠭᠡᠪᠡ᠃ 2025 ᠣᠨ ᠳᠤ ᠤᠯᠠᠭᠠᠨᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠲᠥᠪ ᠨᠢ 70 | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠦ᠂ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠤᠨ ᠴᠢᠳᠠᠮᠵᠢ ᠶᠢᠨ ᠢᠵᠢ ᠪᠥᠷᠢᠳᠦᠭᠦᠯᠬᠦ ᠳᠤᠲᠠᠭᠳᠠᠵᠤ ᠪᠠᠶᠢᠭ᠎ᠠ ᠠᠰᠠᠭᠤᠳᠠᠯ ᠢ | ᠴᠢᠷᠮᠠᠶᠢᠨ ᠰᠢᠢᠳᠪᠦᠷᠢᠯᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠤᠯᠠᠭᠠᠨᠬᠤᠲᠠ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ | ᠠᠬᠢᠭᠤᠯᠵᠤ᠂ ᠠᠷᠠᠳ ᠣᠯᠠᠨ ᠢ ᠨᠠᠩ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠠ ᠵᠣᠯ | ᠵᠢᠷᠭᠠᠯᠲᠤ ᠲᠥᠷᠥᠭᠳᠡᠯ ᠲᠠᠢ ᠪᠣᠯᠭᠠᠨ᠎ᠠ ᠭᠡᠵᠦ ᠢᠯᠡᠷᠬᠡᠶᠢᠯᠡᠵᠡᠢ᠃ | |