| ᠤᠯᠠᠭᠠᠨᠬᠤᠳᠠ ᠨᠢᠰᠬᠡᠯ ᠤᠨ ᠪᠠᠭᠤᠳᠠᠯ ᠤᠨ ᠴᠠᠬᠢᠯᠭᠠᠨ ᠬᠡᠷᠡᠭᠯᠡᠬᠦ ᠲᠤᠨᠤᠭ ᠲᠦᠬᠦᠭᠡᠷᠦᠮᠵᠢ ᠶᠢᠨ ᠠᠮᠦᠷ | ᠲᠦᠪᠰᠢᠨ ᠲᠤᠬᠳᠠᠭᠤᠨ ᠪᠠᠶᠢᠬᠤ ᠶᠢ ᠪᠠᠳᠦᠯᠠᠵᠦ᠂ ᠴᠠᠬᠢᠯᠭᠠᠨ ᠬᠡᠷᠡᠭᠯᠡᠬᠦ ᠠᠮᠦᠷ ᠲᠦᠪᠰᠢᠨ ᠤ ᠲᠠᠯᠳᠠ ᠬᠡᠮ ᠢ | ᠠᠷᠢᠯᠭᠠᠬᠤ ᠶᠢᠨ ᠲᠦᠯᠦᠬᠡ᠂ ᠤᠶᠢᠷ᠎ᠠ ᠳᠤ ᠤᠯᠠᠭᠠᠨᠬᠤᠳᠠ ᠨᠢᠰᠬᠡᠯ ᠤᠨ ᠪᠠᠭᠤᠳᠠᠯ ᠠᠮᠦᠷ ᠲᠦᠪᠰᠢᠨ ᠢᠶᠠᠷ ᠴᠠᠬᠢᠯᠭᠠᠨ | ᠬᠡᠷᠡᠭᠯᠡᠬᠦ ᠪᠠᠶᠢᠴᠠᠭᠠᠯᠳᠠ ᠦᠷᠨᠢᠬᠦᠯᠵᠡᠢ᠃ | ᠲᠤᠰ ᠤᠳᠠᠭᠠᠨ ᠤ ᠪᠠᠶᠢᠴᠠᠭᠠᠯᠳᠠ ᠳᠤ᠂ ᠠᠵᠢᠯᠳᠠᠳ ᠨᠢᠰᠬᠡᠯ ᠤᠨ ᠪᠠᠭᠤᠳᠠᠯ ᠤᠨ ᠠᠰᠠᠷ᠂ | ᠬᠠᠮᠢᠶᠠᠷᠦᠯᠳᠠ ᠶᠢᠨ ᠠᠰᠠᠷ᠂ ᠨᠢᠰᠬᠡᠯ ᠨᠢᠰᠬᠦ ᠭᠠᠵᠠᠷ ᠤᠨ ᠨᠡᠶᠢᠳᠡ ᠶᠢᠨ ᠪᠠᠶᠢᠷᠢ ᠵᠢᠴᠢ ᠬᠤᠭᠤᠯᠠᠨ ᠲᠢᠩᠬᠢᠮ ᠵᠡᠷᠭᠡ | ᠬᠦᠮᠦᠨ ᠤᠯᠠᠨ ᠴᠤᠬᠯᠠᠷᠠᠳᠠᠭ ᠲᠠᠯᠠᠪᠦᠷ ᠭᠠᠵᠠᠷ ᠤᠨ ᠲᠤᠨᠤᠭ ᠲᠦᠬᠦᠬᠡᠷᠦᠮᠵᠢ ᠶᠢ ᠬᠡᠪ ᠤᠨ ᠶᠠᠩᠵᠦ ᠪᠠᠷ ᠬᠡᠷᠡᠭᠯᠡᠵᠦ | ᠪᠤᠯᠬᠤ ᠡᠰᠡᠬᠦ᠂ ᠴᠠᠬᠢᠯᠭᠠᠨ ᠲᠤᠬᠢᠷᠠᠭᠤᠯᠬᠤ ᠬᠤᠷᠭᠤ ᠲᠤᠳᠤᠷᠠᠬᠢ ᠴᠠᠬᠢᠯᠭᠠᠨ ᠭᠤᠭᠤᠵᠢᠬᠤ ᠶᠢ ᠬᠠᠮᠠᠭᠠᠯᠠᠬᠤ | ᠬᠡᠷᠡᠭᠰᠡᠯ ᠢ ᠲᠦᠷᠢᠮᠵᠢᠬᠦᠨ ᠤᠬᠰᠠᠷᠠᠬᠰᠠᠨ ᠡᠰᠡᠬᠦ᠂ ᠴᠠᠬᠢᠯᠭᠠᠨ ᠤᠳᠠᠰᠦ ᠨᠢ ᠬᠠᠭᠤᠴᠢᠷᠠᠬᠰᠠᠨ ᠡᠰᠡᠬᠦ ᠵᠢᠴᠢ | ᠲᠦᠷᠢᠮ ᠢ ᠵᠦᠷᠢᠴᠡᠨ ᠶᠡᠭᠡ ᠴᠢᠳᠠᠯᠳᠤ ᠴᠠᠬᠢᠯᠭᠠᠨ ᠬᠡᠷᠡᠭᠰᠡᠯ ᠬᠡᠷᠡᠭᠯᠡᠵᠦ ᠪᠠᠶᠢᠬᠤ ᠡᠰᠡᠬᠦ ᠵᠡᠷᠭᠡ ᠶᠢ ᠨᠠᠷᠢᠯᠢᠭ | ᠪᠠᠶᠢᠴᠠᠭᠠᠵᠠᠢ᠃ ᠠᠵᠢᠯᠳᠠᠳ ᠪᠠᠶᠢᠴᠠᠭᠠᠵᠦ ᠢᠯᠡᠷᠡᠬᠦᠯᠦᠭᠰᠡᠨ ᠠᠰᠠᠭᠤᠳᠠᠯ ᠢᠶᠠᠨ ᠲᠠᠷᠦᠢ ᠲᠦᠷᠬᠡᠨ ᠴᠡᠭᠴᠡᠯᠡᠨ ᠵᠠᠰᠠᠵᠦ | ᠂ ᠨᠢᠰᠬᠡᠯ ᠤᠨ ᠪᠠᠭᠤᠳᠠᠯ ᠤᠨ ᠠᠮᠦᠷ ᠲᠦᠪᠰᠢᠨ ᠢ ᠪᠠᠳᠦᠯᠠᠵᠠᠢ᠃ ᠡᠬᠦᠨ ᠤ ᠬᠠᠮᠳᠤ᠂ ᠠᠵᠢᠯᠳᠠᠳ ᠤᠨ ᠴᠠᠬᠢᠯᠭᠠᠨ | ᠬᠡᠷᠡᠭᠯᠡᠬᠦ ᠤᠬᠠᠮᠰᠠᠷ ᠢ ᠲᠡᠭᠡᠭᠰᠢᠯᠡᠬᠦᠯᠬᠦ ᠶᠢᠨ ᠲᠦᠯᠦᠬᠡ᠂ ᠡᠯ᠎ᠡ ᠰᠠᠯᠠᠭ᠎ᠠ ᠲᠠᠰᠤᠭ ᠤᠨ ᠬᠢᠨ ᠬᠦᠮᠦᠨ ᠨᠢ ᠶᠠᠪᠤᠭᠠᠳ | ᠴᠠᠬᠢᠯᠭᠠᠨ ᠢᠶᠠᠨ ᠵᠤᠬᠰᠤᠭᠠᠬᠰᠠᠨ ᠦᠬᠡᠢ ᠵᠡᠷᠭᠡ ᠪᠠᠶᠢᠳᠠᠯ ᠢ ᠰᠠᠨᠠᠭᠤᠯᠤᠬᠰᠠᠨ ᠪᠦᠭᠡᠳ ᠠᠮᠦᠷ ᠲᠦᠪᠰᠢᠨ ᠢᠶᠠᠷ | ᠴᠠᠬᠢᠯᠭᠠᠨ ᠬᠡᠷᠡᠭᠯᠡᠬᠦ ᠬᠦᠮᠦᠵᠢᠯ ᠪᠤᠯᠪᠠᠰᠦᠷᠠᠯ ᠦᠷᠨᠢᠬᠦᠯᠵᠡᠢ᠃ | ᠤᠯᠠᠭᠠᠨᠬᠤᠳᠠ ᠨᠢᠰᠬᠡᠯ ᠤᠨ ᠪᠠᠭᠤᠳᠠᠯ ᠲᠤᠰ ᠤᠳᠠᠭᠠᠨ ᠤ ᠪᠠᠶᠢᠴᠠᠭᠠᠯᠳᠠ ᠪᠠᠷ ᠠᠵᠠ ᠲᠤᠬᠢᠶᠠᠯ ᠪᠤᠯᠭᠠᠵᠦ᠂ | ᠨᠢᠰᠬᠡᠯ ᠤᠨ ᠪᠠᠭᠤᠳᠠᠯ ᠤᠨ ᠴᠠᠬᠢᠯᠭᠠᠨ ᠬᠡᠷᠡᠭᠯᠡᠬᠦ ᠠᠮᠦᠷ ᠲᠦᠪᠰᠢᠨ ᠤ ᠬᠠᠮᠢᠶᠠᠷᠦᠯᠳᠠ ᠶᠢ ᠤᠯᠠᠮ ᠨᠢᠬᠡ ᠠᠯᠬᠤᠮ | ᠴᠢᠩᠭᠠᠳᠬᠠᠵᠦ᠂ ᠠᠮᠦᠷ ᠲᠦᠪᠰᠢᠨ ᠤ ᠲᠠᠯᠳᠠ ᠬᠡᠮ ᠢ ᠴᠠᠭ ᠲᠤᠬᠠᠢ ᠳᠤᠨᠢ ᠪᠠᠶᠢᠴᠠᠭᠠᠨ ᠠᠷᠢᠯᠭᠠᠵᠦ᠂ | ᠵᠢᠭᠤᠯᠴᠢᠯᠠᠬᠴᠢᠳ ᠤᠨ ᠠᠮᠦᠷ ᠲᠦᠪᠰᠢᠨ ᠢᠶᠠᠷ ᠠᠶᠠᠯᠠᠬᠤ ᠳᠤ ᠪᠠᠳᠦ ᠴᠢᠩᠭ᠎ᠠ ᠪᠠᠳᠦᠯᠠᠭ᠎ᠠ ᠬᠠᠨᠭ᠍ᠭᠠᠵᠠᠢ᠃ ︵ᠶᠠᠩ | ᠹᠠᠨ︶ |