| ᠤᠶᠢᠷ᠎ᠠ ᠳᠤ᠂ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ | ᠬᠤᠷᠢᠶ᠎ᠠ ᠶᠢᠨ ᠰᠢᠨ ᠴᠧᠩ ᠨᠡᠶᠢᠬᠡᠮ ᠲᠤᠭᠤᠷᠢᠭ ᠬᠤᠪᠢᠶᠠᠷᠢ ᠡᠮᠨᠡᠯᠬᠡ ᠶᠢᠨ ᠬᠤᠷᠢᠶ᠎ᠠ ᠠᠷᠬᠠᠭ ᠪᠦᠭᠯᠡᠷᠬᠡᠢ ᠴᠢᠨᠠᠷᠳᠤ | ᠠᠭᠤᠰᠬᠢᠨ ᠡᠪᠡᠳᠴᠢᠨ ᠢ ᠰᠢᠭᠰᠢᠨ ᠪᠠᠶᠢᠴᠠᠭᠠᠬᠤ ᠠᠵᠢᠯᠯᠠᠭ᠎ᠠ ᠦᠷᠨᠢᠬᠦᠯᠪᠡ᠃ | ᠠᠵᠢᠯᠯᠠᠭ᠎ᠠ ᠳᠤ᠂ ᠡᠮᠴᠢᠯᠡᠬᠡᠨ ᠤ ᠠᠵᠢᠯᠳᠠᠳ ᠰᠠᠭᠤᠭᠠᠯᠢ ᠠᠷᠠᠳ ᠤᠨ ᠴᠢᠰᠦᠨ ᠲᠠᠷᠦᠯᠳᠠ᠂ ᠴᠢᠰᠦᠨ | ᠰᠢᠬᠢᠷ᠂ ᠴᠢᠰᠦᠨ ᠳᠠᠬᠢ ᠬᠦᠴᠢᠯᠳᠦ᠋ᠷᠦᠭᠴᠢ᠂ ᠵᠢᠷᠦᠬᠡᠨ ᠴᠠᠬᠢᠯᠭᠠᠨ ᠤ ᠵᠢᠷᠤᠭ᠂ ᠶᠠᠰᠦᠨ ᠤ ᠨᠢᠬᠳᠠᠴᠠ᠂ ᠠᠷᠬᠠᠭ | ᠪᠦᠭᠯᠡᠷᠬᠡᠢ ᠴᠢᠨᠠᠷᠳᠤ ᠠᠭᠤᠰᠬᠢᠨ ᠡᠪᠡᠳᠴᠢᠨ᠂ ᠠᠭᠤᠰᠬᠢᠨ ᠤ ᠴᠢᠳᠠᠪᠬᠢ ᠵᠡᠷᠬᠡ ᠳᠤ ᠪᠠᠶᠢᠴᠠᠭᠠᠯᠳᠠ ᠬᠢᠵᠦ | ᠦᠭᠬᠦᠭᠰᠡᠨ ᠪᠦᠭᠡᠳ ᠡᠪᠡᠳᠴᠢᠳᠡᠳ ᠤᠨ ᠡᠪᠡᠳᠴᠢᠨ ᠢ ᠦᠨᠡᠯᠡᠨ ᠵᠢᠱᠢᠵᠦ᠂ ᠦᠪᠡᠷᠮᠢᠴᠢᠯᠡᠭᠰᠡᠨ ᠡᠮ ᠬᠡᠷᠡᠭᠯᠡᠬᠦ | ᠵᠢᠯᠤᠭᠤᠳᠤᠯᠭ᠎ᠠ ᠬᠠᠨᠭ᠍ᠭᠠᠵᠦ ᠦᠭᠴᠡᠢ᠃ ᠲᠤᠬᠠᠢ ᠶᠢᠨ ᠲᠠᠯᠠᠪᠦᠷ ᠲᠤ 38 ᠰᠠᠭᠤᠭᠠᠯᠢ ᠠᠷᠠᠳ ᠤᠨ ᠡᠪᠡᠳᠴᠢᠨ ᠢ | ᠰᠢᠭᠰᠢᠨ ᠪᠠᠶᠢᠴᠠᠭᠠᠬᠰᠠᠨ ᠪᠠᠶᠢᠨ᠎ᠠ᠃ | ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠭᠤᠯᠤᠨ᠂ ᠡᠪᠡᠳᠴᠢᠳᠡᠳ ᠬᠡᠷ ᠤᠨ ᠡᠬᠦᠳᠡᠨ ᠳᠡᠭᠡᠨ ᠲᠤᠰᠬᠠᠢ | ᠮᠡᠷᠬᠡᠵᠢᠯ ᠤᠨ ᠤᠨᠤᠰᠢᠯᠠᠯᠳᠠ ᠶᠢ ᠤᠯᠵᠦ ᠬᠦᠷᠳᠡᠭᠰᠡᠨ ᠲᠡᠳᠦᠢ ᠦᠬᠡᠢ ᠲᠡᠳᠡᠨ ᠤ ᠡᠮ ᠡᠮᠨᠡᠯᠬᠡ ᠶᠢᠨ ᠵᠠᠷᠦᠳᠠᠯ ᠢ ᠨᠢ | ᠠᠷᠪᠢᠯᠠᠵᠦ ᠦᠭᠴᠡᠢ᠃ ︽ᠲᠠᠷᠠᠭᠠᠴᠢ ᠪᠠᠷ᠂ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ | ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠰᠢᠨ ᠴᠧᠩ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠦᠷᠬᠦᠯᠵᠢᠯᠡᠨ | ᠡᠷᠡᠬᠦᠯ ᠮᠡᠨᠳᠤ ᠶᠢᠨ ᠠᠯᠪᠠᠨ ᠵᠢᠷᠦᠮ ᠤᠨ ᠡᠮᠴᠢᠯᠡᠭᠡ ᠦᠷᠨᠢᠬᠦᠯᠵᠦ᠂ ᠰᠠᠭᠤᠭᠠᠯᠢ ᠠᠷᠠᠳ ᠤᠨ ᠡᠷᠡᠬᠦᠯ ᠮᠡᠨᠳᠤ ᠶᠢ | ᠨᠡᠩ ᠰᠠᠶᠢᠨ ᠬᠠᠮᠠᠭᠠᠯᠠᠬᠤ ᠳᠤ ᠬᠦᠴᠦ ᠪᠠᠨ ᠡᠷᠬᠦᠨ᠎ᠡ︾ ᠬᠡᠵᠦ ᠬᠠᠮᠢᠶᠠᠳᠠᠢ ᠬᠠᠷᠢᠭᠤᠴᠠᠯᠭᠠᠳᠠᠨ ᠨᠢ ᠢᠯᠡᠷᠬᠡᠶᠢᠯᠡᠪᠡ᠃ |