ᠲᠤᠭ᠎ᠠ ᠪᠠᠷᠢᠮᠳᠠ ᠠᠴᠠ ᠬᠢᠩᠭᠠᠨ ᠠᠶᠢᠮᠠᠭ ᠤᠨ ᠬᠦᠭᠵᠢᠯᠳᠡ ᠶᠢ ᠬᠠᠷᠠᠬᠤᠢ
ᠨᠡᠶᠢᠲᠡᠯᠡᠭᠰᠡᠨ ᠴᠠᠭ᠄
2025/1/7
        ᠲᠤᠮᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠠᠳᠬᠤᠵᠦ᠂ ᠪᠡᠯᠡ ᠤᠷᠤᠭᠤᠯᠤᠯᠳᠠ ᠶᠢᠨ ᠬᠡᠪᠴᠢᠶ᠎ᠡ ᠶᠢ ᠦᠷᠭᠡᠳᠭᠡᠬᠦ ᠪᠤᠯ ᠲᠠᠷᠤᠢ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠬᠦᠴᠦᠨ ᠬᠤᠷᠠᠮᠳᠤᠭᠤᠯᠵᠦ ᠪᠠᠶᠢᠭ᠎ᠠ ᠶᠠᠪᠤᠳᠠᠯ ᠪᠤᠯᠤᠨ᠎ᠠ᠃ 2024 ᠣᠨ ᠳᠤ᠂ ᠬᠢᠩᠭᠠᠨ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠢᠨ ᠠᠶᠢᠮᠠᠭ ᠤᠨ ᠨᠠᠮ ᠤᠨ ᠬᠤᠷᠢᠶ᠎ᠠ ᠶᠢᠨ ︽ᠭᠤᠷᠪᠠ ᠶᠢ ᠲᠤᠭᠳᠠᠪᠤᠷᠢᠵᠢᠭᠤᠯᠵᠦ ᠲᠠᠪᠤ ᠶᠢ ᠠᠬᠢᠭᠤᠯᠬᠤ︾ ᠠᠵᠢᠯ ᠤᠨ ᠰᠡᠳᠭᠢᠴᠡ ᠶᠣᠰᠣᠭᠠᠷ᠂ ︽ᠭᠤᠷᠪᠠᠨ ᠪᠤᠭᠤᠮᠳᠠ ᠰᠢᠪᠳᠤᠯᠬᠤ ᠠᠵᠢᠯᠯᠠᠭ᠎ᠠ︾ ᠶᠢ ᠬᠦᠨᠵᠡᠭᠡᠢ ᠬᠡᠷᠡᠭᠵᠢᠬᠦᠯᠵᠦ᠂ ᠠᠵᠦ ᠠᠬᠤᠢ ᠨᠡᠶᠢᠭᠡᠮ ᠤᠨ ᠬᠦᠭᠵᠢᠯᠳᠡ ᠶᠢᠨ ︽ᠲᠠᠭᠠᠭᠤᠯᠤᠭᠴᠢ︾ ᠦᠢᠯᠡᠳᠦᠯ ᠢ ᠬᠦᠢᠴᠡᠳ ᠪᠠᠳᠠᠷᠠᠭᠤᠯᠤᠨ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ ᠠᠬᠢᠭᠤᠯᠬᠤ᠂ ᠪᠡᠯᠡ ᠮᠦᠩᠬᠦ ᠭᠤᠶᠤᠴᠢᠯᠠᠨ ᠤᠯᠬᠤ ᠶᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠬᠤ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠢ ᠭᠤᠶᠢᠪᠢᠰᠢ ᠦᠭᠡᠢ ᠪᠡᠶᠡᠯᠡᠬᠦᠯᠬᠦ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠠᠶᠢᠭᠤᠯᠤᠯᠳᠠ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠳᠡᠢ ᠦᠷ᠎ᠠ ᠪᠦᠳᠦᠮᠵᠢ ᠤᠯᠤᠭᠰᠠᠨ ᠪᠠᠶᠢᠨ᠎ᠠ᠃       79.13 ᠳ᠋ᠦᠩᠰᠢᠭᠤᠷ ᠲᠥᠭᠦᠷᠢᠭ ᠪᠡᠯᠡ ᠮᠦᠩᠬᠦ ᠭᠤᠶᠤᠴᠢᠯᠠᠨ ᠤᠯᠪᠠ       2024 ᠣᠨ ᠠᠴᠠ ᠨᠠᠭᠠᠰᠢ᠂ ᠬᠢᠩᠭᠠᠨ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠢᠨ ᠤᠯᠤᠰ ᠤᠨ ᠲᠥᠷᠥ ᠶᠢᠨ ᠪᠣᠳᠣᠯᠭ᠎ᠠ ᠶᠢᠨ ᠠᠵᠠ ᠲᠤᠬᠢᠶᠠᠯ ᠢ ᠰᠠᠶᠢᠳᠤᠷ ᠠᠳᠬᠤᠵᠤ᠂ ᠲᠥᠷᠥᠯ ᠵᠦᠢᠯ ᠢ ᠲᠥᠯᠥᠪᠵᠢᠭᠦᠯᠦᠨ ᠮᠡᠳᠡᠭᠦᠯᠬᠦ᠂ ᠲᠡᠭᠡᠳᠦ ᠱᠠᠳᠤᠨ ᠠᠴᠠ ᠭᠤᠶᠤᠴᠢᠯᠠᠨ ᠤᠯᠬᠤ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠳᠡᠭᠡᠳᠦ ᠱᠠᠲᠤᠨ ᠤ ᠡᠯ᠎ᠡ ᠲᠥᠷᠥᠯ ᠤᠨ ᠪᠠᠯᠠ ᠮᠥᠩᠭᠦ ᠶᠢ 79.13 ᠳ᠋ᠦᠩᠰᠢᠭᠤᠷ ᠲᠥᠭᠦᠷᠢᠭ ᠭᠤᠶᠤᠴᠢᠯᠠᠨ ᠤᠯᠪᠠ᠃ ᠪᠠᠯᠠ ᠮᠥᠩᠭᠦ ᠶᠢᠨ ᠢᠷᠡᠯᠲᠡ ᠠᠴᠠ ᠦᠵᠡᠪᠡᠯ᠂ ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠶᠢ 42.15 ᠳ᠋ᠦᠩᠰᠢᠭᠤᠷ ᠲᠥᠭᠦᠷᠢᠭ ᠨᠡᠮᠡᠵᠦ ᠲᠠᠷᠬᠠᠭᠠᠵᠤ᠂ ᠣᠷᠳᠣ ᠬᠤᠭᠤᠴᠠᠭᠠᠨ ᠤ ᠤᠨᠴᠠᠭᠠᠢ ᠤᠯᠤᠰ ᠤᠨ ᠵᠢᠭᠡᠯᠡᠯᠭᠡ ᠶᠢᠨ ᠪᠡᠯᠡ ᠮᠦᠩᠬᠦ 25.66 ᠳ᠋ᠦᠩᠰᠢᠭᠤᠷ ᠲᠥᠭᠦᠷᠢᠭ᠂ ᠲᠥᠪ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠵᠢᠴᠢ ᠲᠤᠰᠬᠠᠶ ᠪᠠᠯᠠ ᠮᠥᠩᠭᠦ 9.62 ᠳ᠋ᠦᠩᠰᠢᠭᠤᠷ ᠲᠥᠭᠦᠷᠢᠭ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ 1.7 ᠳ᠋ᠦᠩᠰᠢᠭᠤᠷ ᠲᠥᠭᠦᠷᠢᠭ ᠬᠦᠷᠪᠡ᠃       ᠡᠨᠧᠷᠭᠢ ᠶᠢᠨ ᠲᠦᠷᠦᠯ ᠵᠦᠢᠯ ᠢ 31 ᠡᠬᠢᠯᠡᠬᠦᠯᠪᠡ       2024 ᠣᠨ ᠳᠤ᠂ ᠪᠥᠬᠦ ᠠᠶᠢᠮᠠᠭ ᠤᠨ ᠡᠨᠧᠷᠭᠢ ᠶᠢᠨ 31 ᠴᠢᠬᠤᠯᠠ ᠶᠡᠭᠡ ᠲᠦᠷᠦᠯ ᠵᠦᠢᠯ ᠳᠤ 64 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠦ᠂ ᠪᠦᠬᠦ ᠴᠢᠬᠤᠯᠠ ᠶᠡᠭᠡ ᠲᠦᠷᠦᠯ ᠵᠦᠢᠯ ᠤᠨ ᠪᠡᠯᠡ ᠤᠷᠤᠭᠤᠯᠤᠯᠳᠠ ᠶᠢᠨ 28.7% ᠶᠢ ᠡᠵᠡᠯᠡᠪᠡ᠃ ᠬᠤᠸᠠ ᠨᠧᠩ ᠡᠷᠬᠢᠳᠦ ᠶᠢᠨ 7 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠮᠧᠩ ᠨᠧᠩ ᠲᠦᠴᠢᠦᠸᠠᠨ ᠰᠢᠶᠠᠨ ᠤ 9 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ᠂ ᠦᠨᠳᠡᠭᠡᠨ 3.6 ᠲᠦᠮᠡᠨ ᠺᠢᠯᠣᠸᠠᠲ ᠤᠨ ᠤᠰᠤ ᠴᠠᠬᠢᠯᠭᠠᠨ ᠵᠡᠷᠭᠡ ᠨᠢᠭᠡ ᠪᠦᠯᠦᠭ ᠡᠨᠧᠷᠭᠢ ᠶᠢᠨ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠳᠠ ᠳᠤ ᠤᠷᠤᠭᠤᠯᠤᠨ᠂ ᠪᠥᠬᠦ ᠵᠢᠯ ᠳᠤ 85.53 ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ ᠶᠢ ᠰᠢᠨ᠎ᠡ ᠪᠠᠷ ᠨᠡᠮᠡᠭᠳᠡᠭᠦᠯᠵᠦ᠂ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 743.83 ᠲᠦᠮᠡᠨ ᠺᠢᠯᠣᠸᠠᠲ ᠲᠤ ᠬᠦᠷᠴᠦ᠂ ᠶᠡᠷᠦᠩᠬᠡᠶ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢᠨ 72.1% ᠶᠢ ᠡᠵᠡᠯᠡᠪᠡ᠃ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ 52 ᠠᠵᠤ ᠠᠬᠤᠶᠢᠯᠠᠯ ᠪᠦᠬᠦ ᠵᠢᠯ ᠳᠤ 140 ᠳ᠋ᠦᠩᠰᠢᠭᠤᠷ ᠲᠦᠭᠦᠷᠢᠭ ᠤᠨ ᠦᠢᠯᠡᠳᠪᠦᠷᠢᠯᠡᠯ ᠤᠨ ᠦᠷᠳᠡᠭ ᠢ ᠪᠡᠶᠡᠯᠡᠬᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠤᠨ ᠡᠵᠡᠯᠡᠬᠦ ᠬᠤᠪᠢ ᠶᠢᠨ ᠵᠢᠩ ᠨᠢ 36% ᠶᠢ ᠳᠠᠪᠠᠵᠤ᠂ ᠡᠨᠧᠷᠭᠢ ᠶᠢᠨ ᠠᠵᠤ ᠦᠢᠯᠡᠰ ᠨᠢ ᠨᠢᠭᠡᠨᠲᠡ ᠪᠦᠬᠦ ᠠᠶᠢᠮᠠᠭ ᠤᠨ ᠬᠡᠪᠴᠢᠶ᠎ᠡ ᠪᠠᠷ ᠬᠠᠮᠤᠭ ᠶᠡᠭᠡ᠂ ᠦᠢᠯᠡᠳᠬᠦᠨ ᠤ ᠦᠷᠳᠡᠭ ᠢᠶᠠᠷ ᠬᠠᠮᠤᠭ ᠤᠨ ᠦᠨᠳᠦᠷ ᠠᠵᠦ ᠦᠢᠯᠡᠰ ᠪᠤᠯᠵᠦ ᠬᠦᠭᠵᠢᠪᠡ᠃       4.7 ᠳ᠋ᠦᠩᠰᠢᠭᠤᠷ ᠵᠢᠩ ᠠᠮᠤ ᠪᠤᠳᠠᠭ᠎ᠠ ᠶᠢ ᠠᠷᠪᠢᠯᠠᠵᠤ ᠬᠤᠷᠤᠭᠳᠠᠯ ᠢ ᠪᠠᠭᠠᠰᠬᠠᠪᠠ       ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠵᠢᠯ ᠢ ᠭᠦᠨᠵᠡᠭᠡᠶ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠠᠯᠠ ᠮᠥᠩᠭᠦ ᠶᠢ 398 ᠲᠦᠮᠡᠨ ᠲᠥᠭᠦᠷᠢᠭ ᠭᠤᠶᠤᠴᠢᠯᠠᠨ ᠤᠯᠵᠦ᠂ ᠠᠶᠢᠮᠠᠭ ᠤᠨ ᠲᠤᠰ ᠱᠠᠳᠤᠨ ᠤ ᠲᠥᠰᠦᠪ ᠤᠨ ᠪᠠᠯᠠ ᠮᠥᠩᠭᠦ ᠶᠢ 600 ᠲᠦᠮᠡᠨ ᠲᠥᠭᠦᠷᠢᠭ ᠳᠣᠭᠢᠷᠠᠭᠤᠯᠵᠦ᠂ ᠰᠢᠨᠵᠢᠯᠡᠬᠦ ᠤᠬᠠᠭᠠᠨᠴᠢ ᠪᠠᠷ ᠠᠮᠦ ᠪᠤᠳᠠᠭ᠎ᠠ ᠨᠦᠭᠡᠴᠡᠯᠡᠬᠦ ᠶᠢ ᠠᠬᠢᠭᠤᠯᠵᠦ᠂ ᠪᠠᠯᠠ ᠮᠥᠩᠭᠦ ᠶᠢᠨ ᠬᠡᠮᠵᠢᠶ᠎ᠡ 2023 ᠣᠨ ᠤ ᠠᠶᠢᠮᠠᠭ ᠤᠨ ᠲᠣᠰ ᠱᠠᠲᠤᠨ ᠤ ᠳᠣᠭᠢᠷᠠᠭᠤᠯᠤᠭᠰᠠᠨ ᠪᠠᠯᠠ ᠮᠥᠩᠭᠦ ᠶᠢᠨ 2.5 ᠳᠠᠬᠢᠨ ᠬᠦᠷᠪᠡ᠃ 2024 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠢᠩᠭᠠᠨ ᠠᠶᠢᠮᠠᠭ ᠤᠨ 50% ᠠᠴᠠ ᠳᠡᠭᠡᠭᠰᠢᠬᠢ ᠭᠠᠴᠠᠭ᠎ᠠ ᠲᠣᠰᠬᠤᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠶᠢ ᠪᠡᠶᠡᠯᠡᠭᠦᠯᠵᠦ᠂ ᠪᠥᠬᠦ ᠠᠶᠢᠮᠠᠭ ᠤᠨ 80% ᠶᠢᠨ ᠡᠷᠳᠡᠨᠢ ᠰᠢᠰᠢ ᠶᠢ ᠰᠢᠨᠵᠢᠯᠡᠬᠦ ᠤᠬᠠᠭᠠᠨᠴᠢ ᠪᠠᠷ ᠨᠦᠭᠡᠴᠡᠯᠡᠵᠦ᠂ ᠠᠮᠤ ᠪᠤᠳᠠᠭ᠎ᠠ ᠶᠢ ᠠᠷᠪᠢᠯᠠᠵᠤ ᠬᠤᠷᠤᠭᠳᠠᠯ ᠢ ᠪᠠᠭᠠᠰᠬᠠᠭᠰᠠᠨ ᠬᠡᠮᠵᠢᠶ᠎ᠡ ᠪᠠᠷᠤᠭ 4.7 ᠳ᠋ᠦᠩᠰᠢᠭᠤᠷ ᠵᠢᠩ ᠬᠦᠷᠴᠦ᠂ ᠲᠠᠷᠢᠶᠠᠯᠠᠩ ᠢ ᠲᠤᠰᠠᠯᠠᠵᠤ ᠣᠷᠣᠯᠭ᠎ᠠ ᠶᠢ ᠨᠡᠮᠡᠭᠳᠡᠬᠦᠯᠦᠭᠰᠡᠨ ᠬᠡᠮᠵᠢᠶ᠎ᠡ 4.7 ᠳ᠋ᠦᠩᠰᠢᠭᠤᠷ ᠲᠥᠭᠦᠷᠢᠭ ᠬᠦᠷᠪᠡ᠃       ᠵᠠᠮ ᠬᠠᠷᠢᠯᠴᠠᠭᠠᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢ ᠲᠦᠷᠭᠡᠳᠭᠡᠪᠡ       ᠪᠠᠶᠢᠴᠧᠩ ᠠᠴᠠ ᠷᠠᠰᠢᠶᠠᠨ ᠬᠦᠷᠬᠦ ᠲᠡᠮᠦᠷ ᠵᠠᠮ ᠤᠨ ᠤᠯᠠᠭᠠᠨᠬᠤᠳᠠ ᠠᠴᠠ ᠷᠠᠰᠢᠶᠠᠨ ᠬᠦᠷᠬᠦ ᠬᠡᠰᠡᠭ ᠤᠨ ᠬᠦᠳᠡᠯᠭᠡᠬᠦ ᠬᠦᠴᠦᠨ ᠤ ᠭᠠᠯᠳᠦ ᠲᠡᠷᠭᠡ ᠶᠢ ᠦᠭᠡᠷᠡᠴᠢᠯᠡᠬᠦ ᠲᠦᠷᠦᠯ ᠵᠦᠢᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠨᠢ ᠶᠠᠭ ᠬᠠᠮᠳᠤᠷᠠᠨ ᠭᠠᠷ ᠤᠨ ᠥᠰᠥᠭ ᠵᠢᠷᠤᠵᠤ ᠴᠤᠬᠤᠯᠠᠪᠤᠷᠢᠯᠠᠨ ᠬᠠᠷᠢᠭᠤᠯᠳᠠ ᠤᠯᠬᠤ ᠪᠠᠷ ᠬᠦᠯᠢᠶᠡᠵᠦ ᠪᠤᠢ᠂ ᠣᠳᠣᠬᠠᠨ ᠳᠤ ᠤᠯᠤᠰ ᠤᠨ ᠲᠡᠮᠦᠷ ᠵᠠᠮ ᠤᠨ ᠪᠦᠯᠦᠭᠯᠡᠯ ᠨᠢᠭᠡᠨᠲᠡ ᠬᠠᠮᠳᠤᠷᠠᠨ ᠭᠠᠷ ᠤᠨ ᠦᠰᠦᠭ ᠵᠢᠷᠤᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠲᠢᠩᠬᠢᠮ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠠᠮᠲᠤᠷᠠᠨ ᠭᠠᠷ ᠤᠨ ᠥᠰᠥᠭ ᠵᠢᠷᠤᠭᠤᠯᠬᠤ ᠪᠠᠷ ᠵᠥᠪᠳᠡᠯᠴᠡᠵᠦ ᠪᠠᠶᠢᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠲᠥᠷᠥᠯ ᠵᠦᠢᠯ ᠨᠢᠭᠡᠨᠲᠡ ᠠᠩᠬ᠎ᠠ ᠠᠯᠬᠤᠮ ᠤᠨ ᠵᠢᠷᠤᠭ ᠲᠦᠯᠦᠪᠯᠡᠭᠡ ᠶᠢᠨ ᠴᠤᠬᠤᠯᠠᠪᠤᠷᠢ ᠶᠢ ᠤᠯᠤᠭᠰᠠᠨ ᠪᠠᠶᠢᠨ᠎ᠠ᠃       ᠠᠵᠢᠯ ᠤᠯᠭᠤᠬᠤ ᠪᠠᠷ ᠲᠡᠳᠬᠦᠮᠵᠢ ᠶᠢ ᠤᠷᠤᠯᠠᠭᠤᠯᠬᠤ ᠨᠡᠶᠢᠳᠡᠯᠢᠭ ᠵᠢᠱᠢᠶ᠎ᠡ ᠪᠦᠬᠦ ᠤᠯᠤᠰ ᠲᠤ ᠲᠡᠯᠭᠡᠷᠡᠬᠦᠯᠦᠭᠳᠡᠪᠡ       ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠪ ᠤᠨ 0.59 ᠳ᠋ᠦᠩᠰᠢᠭᠤᠷ ᠲᠦᠭᠦᠷᠢᠭ ᠪᠡᠯᠡ ᠮᠦᠩᠬᠦ ᠶᠢ ᠭᠤᠶᠤᠴᠢᠯᠠᠨ ᠤᠯᠵᠦ᠂ ᠬᠥᠳᠡᠭᠡ ᠲᠣᠰᠬᠤᠨ ᠤ ᠦᠯᠡᠬᠦᠦ ᠬᠦᠳᠡᠯᠮᠦᠷᠢ ᠬᠦᠴᠦᠨ ᠢ 1300 ᠬᠦᠮᠦᠨ ︵ᠤᠳᠠᠭ᠎ᠠ︶ ᠰᠢᠩᠭᠡᠭᠡᠨ ᠠᠪᠴᠤ᠂ ᠬᠥᠳᠡᠯᠮᠦᠷᠢ ᠦᠢᠯᠡᠴᠢᠯᠡᠭᠡᠨ ᠤ ᠬᠦᠯᠦᠰᠦ ᠤᠯᠭᠤᠮᠵᠢ ᠶᠢ 0.12 ᠳ᠋ᠦᠩᠰᠢᠭᠤᠷ ᠲᠥᠭᠦᠷᠢᠭ ᠲᠠᠷᠬᠠᠭᠠᠪᠠ︔ ᠤᠨᠳᠤᠤ ᠭᠠᠵᠠᠷ ᠲᠤ ᠨᠡᠬᠦᠯᠭᠡᠬᠦ ᠲᠦᠷᠦᠯ ᠵᠦᠢᠯ ᠤᠨ ᠲᠦᠪ ᠤᠨ ᠪᠡᠯᠡ ᠮᠦᠩᠬᠦ ᠶᠢ 1.53 ᠳ᠋ᠦᠩᠰᠢᠭᠤᠷ ᠲᠥᠭᠦᠷᠢᠭ ᠭᠤᠶᠤᠴᠢᠯᠠᠨ ᠤᠯᠵᠦ᠂ 2591 ᠡᠷᠦᠬᠡ ᠶᠢᠨ 6182 ᠬᠥᠮᠦᠨ ᠠᠮᠠ ᠠᠰᠢᠭ ᠭᠥᠷᠳᠡᠪᠡ᠃ ᠠᠵᠢᠯ ᠤᠯᠭᠤᠬᠤ ᠪᠠᠷ ᠲᠡᠳᠬᠦᠮᠵᠢ ᠶᠢ ᠤᠷᠤᠯᠠᠭᠤᠯᠬᠤ ᠵᠢᠱᠢᠶ᠎ᠡ ᠦᠵᠡᠭᠦᠯᠬᠦ ᠵᠠᠭᠪᠤᠷ ᠢ ᠳ᠋ᠦᠩᠨᠡᠨ ᠳᠡᠯᠭᠡᠷᠡᠭᠦᠯᠵᠦ᠂ ᠠᠵᠤ ᠠᠬᠤᠶ ᠶᠢᠨ ᠤᠢ ᠶᠢᠨ ᠪᠦᠳᠦᠭᠡᠨ ᠪᠠᠶᠢᠭᠤᠯᠤᠯᠲᠠ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢᠶᠠᠷ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ 2 ᠨᠡᠶᠢᠳᠡᠯᠢᠭ ᠵᠢᠱᠢᠶ᠎ᠡ ᠬᠤᠶᠠᠷ ᠵᠢᠯ ᠳᠠᠷᠠᠭᠠᠯᠠᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ︽ᠰᠢᠨ᠎ᠡ ᠴᠠᠭ ᠦᠶ᠎ᠡ ᠳᠠᠬᠢ ᠠᠵᠢᠯ ᠣᠯᠭᠤᠬᠤ ᠪᠠᠷ ᠲᠡᠳᠬᠦᠮᠵᠢ ᠶᠢ ᠤᠷᠤᠯᠠᠭᠤᠯᠬᠤ ᠠᠵᠢᠯ ᠤᠨ ᠵᠢᠯᠤᠭᠤᠳᠤᠯᠭ᠎ᠠ︾ ᠳᠤ ᠤᠷᠤᠵᠦ᠂ ᠪᠦᠬᠦ ᠤᠯᠤᠰ ᠤᠨ ᠬᠡᠪᠴᠢᠶᠡᠨ ᠳᠤ ᠲᠡᠯᠭᠡᠷᠡᠬᠦᠯᠪᠡ᠃       961.88 ᠲᠦᠮᠡᠨ ᠲᠤᠨ ᠨᠡᠬᠦᠷᠡᠰᠦᠨ ᠤ ᠭᠡᠷ᠎ᠠ ᠲᠤᠭᠳᠠᠪᠠ       ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠢᠯ ᠤᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠬᠦᠯᠵᠦ᠂ ᠤᠷᠳᠤᠰ᠂ ᠰᠢᠯᠢ ᠶᠢᠨ ᠭᠤᠤᠯ᠂ ᠬᠥᠯᠥᠨ ᠪᠤᠶᠢᠷ ᠵᠡᠷᠭᠡ ᠨᠡᠭᠦᠷᠡᠰᠦ ᠡᠯᠪᠡᠭ ᠪᠠᠶᠢᠬᠤ ᠠᠶᠢᠮᠠᠭ ᠬᠤᠲᠠ ᠲᠠᠢ ᠢᠳᠡᠪᠬᠢᠲᠡᠶ ᠪᠠᠷ ᠵᠣᠬᠢᠴᠠᠭᠤᠯᠵᠤ᠂ ᠨᠡᠬᠦᠷᠡᠰᠦ ᠪᠠᠷ ᠴᠠᠬᠢᠯᠭᠠᠨ ᠭᠠᠷᠭᠠᠬᠤ ᠲᠦᠷᠪᠡᠨ ᠠᠵᠦ ᠠᠬᠤᠶᠢᠯᠠᠯ ᠢ ᠬᠠᠪᠰᠤᠷᠤᠨ ᠂ 932.4 ᠲᠦᠮᠡᠨ ᠲᠤᠨ ᠨᠡᠬᠦᠷᠡᠰᠦ ᠤᠷᠤᠭᠤᠯᠵᠤ ᠢᠷᠡᠬᠦ ᠲᠤᠮᠳᠠ ᠤᠷᠳᠦ ᠬᠤᠭᠤᠴᠠᠭᠠᠨ ᠤ ᠭᠡᠷ ᠲᠤᠭᠳᠠᠵᠦ᠂ ᠮᠠᠯᠴᠢᠨ ᠲᠠᠷᠢᠶᠠᠴᠢᠳ ᠲᠤ ᠠᠰᠢᠭ ᠬᠦᠷᠳᠡᠭᠡᠬᠦ ︽ᠬᠠᠶᠢᠷ᠎ᠠ ᠬᠠᠯᠠᠮᠵᠢ ᠶᠢᠨ ᠨᠡᠬᠦᠷᠡᠰᠦ︾ ᠶᠢᠨ ᠭᠡᠷ᠎ᠡ ᠲᠤᠭᠳᠠᠭᠰᠠᠨ ᠬᠡᠮᠵᠢᠶ᠎ᠡ 29.48 ᠲᠦᠮᠡᠨ ᠲᠤᠨ ᠬᠦᠷᠪᠡ᠃       ᠲᠡᠷᠢᠭᠦᠨ ᠵᠡᠷᠭᠡ ᠶᠢᠨ ᠬᠢᠯᠢ ᠶᠢᠨ ᠬᠠᠮᠠᠭᠠᠯᠠᠯᠲᠠ ᠶᠢᠨ ᠱᠤᠭᠤᠮ ᠢ ᠪᠠᠶᠢᠭᠤᠯᠪᠠ       ᠲᠡᠷᠢᠭᠦᠨ ᠵᠡᠷᠭᠡ ᠶᠢᠨ ᠬᠢᠯᠢ ᠶᠢᠨ ᠬᠠᠮᠠᠭᠠᠯᠠᠯᠲᠠ ᠶᠢᠨ ᠱᠤᠭᠤᠮ ᠢ ᠪᠠᠶᠢᠭᠤᠯᠵᠤ᠂ ︽ᠬᠢᠯᠢ ᠬᠢᠵᠠᠭᠠᠷ ᠢ ᠪᠠᠬᠢᠵᠢᠭᠦᠯᠬᠦ᠂ ᠠᠵᠤ ᠦᠢᠯᠡᠰ ᠢᠶᠠᠷ ᠬᠢᠯᠢ ᠬᠢᠵᠠᠭᠠᠷ ᠢ ᠬᠥᠭᠵᠢᠭᠦᠯᠬᠦ᠂ ᠬᠢᠯᠢ ᠬᠢᠵᠠᠭᠠᠷ ᠢ ᠲᠣᠭᠲᠠᠭᠤᠨ ᠪᠠᠶᠢᠯᠭᠠᠬᠤ ᠶᠢ ᠪᠠᠲᠤᠯᠠᠬᠤ᠂ ᠪᠦᠯᠬᠦᠮᠳᠡᠯ ᠢᠶᠠᠷ ᠬᠢᠯᠢ ᠬᠢᠵᠠᠭᠠᠷ ᠢ ᠬᠠᠮᠠᠭᠠᠯᠠᠬᠤ︾ ᠲᠦᠷᠪᠡᠨ ᠶᠡᠭᠡ ᠢᠨᠵᠤᠨᠤᠷᠢᠩ ᠤᠨ ᠲᠤᠭᠤᠷᠢᠨ ᠳᠤ 2024 ᠣᠨ ᠳᠤ 31 ᠲᠦᠷᠦᠯ ᠵᠦᠢᠯ ᠢ ᠬᠡᠷᠡᠭᠵᠢᠭᠦᠯᠬᠦ ᠪᠠᠷ ᠲᠦᠯᠦᠪᠯᠡᠵᠦ᠂ ᠣᠲᠣ ᠨᠢᠭᠡᠨᠲᠡ 28 ᠲᠥᠷᠥᠯ ᠵᠦᠢᠯ ᠢ ᠪᠠᠶᠢᠭᠤᠯᠵᠤ ᠳᠠᠭᠤᠰᠬᠠᠪᠠ᠃       ᠲᠤᠨᠤᠭ ᠲᠦᠬᠦᠭᠡᠷᠦᠮᠵᠢ ᠶᠢ ᠰᠢᠨᠡᠳᠭᠡᠬᠦ ᠶᠢ ᠶᠡᠭᠡ ᠬᠡᠪᠴᠢᠶ᠎ᠡ ᠪᠠᠷ ᠨᠢᠭᠡᠳᠦᠯᠳᠡᠢ ᠲᠦᠯᠦᠪᠯᠡᠨ ᠠᠬᠢᠭᠤᠯᠪᠠ       ᠲᠤᠨᠤᠭ ᠲᠦᠬᠦᠭᠡᠷᠦᠮᠵᠢ ᠶᠢ ᠶᠡᠭᠡ ᠬᠡᠪᠴᠢᠶ᠎ᠡ ᠪᠠᠷ ᠰᠢᠨᠡᠳᠭᠡᠬᠦ 31 ᠲᠦᠷᠦᠯ ᠵᠦᠢᠯ ᠢ ᠰᠢᠯᠤᠭᠤᠳᠬᠠᠵᠤ᠂ 3.98 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠭᠡᠷᠡᠭᠰᠡᠨ᠎ᠠ᠃ ᠤᠳᠤᠬᠠᠨ ᠳᠤ᠂ 1.19 ᠳ᠋ᠦᠩᠰᠢᠭᠤᠷ ᠲᠦᠭᠦᠷᠢᠭ ᠪᠡᠯᠡ ᠮᠦᠩᠬᠦ ᠭᠤᠶᠤᠴᠢᠯᠠᠨ ᠤᠯᠵᠦ᠂ ᠤᠯᠠᠭᠠᠨᠬᠤᠳᠠ ᠪᠤᠯᠤᠳ ᠲᠡᠮᠦᠷ ᠤᠨ ᠺᠤᠮᠫᠠᠨᠢ ᠶᠢᠨ ᠦᠨᠳᠦᠷ ᠬᠦᠴᠦᠯᠡᠴᠡ ᠦᠨᠳᠦᠷ ᠤᠶᠠᠨ ᠬᠠᠳᠠᠨ ᠴᠢᠨᠠᠷᠳᠠᠢ ᠪᠤᠯᠤᠳ ᠮᠠᠲᠤᠷᠢᠶᠠᠯ ᠤᠨ ᠮᠡᠷᠭᠡᠵᠢᠯ ᠤᠨ ᠦᠭᠡᠷᠡᠴᠢᠯᠡᠯᠳᠡ ᠪᠠ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠪᠤᠬᠢᠷ ᠤᠰᠤ ᠰᠶᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠡ ᠶᠢ ᠲᠡᠭᠡᠭᠰᠢᠯᠡᠬᠦᠯᠦᠨ ᠦᠭᠡᠷᠡᠴᠢᠯᠡᠬᠦ ᠲᠦᠷᠦᠯ ᠵᠦᠢᠯ ᠢ ᠭᠤᠤᠯᠳᠠᠯᠭ᠎ᠠ ᠲᠠᠢ ᠲᠡᠮᠵᠢᠪᠡ᠃       ︽1 ᠦᠷᠳᠡᠭᠡ + 5 ᠲᠠᠯᠠᠪᠤᠷ + 20 ᠴᠡᠭ︾ ᠤᠨ ᠪᠠᠶᠢᠷᠢᠰᠢᠭᠤᠯᠤᠯᠳᠠ ᠶᠢ ᠲᠤᠷᠠᠳᠤᠨ ᠭᠠᠷᠭᠠᠪᠠ       ᠤᠶᠢᠷ᠎ᠠ ᠤᠭᠳᠠᠷᠭᠤᠢ ᠶᠢᠨ ᠠᠵᠦ ᠠᠬᠤᠢ ᠶᠢ ᠰᠦᠪᠡᠭᠴᠢᠯᠡᠨ ᠡᠷᠢᠯᠬᠢᠯᠡᠵᠦ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠳᠡᠮ ᠰᠢᠨᠵᠢᠯᠡᠭᠡᠨ ᠤ ᠵᠦᠪᠯᠡᠯ ᠢ ᠤᠷᠢᠵᠦ ︽ᠬᠢᠩᠭᠠᠨ ᠠᠶᠢᠮᠠᠭ ᠤᠨ ᠤᠶᠢᠷ᠎ᠠ ᠤᠭᠳᠠᠷᠭᠤᠢ ᠶᠢᠨ ᠠᠵᠦ ᠠᠬᠤᠢ ᠶᠢᠨ ᠬᠦᠭᠵᠢᠯᠳᠡ ᠶᠢᠨ ᠲᠦᠯᠦᠪᠵᠢᠬᠦᠯᠭᠡ︾ ᠶᠢᠨ ᠡᠭᠡ ᠨᠤᠤᠷᠠᠭ ᠢ ᠲᠤᠭᠤᠷᠪᠢᠭᠤᠯᠵᠦ᠂ ᠤᠶᠢᠷ᠎ᠠ ᠤᠭᠳᠠᠷᠭᠤᠢ ᠶᠢᠨ ᠠᠵᠦ ᠠᠬᠤᠢ ᠶᠢᠨ ᠵᠠᠮ ᠢ ᠬᠠᠶᠢᠨ ᠰᠦᠪᠡᠭᠴᠢᠯᠡᠨ᠂ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠦ᠂ ᠬᠡᠷᠡᠭᠯᠡᠭᠡᠨ ᠤ ᠲᠠᠯᠠᠪᠤᠷ ᠢ ᠦᠷᠭᠡᠳᠭᠡᠬᠦ ᠵᠡᠷᠭᠡ 10 ᠲᠠᠯ᠎ᠠ ᠶᠢᠨ ᠬᠢᠩᠭᠠᠨ ᠠᠶᠢᠮᠠᠭ ᠤᠨ ᠤᠶᠢᠷ᠎ᠠ ᠤᠭᠳᠠᠷᠭᠤᠢ ᠶᠢᠨ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠳᠤ ᠲᠦᠯᠦᠪᠵᠢᠬᠦᠯᠭᠡ ᠰᠤᠳᠤᠯᠤᠯᠳᠠ ᠬᠢᠵᠦ᠂ ︽1 ᠦᠷᠳᠡᠭᠡ + 5 ᠲᠠᠯᠠᠪᠤᠷ + 20 ᠴᠡᠭ︾ ᠤᠨ ᠪᠠᠶᠢᠷᠢᠰᠢᠭᠤᠯᠤᠯᠳᠠ ᠶᠢ ᠪᠠᠶᠢᠭᠤᠯᠬᠤ ᠪᠠᠷ ᠲᠤᠷᠠᠳᠤᠨ ᠭᠠᠷᠭᠠᠪᠠ᠃ 2024 ᠣᠨ ᠤ 12 ᠰᠠᠷ᠎ᠠ ᠶᠢᠨ 28 ᠤ ᠡᠳᠦᠷ ᠬᠡᠳᠦᠨ ᠠᠷᠪᠠᠨ ᠤᠶᠢᠷ᠎ᠠ ᠤᠭᠳᠠᠷᠭᠤᠢ ᠶᠢᠨ ᠠᠵᠤ ᠠᠬᠤᠶ ᠶᠢᠨ ᠲᠠᠭᠠᠭᠤᠯᠤᠭᠴᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠪᠡᠭᠡᠵᠢᠩ ᠬᠤᠲᠠ ᠳᠤ ᠬᠢᠩᠭᠠᠨ ᠠᠶᠢᠮᠠᠭ ᠤᠨ ᠤᠶᠢᠷ᠎ᠠ ᠤᠭᠳᠠᠷᠭᠤᠢ ᠶᠢᠨ ᠠᠵᠦ ᠠᠬᠤᠢ ᠶᠢᠨ ᠬᠡᠷᠡᠭᠯᠡᠭᠡᠨ ᠤ ᠲᠠᠯᠠᠪᠤᠷ ᠤᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃       ︽ᠲᠠᠪᠤᠨ ᠶᠡᠭᠡ ᠡᠭᠦᠷᠭᠡ︾ ︽ᠵᠢᠷᠭᠤᠭᠠᠨ ᠢᠨᠵᠧᠨᠧᠷᠢᠩ︾ ᠢ ᠰᠠᠶᠢᠳᠤᠷ ᠪᠡᠶᠡᠯᠡᠬᠦᠯᠵᠡᠢ       ︽ᠲᠠᠪᠤᠨ ᠶᠡᠭᠡ ᠡᠭᠦᠷᠭᠡ︾ ᠶᠢ ᠨᠠᠷᠢᠨ ᠠᠳᠬᠤᠵᠤ᠂ ︽ᠲᠠᠪᠤᠨ ᠶᠡᠭᠡ ᠡᠭᠦᠷᠭᠡ︾ ᠶᠢᠨ ᠤᠳᠤᠷᠢᠳᠬᠤ ᠲᠤᠭᠤᠶᠢᠯᠠᠩ ᠤᠨ ︽ᠠᠵᠢᠯ ᠤᠨ ᠲᠦᠷᠢᠮ︾ ︽ᠠᠵᠢᠯ ᠤᠨ ᠨᠠᠷᠢᠨ ᠲᠦᠷᠢᠮ︾ ᠢ ᠲᠠᠷᠤᠮᠠᠯᠯᠠᠨ ᠲᠠᠷᠬᠠᠭᠠᠵᠦ᠂ ᠡᠨᠧᠷᠭᠢ ᠶᠢᠨ ᠰᠠᠭᠤᠷᠢᠨ ᠭᠠᠵᠠᠷ ᠤᠨ 18 ᠵᠦᠢᠯ ᠤᠨ ᠣᠨ ᠤ ᠭᠤᠤᠯᠳᠠᠯᠭ᠎ᠠ ᠲᠠᠢ ᠡᠭᠦᠷᠭᠡ ᠶᠢ ᠨᠢᠭᠡᠨᠲᠡ ᠪᠦᠬᠦᠨ ᠢ ᠪᠡᠶᠡᠯᠡᠭᠦᠯᠪᠡ᠃ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠲᠦᠯᠬᠢᠨ ᠠᠬᠢᠭᠤᠯᠵᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠭᠤᠤᠯᠳᠠᠯᠭ᠎ᠠ ᠲᠠᠢ ᠵᠦᠢᠯ ᠪᠠ 835 ᠲᠦᠷᠦᠯ ᠵᠦᠢᠯ ᠳᠤ ᠬᠦᠳᠡᠯᠦᠩᠬᠦᠢ ᠪᠠᠷ ᠬᠠᠮᠢᠶᠠᠷᠤᠯᠳᠠ ᠬᠢᠵᠦ᠂ ᠣᠲᠣᠬᠠᠨ ᠪᠣᠯᠲᠠᠯ᠎ᠠ 228 ᠲᠥᠷᠥᠯ ᠵᠦᠢᠯ ᠤᠨ ᠠᠵᠢᠯ ᠢ ᠡᠬᠢᠯᠡᠬᠦᠯᠵᠦ᠂ 489 ᠲᠥᠷᠥᠯ ᠨᠢ ᠠᠩᠬ᠎ᠠ ᠠᠯᠬᠤᠮ ᠤᠨ ᠠᠬᠢᠴᠠ ᠲᠠᠢ ᠪᠣᠯᠪᠠ᠃ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠤᠭᠴᠠᠵᠢᠭᠤᠯᠤᠬᠤ ᠢᠨᠵᠧᠨᠧᠷᠢᠩ ᠢ ᠨᠢᠭᠡᠳᠦᠯᠳᠡᠢ ᠠᠬᠢᠭᠤᠯᠵᠦ᠂ 90 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠥᠷᠥᠯ ᠵᠦᠢᠯ ᠢ ᠨᠢᠭᠡᠨᠲᠡ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠡᠭᠦᠨ ᠳᠤ 50 ᠲᠦᠮᠡᠨ ᠺᠢᠯᠣᠸᠠᠲ ᠤᠨ ᠭᠡᠷᠡᠯᠴᠢ ᠴᠡᠨᠡᠭ ᠢ ᠪᠠᠶᠢᠭᠤᠯᠤᠨ ᠳᠠᠭᠤᠰᠬᠠᠵᠤ ᠴᠠᠬᠢᠯᠭᠠᠨ ᠲᠣᠤᠷ ᠲᠤ ᠨᠡᠶᠢᠯᠡᠭᠦᠯᠦᠨ᠂ 40 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠬᠦᠴᠦᠳᠡᠯ ᠳᠡᠭᠡᠭᠰᠢᠯᠡᠭᠦᠯᠬᠦ ᠥᠷᠲᠡᠭᠡ ᠨᠢ ᠨᠢᠭᠡᠨᠳᠡ ᠠᠰᠢᠭᠯᠠᠯᠳᠠ ᠳᠤ ᠤᠷᠤᠪᠠ᠃ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠦ᠂ ︽ᠢᠲᠡᠭᠡᠮᠵᠢ + N︾ ᠣᠷᠣᠨ ᠪᠦᠰᠡ ᠶᠢᠨ ᠣᠨᠴᠠᠯᠢᠭ ᠲᠠᠢ ᠢᠲᠡᠭᠡᠮᠵᠢ ᠲᠠᠢ ᠪᠠᠶᠢᠵᠤ ᠠᠮᠠᠯᠠᠯᠲᠠ ᠪᠠᠨ ᠦᠢᠯᠡᠳᠦᠯᠭᠡᠵᠢᠭᠦᠯᠬᠦ ᠶᠢ ᠤᠷᠮᠠᠰᠢᠭᠤᠯᠬᠤ ᠰᠢᠰᠲᠤᠮ ᠢ ᠪᠠᠶᠢᠭᠤᠯᠵᠤ᠂ ᠢᠲᠡᠭᠡᠮᠵᠢ ᠶᠢᠨ ᠬᠡᠷᠡᠭᠯᠡᠭᠡᠨ ᠤ ᠲᠠᠯᠠᠪᠤᠷ ᠢ 34 ᠡᠭᠦᠳᠦᠨ ᠪᠠᠶᠢᠭᠤᠯᠵᠤ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠡᠲᠡᠭᠡᠳ ᠢ 44 ᠰᠢᠯᠭᠠᠷᠠᠭᠤᠯᠤᠨ᠂ 11 ᠵᠦᠢᠯ ᠤᠨ ᠬᠠᠮᠲᠤᠷᠠᠨ ᠤᠷᠮᠠᠰᠢᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ︽ᠴᠢᠴᠢᠬᠠᠷ ᠪᠠᠶᠢᠴᠤᠩ ᠬᠢᠩᠭᠠᠨ︾ ᠤ ᠣᠷᠣᠨ ᠪᠦᠰᠡ ᠠᠯᠤᠰᠯᠠᠭᠰᠠᠨ ᠢᠲᠡᠭᠡᠮᠵᠢ ᠶᠢᠨ ᠰᠢᠰᠲᠤᠮ ᠢ ᠬᠠᠮᠲᠤᠪᠠᠷ ᠪᠠᠶᠢᠭᠤᠯᠬᠤ ᠵᠦᠪᠯᠡᠯᠴᠡᠭᠡᠷ ᠲᠤ ᠭᠠᠷ ᠤᠨ ᠦᠰᠦᠭ ᠵᠢᠷᠦᠪᠠ᠃ · ᠲᠤᠯᠭᠠᠭᠤᠷᠢ ᠬᠠᠨ ᠢᠤᠢ ᠭᠧ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号