| ᠠᠵᠦ ᠠᠬᠤᠶᠢᠯᠠᠯ ᠤᠨ ᠠᠮᠦᠷ ᠲᠦᠪᠰᠢᠨ ᠤ ᠬᠠᠮᠢᠶᠠᠷᠦᠯᠳᠠ ᠶᠢ ᠤᠯᠠᠮ ᠨᠢᠬᠡ ᠠᠯᠬᠤᠮ ᠴᠢᠩᠭᠠᠳᠬᠠᠵᠦ᠂ | ᠠᠮᠦᠷ ᠲᠦᠪᠰᠢᠨ ᠤ ᠲᠠᠯᠳᠠ ᠬᠡᠮ ᠢ ᠠᠷᠢᠯᠭᠠᠨ ᠨᠡᠶᠢᠬᠡᠮ ᠤᠨ ᠠᠮᠦᠷ ᠲᠤᠬᠳᠠᠭᠤᠨ ᠢ ᠦᠷᠬᠦᠯᠵᠢᠯᠡᠨ ᠪᠠᠳᠦᠯᠠᠬᠤ ᠶᠢᠨ | ᠲᠦᠯᠦᠬᠡ᠂ ᠤᠶᠢᠷ᠎ᠠ ᠶᠢᠨ ᠡᠳᠦᠷ ᠤᠯᠠᠭᠠᠨᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠠᠮᠦᠷ ᠢ | ᠬᠠᠮᠠᠭᠠᠯᠠᠬᠤ ᠬᠠᠮᠢᠶᠠᠷᠦᠯᠳᠠ ᠶᠢᠨ ᠶᠡᠭᠡ ᠠᠩᠬᠢ ᠶᠢᠨ ᠬᠢᠨ ᠬᠠᠷᠢᠶ᠎ᠠ ᠤᠷᠤᠨ ᠤ ᠭᠤᠤᠯᠳᠠᠯᠭ᠎ᠠ ᠲᠠᠢ ᠠᠵᠦ | ᠠᠬᠤᠶᠢᠯᠠᠯ ᠢᠶᠠᠷ ᠬᠦᠨᠵᠡᠬᠡᠶᠢᠷᠡᠨ ᠠᠮᠦᠷ ᠲᠦᠪᠰᠢᠨ ᠤ ᠪᠠᠶᠢᠴᠠᠭᠠᠯᠳᠠ ᠦᠷᠨᠢᠬᠦᠯᠵᠡᠢ᠃ | ᠪᠠᠶᠢᠴᠠᠭᠠᠯᠳᠠ ᠳᠤ᠂ ᠠᠷᠠᠳ ᠤᠨ ᠴᠠᠬᠳᠠᠭ᠎ᠠ ᠨᠠᠷ ᠪᠠᠶᠢᠭᠤᠯᠭ᠎ᠠ ᠨᠢᠬᠡᠴᠢ ᠶᠢᠨ ᠬᠦᠮᠦᠷᠬᠡ ᠶᠢᠨ ᠲᠤᠳᠤᠷᠠᠬᠢ | ᠲᠤᠨᠤᠭ ᠲᠦᠬᠦᠭᠡᠷᠦᠮᠵᠢ᠂ ᠸᠢᠳᠢᠤ᠋ ᠬᠢᠨᠠᠨ ᠡᠵᠡᠮᠰᠢᠯ ᠤᠨ ᠪᠠᠶᠢᠳᠠᠯ᠂ ᠲᠦᠬᠦᠭᠡᠢ ᠮᠠᠲ᠋ᠧᠷᠢᠶᠠᠯ ᠢ ᠵᠦᠬᠡᠬᠡᠪᠦᠷᠢᠯᠡᠬᠦ᠂ | ᠬᠠᠳᠠᠭᠠᠯᠠᠬᠤ᠂ ᠬᠡᠷᠡᠭᠯᠡᠵᠦ ᠪᠠᠶᠢᠭ᠎ᠠ ᠪᠠᠶᠢᠳᠠᠯ᠂ ᠪᠠᠴᠢᠮ ᠪᠠᠶᠢᠳᠠᠯ ᠢ ᠠᠷᠭᠠᠴᠠᠭᠠᠬᠤ ᠲᠦᠰᠦᠪ ᠪᠦᠷᠢᠨ ᠲᠦᠬᠦᠷ ᠡᠰᠡᠬᠦ | ᠂ ᠭᠠᠯ ᠰᠡᠷᠬᠡᠶᠢᠯᠡᠯᠳᠡ ᠶᠢᠨ ᠠᠷᠭ᠎ᠠ ᠠᠪᠴᠠᠯ ᠨᠢ ᠵᠤᠬᠢᠰᠳᠠᠢ ᠡᠰᠡᠬᠦ᠂ ᠰᠦᠨᠢ ᠶᠢᠨ ᠲᠤᠭᠤᠷᠢᠨ ᠪᠠᠶᠢᠴᠠᠭᠠᠯᠳᠠ ᠶᠢ | ᠰᠠᠶᠢᠳᠦᠷ ᠲᠤᠭᠤᠰᠢᠯᠠᠭᠤᠯᠤᠬᠰᠠᠨ ᠡᠰᠡᠬᠦ᠂ ᠭᠠᠯ ᠰᠡᠷᠬᠡᠶᠢᠯᠡᠵᠦ ᠭᠠᠯ ᠤᠨᠳᠠᠷᠠᠭᠠᠬᠤ ᠠᠮᠦᠷ ᠲᠦᠪᠰᠢᠨ ᠤ ᠠᠵᠢᠯ ᠢ | ᠰᠠᠶᠢᠳᠦᠷ ᠬᠢᠭᠰᠡᠨ ᠡᠰᠡᠬᠦ ᠵᠢᠴᠢ ᠠᠶᠦᠯᠳᠤ ᠬᠢᠮᠢ ᠶᠢᠨ ᠪᠤᠳᠠᠰ ᠤᠷᠤᠭᠤᠯᠵᠦ ᠭᠠᠷᠭᠠᠬᠤ ᠬᠦᠮᠦᠷᠬᠡ ᠶᠢᠨ ᠬᠡᠷᠡᠭᠯᠡᠯᠳᠡ | ᠵᠡᠷᠭᠡ ᠶᠢᠨ ᠲᠠᠩᠰᠠ ᠡᠪᠬᠡᠮᠡᠯ ᠢ ᠨᠠᠷᠢᠯᠢᠭ ᠪᠠᠶᠢᠴᠠᠭᠠᠵᠠᠢ᠃ ᠲᠠᠷᠠᠭ᠎ᠠ ᠳᠤᠨᠢ᠂ ᠠᠷᠠᠳ ᠤᠨ ᠴᠠᠬᠳᠠᠭ᠎ᠠ ᠠᠴᠠ ᠬᠠᠮᠢᠶ᠎ᠠ | ᠪᠦᠬᠦᠢ ᠬᠠᠷᠢᠭᠤᠴᠠᠯᠭᠠᠳᠠᠨ ᠤ ᠭᠠᠯ ᠰᠡᠷᠬᠡᠶᠢᠯᠡᠬᠦ᠂ ᠲᠡᠯᠪᠡᠷᠡᠯᠳᠡ ᠶᠢ ᠰᠡᠷᠬᠡᠶᠢᠯᠡᠬᠦ ᠲᠤᠬᠠᠢ ᠠᠮᠦᠷ ᠲᠦᠪᠰᠢᠨ ᠤ | ᠬᠦᠮᠦᠵᠢᠯ ᠤᠨ ᠤᠬᠠᠭᠤᠯᠭ᠎ᠠ ᠬᠢᠵᠦ᠂ ᠲᠡᠳᠡᠨ ᠢ ᠤᠯᠤᠰ ᠤᠨ ᠬᠠᠮᠢᠶ᠎ᠠ ᠪᠦᠬᠦᠢ ᠲᠤᠬᠳᠠᠭᠠᠯ ᠶᠤᠰᠤᠭᠠᠷ ᠠᠶᠦᠯᠳᠤ | ᠬᠢᠮᠢ ᠶᠢᠨ ᠪᠤᠳᠠᠰ ᠢ ᠬᠡᠷᠡᠭᠯᠡᠨ ᠬᠠᠳᠠᠭᠠᠯᠠᠵᠦ᠂ ᠠᠶᠦᠯᠬᠦᠢ ᠦᠢᠯᠡᠳᠪᠦᠷᠢᠯᠡᠯ ᠢ ᠪᠠᠳᠦᠯᠠᠬᠤ ᠬᠡᠷᠡᠭᠳᠡᠢ ᠭᠡᠵᠦ | ᠱᠠᠭᠠᠷᠳᠠᠵᠠᠢ᠃ | ᠲᠤᠰ ᠤᠳᠠᠭᠠᠨ ᠤ ᠪᠠᠶᠢᠴᠠᠭᠠᠯᠳᠠ ᠪᠠᠷ ᠲᠠᠮᠵᠢᠭᠤᠯᠤᠨ᠂ ᠠᠵᠦ ᠠᠬᠤᠶᠢᠯᠠᠯ ᠤᠨ ᠠᠶᠦᠯᠳᠦ ᠬᠢᠮᠢ ᠶᠢᠨ | ᠪᠤᠳᠠᠰ ᠤᠨ ᠬᠠᠮᠢᠶᠠᠷᠦᠯᠳᠠ ᠶᠢ ᠤᠯᠠᠮ ᠨᠢᠬᠡ ᠠᠯᠬᠤᠮ ᠲᠦᠷᠢᠮᠵᠢᠬᠦᠯᠵᠦ᠂ ᠠᠵᠦ ᠠᠬᠤᠶᠢᠯᠠᠯ ᠤᠨ ᠠᠶᠦᠯᠳᠤ | ᠬᠢᠮᠢ ᠶᠢᠨ ᠪᠤᠳᠠᠰ ᠤᠨ ᠠᠮᠦᠷ ᠲᠦᠪᠰᠢᠨ ᠤ ᠬᠠᠮᠢᠶᠠᠷᠦᠯᠳᠠ ᠶᠢᠨ ᠤᠬᠠᠮᠰᠠᠷ ᠢ ᠲᠡᠭᠡᠭᠰᠢᠯᠡᠬᠦᠯᠵᠡᠢ᠃ ︵ᠬᠠᠨ᠎ᠠ︶ |