ᠰᠢᠨ᠎ᠡ ᠠᠶᠠᠨ ᠳᠤ ᠡᠷᠡᠯᠭᠡᠭᠯᠡᠨ ᠲᠡᠮᠡᠴᠡᠵᠦ ᠦᠨᠡᠨ ᠪᠤᠳᠠᠳᠠᠢ ᠠᠵᠢᠯᠯᠠᠨ ᠰᠢᠨ᠎ᠡ ᠬᠠᠭᠤᠳᠠᠰᠦ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2025/1/7
        — ᠠᠶᠢᠮᠠᠭ ᠤᠨ ᠨᠠᠮ ᠤᠨ ᠬᠤᠷᠢᠶ᠎ᠠ ᠶᠢᠨ ︵ᠦᠷᠭᠡᠳᠭᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠦ ᠠᠬᠤᠢ ᠶᠢᠨ ᠠᠵᠢᠯ ᠤᠨ ᠬᠤᠷᠠᠯ ᠮᠠᠨ ᠤ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠺᠠᠳ᠋ᠷᠴᠤᠳ ᠤᠨ ᠲᠤᠮᠳᠠ ᠴᠢᠩᠭ᠎ᠠ ᠲᠤᠰᠬᠠᠯ ᠭᠠᠷᠪᠠ        2025 ᠤᠨ ᠤ 1 ᠰᠠᠷ᠎ᠠ ᠶᠢᠨ 2 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ︵ᠦᠷᠭᠡᠳᠭᠡᠭᠰᠡᠨ ︶ ᠬᠤᠷᠠᠯ ᠵᠢᠴᠢ ᠪᠦᠬᠦ ᠠᠶᠢᠮᠠᠭ ᠤᠨ ᠠᠵᠦ ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ 2024 ᠣᠨ ᠤ ᠠᠵᠢᠯ ᠢ ᠳ᠋ᠦᠩᠨᠡᠵᠦ᠂ 2025 ᠣᠨ ᠤ ᠠᠵᠢᠯ ᠢ ᠪᠠᠶᠢᠷᠢᠯᠠᠭᠤᠯᠵᠦ᠂ 2025 ᠣᠨ ᠳᠤ ᠲᠠᠪᠤᠨ ᠶᠡᠭᠡ ᠡᠭᠦᠷᠭᠡ ᠶᠢ ᠦᠷᠭᠦᠯᠵᠢᠯᠡᠨ ᠠᠬᠢᠭᠤᠯᠵᠤ᠂ ᠵᠢᠷᠭᠤᠭᠠᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠵᠢᠷᠭᠤᠭᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠦᠩᠭᠡᠷᠡᠭᠰᠡᠨ ᠵᠢᠯ ᠤᠨ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ᠂ ᠰᠢᠨ᠎ᠡ ᠵᠢᠯ ᠤᠨ ᠬᠠᠷᠠᠯᠲᠠ ᠲᠣᠳᠣᠷᠬᠠᠶ ᠪᠥᠭᠡᠳ ᠦᠨᠡᠨ ᠪᠤᠳᠠᠳᠠᠢ ᠶᠢ ᠡᠷᠬᠢᠮᠯᠡᠵᠦ᠂ ᠬᠦᠮᠦᠰ ᠢ ᠤᠷᠮᠠᠰᠢᠭᠤᠯᠤᠨ᠎ᠡ᠃ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠭᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠨᠢ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠺᠠᠳ᠋ᠷᠴᠤᠳ ᠤᠨ ᠲᠤᠮᠳᠠ ᠴᠢᠩᠭ᠎ᠠ ᠲᠤᠰᠬᠠᠯ ᠭᠠᠷᠪᠠ᠃       ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠶᠠᠨ᠄ ᠶᠡᠷᠦᠩᠬᠡᠶᠢᠯᠡᠭᠰᠡᠨ ᠠᠵᠤ ᠠᠬᠤᠶ ᠶᠢᠨ ᠰᠠᠯᠠᠭ᠎ᠠ ᠮᠥᠴᠢᠷ ᠤᠨ ᠬᠤᠪᠢ ᠳᠤ᠂ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠡᠨᠡ ᠵᠢᠯ ᠤᠨ ᠠᠵᠤ ᠠᠬᠤᠶ ᠶᠢᠨ ᠠᠵᠢᠯ ᠤᠨ ᠶᠡᠷᠦᠩᠭᠡᠢ ᠱᠠᠭᠠᠷᠳᠠᠯᠭ᠎ᠠ᠂ ᠲᠥᠷᠥ ᠶᠢᠨ ᠪᠣᠳᠣᠯᠭ᠎ᠠ ᠶᠢᠨ ᠬᠠᠨᠳᠤᠰᠢ ᠪᠣᠯᠤᠨ ᠭᠤᠣᠯᠳᠠᠯᠭ᠎ᠠ ᠲᠠᠢ ᠡᠭᠦᠷᠭᠡ ᠶᠢ ᠤᠨᠤᠴᠠᠳᠠᠢ ᠡᠵᠡᠮᠳᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠭᠡᠵᠦ᠂ ᠡᠳ᠋ ᠤᠨ ᠵᠠᠰᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠨ ᠠᠬᠢᠭᠤᠯᠬᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠨᠡᠩ ᠢᠳᠡᠪᠬᠢᠲᠡᠶ ᠬᠡᠷᠡᠭᠵᠢᠭᠦᠯᠵᠦ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠦ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠡᠳ᠋ ᠤᠨ ᠵᠠᠰᠠᠭ ᠤᠨ ᠳᠡᠮᠵᠢᠯᠭᠡ ᠶᠢᠨ ᠲᠥᠷᠥ ᠶᠢᠨ ᠪᠤᠳᠤᠯᠭ᠎ᠠ ᠶᠢ ᠲᠡᠬᠦᠯᠳᠡᠷᠵᠢᠬᠦᠯᠵᠦ᠂ ᠠᠶᠤᠯ ᠲᠦᠭᠰᠢᠭᠦᠷᠢ ᠶᠢᠨ ᠬᠡᠮ ᠰᠣᠭᠤᠭ ᠢ ᠰᠡᠷᠭᠡᠶᠢᠯᠡᠨ ᠠᠷᠢᠯᠭᠠᠵᠤ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠦᠷᠭᠦᠯᠵᠢᠯᠡᠨ ᠬᠦᠴᠦᠯᠡᠬᠦ᠂ ᠨᠠᠩ ᠬᠦᠴᠦᠲᠡᠶ ᠪᠠᠶᠢᠬᠤ ᠶᠢ ᠪᠠᠲᠤᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠪᠥᠬᠦ ᠵᠢᠯ ᠤᠨ ᠡᠳ᠋ ᠤᠨ ᠵᠠᠰᠠᠭ ᠤᠨ ᠡᠯ᠎ᠡ ᠵᠦᠢᠯ ᠤᠨ ᠭᠦᠢᠴᠡᠳᠭᠡᠯ ᠲᠤᠭ᠎ᠠ ᠶᠢ ᠴᠢᠷᠮᠠᠶᠢᠨ ᠪᠡᠶᠡᠯᠡᠭᠦᠯᠵᠦ᠂ ᠡᠳ᠋ ᠤᠨ ᠵᠠᠰᠠᠭ ᠤᠨ ᠦᠷᠬᠦᠯᠵᠢᠯᠡᠬᠦ᠋ᠴᠡ ᠬᠥᠭᠵᠢᠯᠲᠡ ᠶᠢ ᠠᠬᠢᠭᠤᠯᠤᠨ᠂ ᠠᠵᠤ ᠠᠬᠤᠶ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠦᠨᠡᠨᠬᠦ ᠪᠠᠬᠢᠵᠢᠭᠦᠯᠦᠨ ᠴᠢᠩᠭᠠᠳᠬᠠᠵᠤ᠂ 2025 ᠣᠨ ᠤ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠡᠳ᠋ ᠤᠨ ᠵᠠᠰᠠᠭ ᠤᠨ ᠬᠤᠪᠢ ᠨᠡᠮᠡᠷᠢ ᠪᠠᠨ ᠦᠵᠡᠬᠦᠯᠦᠨ᠎ᠡ ᠭᠡᠪᠡ᠃       ᠬᠢᠩᠭᠠᠨ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠡᠷᠬᠢᠯᠡᠭᠴᠢ ᠸᠧᠢ ᠳ᠋ᠠ ᠶᠦᠩ᠄ ᠬᠢᠩᠭᠠᠨ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠠᠴᠠ ᠲᠤᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠷᠠᠯ ᠠᠴᠠ ᠲᠤᠷᠠᠳᠤᠭᠰᠠᠨ ︽ᠴᠢᠬᠤᠯᠠ ᠶᠡᠭᠡ ᠲᠥᠷᠥᠯ ᠵᠦᠢᠯ ᠢ ᠲᠥᠰᠦᠪᠯᠡᠬᠦ ᠠᠵᠢᠯᠯᠠᠭ᠎ᠠ︾ ᠳᠤ ᠠᠩᠬᠠᠷᠤᠯ ᠢᠶᠠᠨ ᠲᠦᠪᠯᠡᠷᠡᠬᠦᠯᠵᠦ᠂ ᠴᠢᠷᠮᠠᠶᠢᠨ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠲᠥᠷᠥᠯ ᠵᠦᠢᠯ ᠤᠨ ᠦᠢᠯᠠᠴᠢᠯᠡᠭᠡᠨ ᠤ ᠪᠠᠳᠤᠯᠠᠭ᠎ᠠ ᠬᠠᠩᠭᠠᠬᠤ ᠠᠵᠢᠯ ᠢ ᠪᠦᠬᠦ ᠲᠠᠯ᠎ᠠ ᠪᠠᠷ ᠴᠢᠨᠠᠷ ᠰᠠᠶᠢᠳᠠᠢ ᠬᠢᠵᠦ᠂ ᠪᠥᠬᠦ ᠠᠶᠢᠮᠠᠭ ᠤᠨ ᠠᠵᠤ ᠠᠬᠤᠶ ᠶᠢᠨ ᠦᠷᠭᠦᠯᠵᠢᠯᠡᠨ ᠴᠢᠨᠠᠷ ᠰᠠᠶᠢᠲᠠᠶ ᠬᠥᠭᠵᠢᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ ᠬᠢᠩᠭᠠᠨ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠪᠠᠰᠠ ᠬᠤᠷᠠᠯ ᠠᠴᠠ ᠳᠤᠷᠠᠳᠤᠭᠰᠠᠨ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠤᠪᠴᠢᠶ᠎ᠠ ᠶᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠵᠤ᠂ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢᠨ ᠲᠥᠰᠦᠯ ᠢ ᠲᠦᠷᠭᠡᠨ ᠲᠣᠭᠲᠠᠭᠠᠨ ᠨᠡᠶᠢᠲᠡᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠠᠪᠰᠤᠷᠤᠨ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠰᠢᠢᠳᠪᠦᠷᠢᠯᠡᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠪᠣᠯᠤᠨ ᠪᠦᠲᠦᠭᠡᠯᠴᠢ ᠬᠦᠴᠦᠨ ᠢ ᠴᠢᠨᠠᠭᠰᠢᠳᠠ ᠬᠥᠭᠵᠢᠭᠡᠵᠦ᠂ ᠬᠢᠩᠭᠠᠨ ᠠᠶᠢᠮᠠᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠪᠡ᠃       ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠢ ᠬᠤᠩ ᠮᠧᠢ᠄ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠢᠰᠲᠤᠮ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠪᠠᠷ ᠭᠤᠤᠯ ᠰᠢᠵᠢᠮ ᠪᠤᠯᠭᠠᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠵᠢᠷᠭᠤᠭᠠᠨ ᠢᠨᠵᠧᠨᠧᠷᠢᠩ ᠳᠤ ᠬᠦᠴᠦᠨ ᠨᠡᠮᠡᠷᠢᠯᠡᠬᠦ᠂ ᠵᠢᠷᠭᠤᠭᠠᠨ ᠠᠵᠢᠯᠯᠠᠭ᠎ᠠ ᠶᠢ ᠥᠷᠨᠢᠭᠦᠯᠵᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠳᠤᠯᠠᠨ ᠦᠢᠯᠡᠴᠢᠯᠡᠬᠦ ᠳᠤ ᠭᠠᠷᠳᠠᠴᠠ ᠪᠠ ᠬᠦᠴᠦᠯᠡᠬᠦ ᠴᠡᠭ ᠢ ᠤᠨᠤᠴᠠᠳᠠᠢ ᠡᠷᠢᠵᠦ ᠤᠯᠤᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ︽ᠭᠤᠷᠪᠠᠨ ᠣᠷᠣᠨ ᠭᠤᠷᠪᠠᠨ ᠱᠤᠭᠤᠮ︾ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭᠠᠳᠬᠠᠨ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠡᠯ᠎ᠡ ᠲᠥᠷᠥᠯ ᠤᠨ ᠨᠡᠭᠡᠭᠡᠨ ᠬᠥᠭᠵᠢᠭᠦᠯᠵᠦ ᠬᠠᠮᠠᠭᠠᠯᠠᠬᠤ ᠠᠵᠢᠯᠯᠠᠭ᠎ᠠ ᠳᠤᠮᠳᠠ ᠬᠤᠷᠢᠭ᠎ᠠ ᠱᠤᠭᠤᠮ ᠤᠨ ᠬᠢᠵᠠᠭᠠᠷᠯᠠᠬᠤ ᠦᠢᠯᠡᠳᠦᠯ ᠢ ᠪᠠᠳᠠᠷᠠᠭᠤᠯᠬᠤ ᠶᠢ ᠦᠨᠡᠨᠬᠦ ᠪᠠᠲᠤᠯᠠᠵᠤ᠂ ᠴᠢᠨᠠᠷ ᠰᠠᠶᠢᠲᠠᠶ ᠬᠥᠭᠵᠢᠯᠲᠡ ᠶᠢ ᠦᠨᠡᠨᠬᠦ ᠬᠥᠲᠥᠯᠦᠨ ᠵᠢᠯᠣᠭᠤᠳᠴᠤ ᠠᠬᠢᠭᠤᠯᠤᠨ᠎ᠠ︔ ᠲᠠᠷᠢᠶᠠᠨ ᠭᠠᠵᠠᠷ ᠢ ᠬᠠᠮᠠᠭᠠᠯᠠᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠠᠷᠢᠶᠠᠨ ᠭᠠᠵᠠᠷ ᠢ ᠡᠪᠳᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ 2252 ᠲᠦᠮᠡᠨ ᠮᠤ᠋ ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠ ᠵᠢᠴᠢ 1657 ᠲᠦᠮᠡᠨ ᠮᠤ᠋ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠪᠤᠳᠠᠳᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ︔ ᠭᠠᠵᠠᠷ ᠬᠡᠷᠡᠭᠯᠡᠬᠦ᠂ ᠠᠭᠤᠷᠬᠠᠶ ᠮᠠᠯᠳᠠᠬᠤ ᠳᠤ ᠬᠡᠷᠡᠭᠯᠡᠬᠦ ᠭᠠᠵᠠᠷ ᠰᠢᠷᠤᠢ ᠶᠢ ᠬᠢᠨᠠᠨ ᠵᠥᠪᠰᠢᠶᠡᠷᠡᠬᠦ ᠠᠯᠬᠤᠮ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ︽ᠭᠠᠵᠠᠷ ᠰᠢᠷᠤᠢ ᠪᠠᠨ ᠲᠤᠰᠢᠶᠠᠪᠠᠯ ᠳᠠᠷᠤᠶ ᠦᠨᠡᠮᠯᠡᠯ ᠪᠠᠨ ᠲᠤᠰᠢᠶᠠᠬᠤ︾ ︽ᠠᠰᠠᠷ ᠪᠠᠶᠢᠰᠢᠩ ᠢ ᠲᠤᠰᠢᠶᠠᠪᠠᠯ ᠳᠠᠷᠤᠶ ᠦᠨᠡᠮᠯᠡᠯ ᠢ ᠨᠢ ᠲᠤᠰᠢᠶᠠᠬᠤ︾ ︽ᠪᠠᠷᠢᠮᠵᠢᠶᠠᠲᠤ ᠭᠠᠵᠠᠷ︾ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠢᠨᠠᠨ ᠵᠦᠪᠰᠢᠶᠡᠷᠡᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠬᠦᠯᠬᠦ ᠶᠢ ᠪᠠᠳᠤᠯᠠᠵᠦ᠂ ᠡᠯᠧᠮᠧᠨ᠋ᠲ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠷᠠᠭᠤᠯᠤᠨ᠎ᠠ︔ ︽ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ᠂ ᠭᠠᠵᠠᠷ ᠰᠢᠷᠣᠶ ᠶᠢ ᠰᠤᠯᠠ ᠪᠠᠶᠢᠯᠭᠠᠬᠤ︾ ᠲᠦᠢᠯᠪᠦᠷᠢᠳᠡᠢ ᠪᠠᠶᠢᠴᠠᠭᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠲᠡᠭᠡᠭᠰᠢᠯᠡᠬᠦᠯᠦᠨ᠎ᠡ︔ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠭᠦᠢᠴᠡᠳᠭᠡᠯ ᠲᠤᠭ᠎ᠠ ᠶᠢ ᠮᠤᠵᠢ ᠠᠯᠤᠰᠯᠠᠨ ᠠᠷᠠᠯᠵᠢᠶᠠᠯᠠᠬᠤ᠂ ᠪᠦᠬᠦ ᠣᠷᠣᠨ ᠪᠦᠰᠡ ᠶᠢᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠰᠠᠶᠢᠲᠤᠷ ᠬᠢᠨ᠎ᠠ ᠭᠡᠪᠡ᠃       ᠬᠢᠩᠭᠠᠨ ᠠᠶᠢᠮᠠᠭ ᠤᠨ ᠵᠠᠮ ᠬᠠᠷᠢᠯᠴᠠᠭ᠎ᠠ ᠵᠥᠭᠡᠭᠡᠪᠦᠷᠢ ᠶᠢᠨ ᠲᠤᠪᠴᠢᠶ᠎ᠠ ᠢᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠠᠢ ᠴᠠᠩ ᠹᠧᠩ᠄ ᠬᠢᠩᠭᠠᠨ ᠠᠶᠢᠮᠠᠭ ᠤᠨ ᠵᠠᠮ ᠬᠠᠷᠢᠯᠴᠠᠭ᠎ᠠ ᠵᠥᠭᠡᠭᠡᠪᠦᠷᠢ ᠶᠢᠨ ᠲᠤᠪᠴᠢᠶ᠎ᠠ ᠠᠴᠠ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠢᠢᠯᠠᠭᠠᠨ ᠤᠨᠤᠴᠠᠳᠠᠢ ᠡᠵᠡᠮᠰᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠨ᠎ᠠ᠃ ᠲᠦᠷᠦᠯ ᠵᠦᠢᠯ ᠤᠨ ᠲᠥᠯᠥᠪᠵᠢᠭᠦᠯᠭᠡ ᠶᠢ ᠰᠠᠶᠢᠲᠤᠷ ᠠᠳᠬᠤᠵᠤ᠂ ᠮᠤᠵᠢ ᠶᠢᠨ ᠲᠡᠰ ᠤᠨ ᠵᠠᠰᠠᠮᠠᠯ ᠵᠠᠮ ᠬᠠᠷᠢᠯᠴᠠᠨ ᠬᠤᠯᠪᠤᠯᠳᠤᠨ ᠬᠠᠷᠢᠯᠴᠠᠨ ᠨᠡᠪᠳᠡᠷᠡᠯᠴᠡᠬᠦ᠂ ᠵᠠᠮ ᠢᠶᠠᠷ ᠡᠯᠡᠰᠦ ᠶᠢ ᠵᠠᠰᠠᠬᠤ ᠵᠡᠷᠭᠡ ᠲᠣᠭᠤᠷᠢᠨ ᠳᠤ ᠨᠢᠭᠡ ᠪᠦᠯᠦᠭ ᠴᠢᠬᠤᠯᠠ ᠲᠦᠷᠦᠯ ᠵᠦᠢᠯ ᠰᠠᠶᠢᠨ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠨ᠎ᠡ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠪᠡᠯᠡ ᠮᠦᠩᠬᠦ᠂ ᠭᠠᠷ ᠬᠦᠢᠴᠡᠳᠭᠡᠯ ᠬᠦᠢᠴᠡᠳᠭᠡᠬᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠮᠤᠵᠢ ᠶᠢᠨ ᠲᠡᠰ ᠤᠨ ᠵᠠᠰᠠᠮᠠᠯ ᠵᠠᠮ ᠤᠨ 210 ᠲᠦᠴᠢᠦᠸᠠᠨ ᠠᠴᠠ ᠳ᠋ᠢᠪᠢᠨᠬᠤᠸᠠ ᠭᠥᠷᠭᠦ ᠵᠠᠰᠠᠮᠠᠯ ᠵᠠᠮ᠂ ᠪᠠᠶᠢᠴᠤᠩ — ᠷᠠᠰᠢᠶᠠᠨ ᠬᠦᠷᠬᠦ ᠲᠡᠮᠦᠷ ᠵᠠᠮ ᠤᠨ ᠤᠯᠠᠭᠠᠨᠬᠤᠲᠠ ᠠᠴᠠ ᠷᠠᠰᠢᠶᠠᠨ ᠬᠥᠷᠬᠦ ᠴᠢᠳᠠᠮᠵᠢ ᠶᠢ ᠥᠷᠭᠡᠳᠭᠡᠨ ᠥᠭᠡᠷᠡᠴᠢᠯᠡᠬᠦ ᠢᠨᠵᠧᠨᠧᠷᠢᠩ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ᠃ ᠵᠦᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠵᠦ᠂ ᠵᠠᠮ ᠬᠠᠷᠢᠯᠴᠠᠭ᠎ᠠ ᠪᠤᠳᠠᠰ ᠤᠨ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠬᠦᠭᠵᠢᠬᠦᠯᠬᠦ ᠪᠠᠷ ᠭᠠᠷᠳᠠᠴᠠ ᠪᠣᠯᠭᠠᠨ᠂ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠴᠢᠨᠠᠷ ᠪᠥᠬᠦᠶ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ᠂ ᠵᠠᠮ ᠬᠠᠷᠢᠯᠴᠠᠭ᠎ᠠ ᠪᠤᠳᠠᠰ ᠤᠨ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠠᠶᠤᠯᠬᠦᠢ ᠦᠢᠯᠡᠳᠪᠦᠷᠢᠯᠡᠯ ᠢ ᠴᠢᠩᠭ᠎ᠠ ᠠᠳᠬᠤᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠵᠤ᠂ ᠡᠬᠢ ᠡᠭᠦᠰᠦᠯ ᠠᠴᠠ ᠨᠢ ᠵᠠᠰᠠᠬᠤ ᠪᠠ ᠬᠢᠨᠠᠨ ᠬᠠᠮᠢᠶᠠᠷᠬᠤ ᠶᠢ ᠴᠢᠩᠭᠠᠳᠬᠠᠵᠤ ᠂ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠨ᠎ᠠ ᠭᠡᠪᠡ᠃ · ᠬᠠᠨ ᠢᠤᠢ ᠭᠧ ᠲᠤᠯᠭᠠᠭᠤᠷᠢ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号