| ᠤᠶᠢᠷ᠎ᠠ ᠶᠢᠨ ᠡᠳᠦᠷ᠂ ︽ᠮᠦᠰᠦ ᠴᠠᠰᠦᠳᠦ ᠬᠢᠩᠭᠠᠨ· ᠠᠮᠢᠵᠢᠷᠠᠯ ᠪᠢᠯᠬᠠᠭᠰᠠᠨ ᠲᠤᠮᠳᠠᠳᠦ ᠤᠯᠤᠰ︾ | ᠭᠤᠤᠯ ᠰᠡᠳᠦᠪᠳᠦ ᠰᠤᠷᠪᠤᠯᠵᠢᠯᠠᠭ᠎ᠠ ᠶᠢᠨ ᠠᠵᠢᠯᠯᠠᠭ᠎ᠠ ᠬᠢᠩᠭᠠᠨ ᠠᠶᠢᠮᠠᠭ ᠤᠨ ᠷᠠᠰᠢᠶᠠᠨ ᠬᠤᠳᠠ ᠳᠤ ᠶᠠᠪᠤᠭᠳᠠᠵᠦ᠂ | ᠲᠦᠪ᠂ ᠦᠪᠡᠷᠳᠡᠭᠡᠨ ᠵᠠᠰᠠᠬᠤ ᠤᠷᠤᠨ᠂ ᠬᠢᠩᠭᠠᠨ ᠠᠶᠢᠮᠠᠭ ᠤᠨ ᠵᠠᠭᠤᠴᠢᠯᠠᠭᠤᠷ ᠤᠨ ᠰᠤᠷᠪᠤᠯᠵᠢᠯᠠᠭᠴᠢ ᠨᠠᠷ ᠲᠤᠰ | ᠤᠳᠠᠭᠠᠨ ᠤ ᠠᠵᠢᠯᠯᠠᠭ᠎ᠠ ᠳᠤ ᠤᠷᠤᠯᠴᠠᠭᠰᠠᠨ ᠪᠠᠶᠢᠨ᠎ᠠ᠃ | ᠠᠵᠢᠯᠯᠠᠭ᠎ᠠ ᠳᠤ᠂ ᠰᠤᠷᠪᠤᠯᠵᠢᠯᠠᠬᠤ ᠪᠦᠯᠬᠦᠮ ᠷᠠᠰᠢᠶᠠᠨ ᠤ ᠤᠯᠤᠰ ᠤᠨ ᠤᠢ ᠰᠢᠭᠤᠢ ᠶᠢᠨ ᠴᠡᠴᠡᠷᠯᠢᠭ᠂ ᠪᠠᠢ | ᠯᠠᠩ ᠪᠠᠯᠭᠠᠰᠦ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠤᠯᠠᠭᠠᠨᠮᠤᠳᠦ ᠰᠤᠮᠦ ᠶᠢᠨ ᠰᠠᠷᠠᠯᠠᠩ | ᠪᠦᠰᠡᠬᠦᠶᠢᠴᠤᠳ ᠤᠨ ᠭᠠᠷ ᠤᠷᠠᠯᠠᠯ ᠤᠨ ᠲᠤᠰᠬᠠᠢ ᠬᠤᠷᠰᠢᠶ᠎ᠠ᠂ ᠬᠤᠷᠴᠢᠨ ᠪᠠᠯᠭᠠᠰᠦ ᠶᠢᠨ ᠹᠠᠨ ᠴᠢᠶᠤ ᠨᠢᠭᠡᠳᠦᠯ᠂ | ᠤᠯᠠᠭᠠᠨᠬᠤᠳᠠ ᠶᠢᠨ ᠪᠠᠶᠠᠨᠴᠠᠭᠠᠨ ᠠᠭᠤᠯᠠ ᠶᠢᠨ ᠦᠵᠡᠮᠵᠢ ᠶᠢᠨ ᠣᠷᠣᠨ᠂ ᠤᠯᠠᠭᠠᠨᠬᠠᠳᠠ ᠪᠠᠯᠭᠠᠰᠦ ᠶᠢᠨ ᠭᠤᠤ ᠶᠢᠨ | ᠠᠶᠢᠯ ᠭᠠᠴᠠᠭ᠎ᠠ ᠵᠡᠷᠭᠡ ᠭᠠᠵᠠᠷ ᠢᠶᠠᠷ ᠬᠦᠨᠵᠡᠭᠡᠶᠢᠷᠡᠨ ᠮᠡᠳᠡᠭᠡᠯᠡᠨ ᠰᠤᠷᠪᠤᠯᠵᠢᠯᠠᠭᠰᠠᠨ ᠪᠠᠶᠢᠨ᠎ᠠ᠃ ᠰᠤᠷᠪᠤᠯᠵᠢᠯᠠᠭᠴᠢᠳ | ᠲᠤᠷᠠᠨ ᠬᠠᠷᠠᠭ᠎ᠠ᠂ ᠦᠵᠦᠭ ᠪᠢᠷ ᠪᠠ ᠬᠠᠮ ᠵᠠᠭᠤᠴᠢᠯᠠᠭᠤᠷ ᠤᠨ ᠬᠡᠯᠪᠡᠷᠢ ᠪᠠᠷ ᠲᠠᠮᠵᠢᠭᠤᠯᠤᠨ᠂ ᠬᠢᠩᠭᠠᠨ | ᠠᠶᠢᠮᠠᠭ ᠤᠨ ︽ᠮᠦᠰᠦ ᠴᠠᠰᠤᠨ ᠤ ᠨᠠᠭᠠᠳᠤᠮ︾ ᠤᠨ ᠤᠨᠴᠠᠯᠢᠬᠳᠦ ᠰᠤᠶᠤᠯ ᠤᠨ ᠠᠵᠢᠯᠯᠠᠭ᠎ᠠ᠂ ᠮᠦᠰᠦ ᠴᠠᠰᠤᠨ ᠤ | ᠵᠢᠭᠤᠯᠴᠢᠯᠠᠯ ᠢ ᠠᠬᠢᠭᠤᠯᠬᠤ ᠠᠵᠢᠯ ᠤᠨ ᠦᠷ᠎ᠠ ᠪᠦᠳᠦᠮᠵᠢ ᠪᠠ ᠠᠮᠢᠳᠤᠯᠢᠭ ᠦᠢᠯᠡᠳᠦᠯᠭᠡ ᠶᠢ ︽ᠮᠥᠰᠥ ᠴᠠᠰᠤ + | ᠵᠢᠭᠤᠯᠴᠢᠯᠠᠯ︾᠂ ︽ᠮᠥᠰᠥ ᠴᠠᠰᠤ + ᠪᠣᠳᠠᠰ ᠤᠨ ᠪᠤᠰᠤ ᠰᠣᠶᠣᠯ ᠤᠨ ᠥᠪ︾᠂ ︽ᠮᠥᠰᠥ ᠴᠠᠰᠤ + | ᠪᠡᠶ᠎ᠡ ᠶᠢᠨ ᠲᠠᠮᠢᠷ︾ ᠵᠡᠷᠭᠡ ᠬᠠᠷᠠᠭᠠᠰᠤ ᠠᠴᠠ ᠤᠬᠠᠭᠤᠯᠭ᠎ᠠ ᠬᠢᠪᠡ᠃ | ︽ᠷᠠᠰᠢᠶᠠᠨ ᠨᠠᠳᠠ ᠳᠤ ᠮᠠᠰᠢ ᠪᠠᠶᠠᠷ ᠪᠠᠭ᠋ᠠᠳᠤᠯ ᠲᠠᠢ ᠰᠠᠭᠤᠬᠳᠠᠯ ᠢ ᠦᠯᠡᠳᠡᠭᠡᠭᠰᠡᠨ ᠶᠤᠮ᠃ ᠤᠯᠠᠨ ᠤ | ᠮᠡᠳᠡᠭᠡᠵᠢ ᠪᠠᠷ᠂ ᠵᠢᠭᠤᠯᠴᠢᠯᠠᠭᠴᠢᠳ ᠦᠵᠡᠮᠵᠢ ᠶᠢᠨ ᠤᠷᠤᠨ ᠤ ᠲᠤᠬᠠᠢ ᠱᠠᠭᠠᠷᠳᠠᠯᠭ᠎ᠠ ᠪᠠᠶᠢᠬᠤ ᠠᠴᠠ ᠭᠠᠳᠠᠨ᠎ᠠ | ᠪᠡᠶᠡᠴᠢᠯᠡᠨ ᠤᠶᠢᠯᠠᠭᠠᠯᠳᠠ ᠴᠤ ᠤᠯᠠᠮ ᠠᠴᠠ ᠤᠯᠠᠮ ᠥᠨᠳᠥᠷ ᠪᠣᠯᠵᠣ ᠪᠠᠶᠢᠨ᠎ᠠ᠃ ᠷᠠᠰᠢᠶᠠᠨ ᠤ ᠦᠨᠡᠨᠴᠢ ᠰᠡᠳᠬᠢᠯ | ᠵᠢᠴᠢ ᠡᠯ᠎ᠡ ᠵᠦᠢᠯ ᠤᠨ ᠠᠷᠭ᠎ᠠ ᠬᠢᠳᠡᠯ ᠨᠢ ᠳᠡᠯᠡᠬᠡᠢ ᠶᠢᠨ ᠡᠯ᠎ᠡ ᠭᠠᠵᠠᠷ᠂ ᠪᠦᠬᠦ ᠤᠯᠤᠰ ᠤᠨ ᠡᠯ᠎ᠡ ᠭᠠᠵᠠᠷ ᠤᠨ | ᠵᠢᠭᠤᠯᠴᠢᠯᠠᠭᠴᠢᠳ ᠤᠨ ᠠᠩᠬᠠᠷᠤᠯ ᠢ ᠲᠠᠳᠠᠬᠤ ᠶᠢ ᠪᠢ ᠢᠲᠡᠭᠡᠵᠦ ᠪᠠᠶᠢᠨ᠎ᠠ᠃ ᠪᠢᠳᠡ ᠪᠠᠰᠠ ᠨᠡᠶᠢᠭᠡᠮ ᠤᠨ | ᠬᠠᠷᠢᠯᠴᠠᠭᠠᠨ ᠤ ᠲᠠᠪᠴᠠᠩ ᠳᠡᠭᠡᠷ᠎ᠡ ᠷᠠᠰᠢᠶᠠᠨ ᠤ ᠭᠤᠶᠢᠳᠠ ᠰᠠᠶᠢᠬᠠᠨ ᠠᠵᠢᠯᠯᠠᠭ᠎ᠠ ᠵᠢᠴᠢ ᠦᠨᠳᠦᠰᠦᠲᠡᠨ ᠤ | ᠣᠨᠴᠠᠯᠢᠭ ᠢᠶᠠᠷ ᠪᠠᠶᠠᠯᠢᠭ ᠲᠣᠭᠯᠠᠯᠲᠠ ᠶᠢ ᠰᠢᠭᠤᠳ ᠨᠡᠪᠲᠡᠷᠡᠭᠦᠯᠵᠦ᠂ ᠮᠠᠨ ᠤ ᠣᠯᠵᠤ ᠦᠵᠡᠭᠰᠡᠨ ᠪᠠ ᠣᠯᠵᠤ | ᠮᠡᠳᠡᠭᠰᠡᠨ ᠢᠶᠠᠨ ᠤᠯᠤᠰ ᠤᠨ ᠳᠣᠲᠣᠭᠠᠳᠤ ᠭᠠᠳᠠᠭᠠᠳᠤ ᠶᠢᠨ ᠦᠵᠡᠭᠴᠢᠳ ᠪᠣᠯᠤᠨ ᠤᠩᠰᠢᠭᠴᠢᠳ ᠲᠤ ᠳᠠᠮᠵᠢᠭᠤᠯᠵᠤ | ᠂ ᠪᠦᠬᠦ ᠲᠡᠯᠡᠭᠡᠢ ᠳᠤ ᠷᠠᠰᠢᠶᠠᠨ ᠢ ᠲᠠᠨᠢᠯᠴᠠᠭᠤᠯᠤᠨ᠎ᠠ︾ ᠭᠡᠵᠦ ᠲᠥᠪ ᠤᠨ ᠷᠠᠳᠢᠤ᠋ ᠲᠤᠯᠸᠢᠰ ᠤᠨ ᠶᠡᠷᠦᠩᠭᠡᠢ | ᠬᠤᠷᠢᠶ᠎ᠠ ᠶᠢᠨ CGTN ᠤ ᠰᠤᠷᠪᠤᠯᠵᠢᠯᠠᠭᠴᠢ ᠴᠧᠨ ᠮᠧᠩ ᠹᠸᠢ ᠰᠤᠷᠪᠤᠯᠵᠢᠯᠠᠭᠴᠢᠳ ᠤᠨ ᠲᠥᠯᠥᠭᠡᠯᠡᠭᠴᠢ ᠶᠢᠨ | ᠬᠤᠪᠢ ᠪᠠᠷ ᠠᠵᠢᠯᠯᠠᠭ᠎ᠠ ᠡᠬᠢᠯᠡᠬᠦ ᠦᠶᠡᠰ ᠶᠠᠷᠢᠵᠦ ᠪᠠᠶᠢᠯ᠎ᠠ᠃ ︵ᠯᠢᠦ ᠶᠧ︶ | |