ᠤᠯᠠᠭᠠᠨᠬᠤᠲᠠ ᠪᠣᠯᠣᠳ ᠲᠡᠮᠦᠷ ᠤᠨ ᠺᠣᠮᠫᠠᠨᠢ ᠶᠢᠨ ᠪᠣᠬᠢᠷᠲᠤᠯ ᠥᠬᠡᠶ ᠬᠥᠭᠵᠢᠯᠲᠡ ᠬᠢᠭᠡᠳ ᠬᠤᠪᠢᠷᠠᠯᠲᠠ
ᠨᠡᠶᠢᠲᠡᠯᠡᠭᠰᠡᠨ ᠴᠠᠭ᠄
2025/1/7
         ᠡ᠊ᠡᠳᠡᠬᠢ ᠪᠤᠯᠤᠳ ᠨᠢ ᠥᠩᠭᠡ ᠢᠯᠭᠠᠷᠠᠮ᠎ᠠ ᠪᠠᠶᠢᠳᠠᠭ᠄ ᠲᠡᠷᠡ ᠪᠣᠯ ︽ᠤᠯᠠᠭᠠᠨ︾ ᠪᠤᠯᠤᠳ᠂ ᠬᠤᠪᠢᠰᠬᠠᠯ ᠤᠨ ᠠᠷᠢᠭᠤᠨ ᠤᠷᠤᠨ ᠰᠢ ᠪᠠᠢ ᠫᠦᠸᠧ ᠠᠴᠠ ᠤᠯᠠᠭᠠᠨᠬᠤᠲᠠ ᠳᠤ ᠢᠷᠡᠵᠦ᠂ ᠬᠤᠪᠢᠰᠬᠠᠯ ᠤᠨ ᠠᠮᠢᠨ ᠰᠤᠳᠠᠰᠤ ᠶᠢ ᠤᠯᠠᠮᠵᠢᠯᠠᠨ ᠳᠤᠮᠳᠠᠳᠤ ᠤᠯᠤᠰ ᠤᠨ ᠡᠬᠡ ᠭᠠᠵᠠᠷ ᠤᠨ ᠬᠥᠭᠵᠢᠯᠲᠡ ᠳᠤ ᠬᠦᠴᠦᠨ ᠨᠡᠮᠡᠷᠢᠯᠡᠵᠤ ᠪᠠᠶᠢᠨ᠎ᠠ ᠃ ᠲᠡᠷᠡ ᠪᠤᠯ ︽ᠴᠠᠭᠠᠨ︾ ᠪᠣᠯᠣᠳ᠂ ᠦᠢᠯᠡᠳᠪᠦᠷᠢ ᠶᠢᠨ ᠭᠡᠷ ᠪᠠᠶᠢᠰᠢᠩ ᠢᠶᠠᠨ ᠴᠠᠭᠠᠨ ᠥᠩᠭᠡ ᠲᠠᠢ ᠮᠠᠲ᠋ᠧᠷᠢᠶᠠᠯ ᠬᠡᠷᠡᠭᠯᠡᠵᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠮᠠᠯᠠᠯᠳᠠ᠃ ᠲᠡᠷᠡ ᠪᠤᠯ ︽ᠨᠣᠭᠤᠭᠠᠨ︾ ᠪᠤᠯᠤᠳ᠂ ᠲᠤᠨᠤᠭ ᠲᠥᠬᠦᠭᠡᠷᠦᠮᠵᠢ ᠪᠠᠨ ᠰᠢᠨᠡᠴᠢᠯᠡᠵᠦ ᠲᠡᠰ ᠲᠡᠪᠰᠢᠬᠦᠯᠵᠦ᠂ ᠬᠥᠮᠦᠰ ᠤᠨ ᠤᠷᠮ᠎ᠠ ᠵᠤᠷᠢᠭ ᠢ ᠬᠦᠪᠴᠢᠯᠡᠵᠦ᠂ ᠪᠣᠬᠢᠷᠲᠤᠯ ᠦᠭᠡᠢ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠵᠠᠮᠨᠠᠵᠠᠢ᠃ ᠲᠡᠷᠡ ᠪᠤᠯ ︽ᠥᠩᠭᠡᠲᠦ︾ ᠪᠤᠯᠤᠳ᠂ 3000 ᠭᠠᠷᠤᠶ ᠠᠵᠢᠯᠲᠠᠨ ᠳᠤ ᠠᠵᠢᠯ ᠣᠯᠭᠤᠵᠤ᠂ ᠲᠡᠳᠡᠨ ᠳᠤ ᠠᠮᠤᠷ ᠲᠣᠭᠲᠠᠭᠤᠨ ᠵᠣᠯ ᠵᠢᠷᠭᠠᠯ ᠢ ᠡᠳ᠋ᠯᠡᠭᠦᠯᠵᠡᠢ᠂ ᠲᠡᠷᠡ ᠪᠣᠯ ᠤᠯᠠᠭᠠᠨᠬᠤᠲᠠ ᠪᠣᠯᠣᠳ ᠲᠡᠮᠦᠷ᠂ ᠮᠦᠨ ᠴᠦ ᠪᠣᠬᠢᠷᠳᠣᠯ ᠦᠭᠡᠢ᠂ ᠰᠣᠳᠣᠨ ᠲᠠᠸᠠᠷ᠂ ᠦᠨᠡᠨᠴᠢ ᠢᠲᠡᠭᠡᠮᠵᠢᠲᠡᠶ ᠦᠢᠯᠡᠰ ᠢᠶᠠᠨ ᠳᠡᠭᠡᠳᠦᠯᠡᠳᠡᠭ ᠪᠣᠯᠣᠳ ᠲᠡᠮᠦᠷ ᠂ ᠬᠠᠶᠢᠷ᠎ᠠ ᠰᠡᠳᠬᠢᠯᠭᠡ ᠲᠠᠢ ᠠᠷᠠᠳ ᠠᠴᠠ ᠡᠵᠡᠩᠨᠡᠭᠰᠡᠨ ᠪᠣᠯᠣᠳ ᠲᠡᠮᠦᠷ ᠮᠥᠨ᠃
640.jpg
微信图片_20250107083004.png
        ᠤᠯᠠᠭᠠᠨᠬᠤᠲᠠ ᠪᠣᠯᠤᠳ ᠲᠡᠮᠦᠷ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠤᠯᠠᠭᠠᠨᠬᠤᠲᠠ᠂ ᠮᠠᠨ ᠤ ᠤᠯᠤᠰ ᠤᠨ ᠠᠩᠬᠠᠳᠠᠭᠴᠢ ᠮᠤᠵᠢ ᠶᠢᠨ ᠲᠠᠰ ᠤᠨ ᠴᠥᠭᠡᠨ ᠲᠣᠭᠠᠲᠤ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ ᠪᠠᠶᠢᠷᠢᠯᠠᠵᠤ ᠪᠠᠶᠢᠨ᠎ᠠ᠃ 1958 ᠣᠨ ᠳᠤ ᠤᠯᠠᠭᠠᠨᠬᠤᠲᠠ ᠪᠣᠯᠣᠳ ᠲᠡᠮᠦᠷ ᠤᠨ ᠪᠦᠷᠢᠨ ᠪᠣᠰᠤ ᠬᠠᠷᠢᠭᠤᠴᠠᠯᠭᠠᠲᠤ ᠺᠣᠮᠫᠠᠨᠢ ᠪᠠᠶᠢᠭᠤᠯᠤᠭᠳᠠᠵᠤ᠂ ᠪᠦᠬᠦ ᠤᠯᠤᠰ ᠤᠨ ᠡᠯ᠎ᠡ ᠭᠠᠵᠠᠷ ᠠᠴᠠ ᠨᠢᠭᠡ ᠪᠦᠯᠦᠭ ᠵᠠᠯᠠᠭᠤᠴᠤᠳ ᠬᠤᠷᠴᠢᠨ ᠤ ᠲᠠᠯ᠎ᠠ ᠨᠤᠲᠤᠭ ᠲᠤ ᠢᠷᠡᠵᠦ᠂ ᠲᠡᠰᠪᠦᠷᠢ ᠬᠠᠲᠠᠭᠤᠵᠢᠯᠲᠠᠢ ᠲᠡᠮᠡᠴᠡᠵᠦ᠂ ᠥᠪᠡᠷ ᠤᠨ ᠬᠦᠴᠦ ᠪᠠᠷ ᠢᠶᠠᠨ ᠳᠡᠭᠵᠢᠷᠡᠵᠦ᠂ ᠠᠵᠢᠯᠴᠢ ᠬᠥᠳᠡᠯᠮᠦᠷᠢ ᠪᠠ ᠣᠶᠤᠨ ᠤᠬᠠᠭᠠᠨ ᠢᠶᠠᠷ ᠢᠶᠠᠨ ︽ᠤᠯᠠᠭᠠᠠᠬᠤᠲᠠ︾ ᠶᠢᠨ ᠪᠣᠯᠣᠳ ᠲᠡᠮᠦᠷ ᠤᠨ ᠭᠠᠶᠢᠬᠠᠮᠰᠢᠭ ᠢ ᠪᠢᠴᠢᠭᠯᠡᠪᠡ᠃ 60 ᠭᠠᠷᠤᠢ ᠵᠢᠯ ᠤᠨ ᠲᠤᠷᠰᠢ᠂ ᠤᠯᠠᠭᠠᠨᠬᠤᠲᠠ ᠪᠣᠯᠣᠳ ᠲᠡᠮᠦᠷ ᠨᠢ ᠬᠢᠩᠭᠠᠨ ᠠᠶᠢᠮᠠᠭ ᠴᠢᠨᠠᠭᠰᠢᠯᠠᠪᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠹᠷᠣᠨᠲ  ᠤᠨ ᠲᠤᠭ ᠪᠤᠯᠵᠤ᠂ ︽ᠳᠤᠮᠳᠠᠳᠤ ᠤᠯᠤᠰ ᠤᠨ ᠵᠢᠵᠢᠭ ᠬᠡᠯᠪᠡᠷᠢ ᠶᠢᠨ ᠪᠤᠯᠤᠳ ᠲᠡᠮᠦᠷ ᠤᠨ ᠵᠢᠱᠢᠶᠡᠴᠢ︾᠂ ︽ᠬᠤᠷᠴᠢᠨ ᠤ ᠲᠠᠯ᠎ᠠ ᠨᠤᠲᠤᠭ ᠤᠨ ᠭᠡᠷᠡᠯᠲᠦ ᠰᠤᠪᠤᠳ︾ ᠪᠠ ︽ᠬᠢᠩᠭᠠᠨ ᠠᠶᠢᠮᠠᠭ ᠤᠨ ᠠᠵᠤ ᠦᠢᠯᠡᠳᠪᠦᠷᠢ ᠶᠢᠨ ᠠᠬᠠᠯᠠᠭᠴᠢ︾ ᠭᠡᠵᠦ ᠠᠯᠳᠠᠷᠰᠢᠭᠰᠠᠨ ᠪᠠᠶᠢᠨ᠎ᠠ᠃
微信图片_20250107083007.jpg
       ᠭᠡᠪᠡᠴᠦ᠂ ᠴᠠᠭ ᠬᠤᠭᠤᠴᠠᠭ᠎ᠠ ᠥᠩᠭᠡᠷᠡᠬᠦ ᠶᠢ ᠳᠠᠭᠠᠯᠳᠤᠨ᠂ ᠥᠩᠭᠡᠷᠡᠭᠡᠭᠰᠡᠨ ᠤ ᠥᠨᠳᠥᠷ ᠵᠤᠤᠬ᠎ᠠ ᠶᠢᠨ ᠦᠢᠯᠡᠳᠪᠦᠷᠢᠯᠡᠯ ᠨᠢ ᠰᠢᠨ᠎ᠡ ᠴᠠᠭ ᠦᠶ᠎ᠡ ᠶᠢᠨ ᠬᠡᠷᠡᠭᠴᠡᠭᠡ ᠳᠤ ᠲᠣᠬᠢᠷᠠᠬᠤ ᠦᠭᠡᠢ ᠪᠣᠯᠵᠤ᠂ ᠬᠡᠪᠴᠢᠶ᠎ᠡ ᠨᠢ ᠬᠢᠵᠠᠭᠠᠷ ᠲᠠᠢ᠂ ᠣᠷᠴᠢᠨ ᠲᠣᠭᠤᠷᠢᠨ ᠤ ᠬᠠᠮᠠᠭᠠᠯᠠᠯᠲᠠ ᠨᠢ ᠳᠤᠲᠠᠮᠠᠭ᠂ ᠦᠢᠯᠡᠳᠬᠦᠨ ᠨᠢ ᠳᠠᠩ ᠴᠤᠯᠭᠤᠢ᠂ ᠪᠦᠲᠦᠴᠡ ᠨᠢ ᠲᠡᠩᠴᠡᠭᠦᠷᠢ ᠪᠠᠨ ᠠᠯᠳᠠᠬᠤ ᠵᠡᠷᠭᠡ ᠠᠰᠠᠭᠤᠳᠠᠯ ᠨᠢ ᠤᠯᠠᠭᠠᠨᠬᠤᠲᠠ ᠪᠣᠯᠤᠳ ᠲᠡᠮᠦᠷ ᠤᠨ ᠬᠥᠭᠵᠢᠯᠲᠡ  ᠶᠢ ᠬᠢᠵᠠᠭᠠᠷᠯᠠᠪᠠ᠃ ᠡᠭᠦᠨ ᠤ ᠲᠤᠯᠠᠳᠠ᠂ ᠤᠯᠠᠭᠠᠨᠬᠤᠲᠠ ᠪᠣᠯᠣᠳ ᠲᠡᠮᠦᠷ ᠪᠣᠬᠢᠷᠲᠤᠯ ᠥᠬᠡᠶ ᠬᠥᠭᠵᠢᠯᠲᠡ ᠶᠢᠨ ᠬᠡᠯᠪᠡᠷᠢ ᠪᠠᠷ ᠬᠤᠪᠢᠷᠠᠭᠤᠯᠬᠤ ᠲᠣᠮᠣ ᠬᠥᠰᠢᠭᠡ ᠶᠢ ᠰᠡᠬᠦᠵᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠢᠶᠠᠷ ᠦᠢᠯᠡᠳᠪᠦᠷᠢᠯᠡᠯ ᠤᠨ ᠶᠠᠪᠤᠴᠠ ᠳᠠᠬᠢ ᠪᠣᠬᠢᠷᠲᠤᠯ ᠥᠬᠡᠶ ᠳᠠᠯᠳᠠ ᠬᠦᠴᠦᠨ ᠢ ᠠᠭᠤᠳᠠᠯᠵᠤ᠂ ︽ᠪᠣᠬᠢᠷᠲᠤᠯ ᠥᠬᠡᠶ ᠦᠢᠯᠡᠳᠬᠦ︾ ᠠᠴᠠ ︽ᠪᠣᠬᠢᠷᠲᠤᠯ ᠥᠬᠡᠶ ᠶᠢ ᠦᠢᠯᠡᠳᠬᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ᠃
微信图片_20250107083034.jpg
       2014 ᠤᠨ ᠤ 9 ᠰᠠᠷ᠎ᠠ ᠶᠢᠨ 28 ᠤ ᠡᠳᠦᠷ ᠤᠯᠠᠭᠠᠨᠬᠤᠳᠠ ᠪᠤᠯᠤᠳ ᠲᠠᠮᠦᠷ ᠵᠢᠩ ᠶᠧ ᠪᠦᠯᠦᠭᠯᠡᠯ ᠳᠤ ᠤᠷᠤᠭᠰᠠᠨ ᠠᠴᠠ ᠨᠠᠭᠠᠰᠢ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ ᠴᠢᠨᠠᠷ ᠰᠠᠶᠢᠳᠠᠢ ᠬᠦᠭᠵᠢᠯᠳᠡ ᠶᠢᠨ ᠵᠠᠮ ᠢᠶᠠᠷ ᠠᠵᠤ ᠠᠬᠤᠢᠢᠯᠠᠯ ᠤᠨ ᠤᠷᠤᠰᠢᠨ ᠲᠤᠭᠳᠠᠨᠢᠬᠤ ᠤᠷᠢᠳᠠᠯ᠂ ᠬᠦᠭᠵᠢᠯᠳᠡ ᠶᠢᠨ ᠰᠠᠭᠤᠷᠢ ᠪᠤᠯᠭᠠᠵᠤ᠂ ᠪᠤᠬᠢᠷᠳᠤᠯ ᠦᠭᠡᠢ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠶᠡᠬᠡᠪᠡᠷ ᠭᠡᠷᠡᠭᠵᠢᠬᠦᠯᠵᠤ᠂ ᠪᠤᠬᠢᠷᠳᠤᠯ ᠦᠭᠡᠢ ᠬᠦᠭᠵᠢᠯᠳᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠶᠢᠲᠡ 68 ᠳ᠋ᠥᠩᠰᠢᠭᠤᠷ  ᠤᠨ ᠪᠡᠯᠡ ᠣᠷᠤᠭᠤᠯᠵᠤ ︽ᠡᠨᠧᠷᠬᠢ ᠠᠷᠪᠢᠯᠠᠬᠤ ᠤᠯᠠᠭᠠᠨᠬᠤᠳᠠ ᠪᠤᠯᠤᠳ ᠲᠠᠮᠦᠷ᠂ ᠤᠷᠴᠢᠨ ᠲᠤᠭᠤᠷᠢᠨ ᠢ ᠬᠠᠮᠠᠭᠠᠯᠠᠬᠤ ᠤᠯᠠᠭᠠᠨᠬᠤᠳᠠ ᠪᠤᠯᠤᠳ ᠲᠡᠮᠦᠷ᠂ ᠪᠤᠬᠢᠷᠳᠤᠯ ᠦᠭᠡᠢ ᠤᠯᠠᠭᠠᠨᠬᠤᠳᠠ ᠪᠤᠯᠤᠳ ᠲᠡᠮᠦᠷ︾ ᠢ ᠪᠠᠶᠢᠭᠤᠯᠵᠤ ᠂ ᠪᠤᠯᠤᠳ ᠲᠠᠮᠦᠷ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠳᠦᠬᠦᠭᠡᠷᠦᠮᠵᠢ ᠶᠢᠨ ᠦᠭᠡᠷᠡᠴᠢᠯᠡᠯᠳᠠ ᠶᠢ ᠲᠦᠷᠭᠡᠳᠭᠡᠨ᠂ ᠤᠳᠤᠭ᠎ᠠ᠂ ᠬᠤᠭ ᠲᠤᠭᠤᠰᠤ᠂ ᠮᠦᠬᠦᠯᠢᠭᠳᠦ ᠪᠤᠳᠠᠰ ᠵᠡᠷᠭᠡ ᠲᠠᠯ᠎ᠠ ᠶᠢᠨ ᠤᠷᠴᠢᠨ ᠲᠤᠭᠤᠷᠢᠨ ᠤ ᠵᠠᠰᠠᠯᠳᠠ ᠶᠢ ᠦᠷᠬᠦᠯᠵᠢᠯᠡᠨ ᠴᠢᠩᠭᠠᠳᠬᠠᠪᠠ᠃
微信图片_20250107083036.jpg
       ᠠᠷᠪᠠᠨ ᠵᠢᠯ ᠤᠨ ᠵᠠᠰᠠᠯᠲᠠ ᠪᠠᠷ ᠳᠠᠮᠵᠢᠨ᠂ ᠤᠯᠠᠭᠠᠨᠬᠤᠲᠠ ᠪᠣᠯᠣᠳ ᠲᠡᠮᠦᠷ ᠨᠢ 2018 ᠣᠨ ᠳᠤ᠂ ᠪᠦᠬᠦ ᠣᠷᠣᠨ ᠤ ᠠᠩᠬᠠᠳᠠᠭᠴᠢ ︽ᠬᠠᠭᠤᠷᠠᠶ ᠬᠡᠯᠪᠡᠷᠢ ᠶᠢᠨ ᠬᠡᠲᠦ ᠴᠡᠪᠡᠷ+︾ ᠬᠡᠳᠦ ᠳᠣᠣᠷ᠎ᠠ ᠭᠠᠳᠠᠭᠰᠢᠯᠠᠭᠤᠯᠬᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠥᠭᠡᠷᠡᠴᠢᠯᠡᠯᠲᠡ ᠪᠠ ᠳᠤᠮᠳᠠ ᠤᠰᠤ ᠶᠢ ᠠᠰᠢᠭᠯᠠᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠠᠢ᠃ 2021 ᠣᠨ ᠳᠤ᠂ 7000 ᠭᠠᠷᠤᠶ ᠲᠦᠮᠡᠨ ᠲᠥᠭᠦᠷᠢᠭ ᠤᠨ ᠪᠡᠯᠡ ᠣᠷᠤᠭᠤᠯᠵᠤ᠂ ᠰᠢᠯᠦᠷᠬᠡᠬᠦ ᠦᠢᠯᠡᠳᠪᠦᠷᠢ ᠶᠢᠨ ᠣᠲᠤᠭ᠎ᠠ ᠬᠦᠬᠦᠷ ᠥᠬᠡᠶᠢᠳᠡᠭᠦᠯᠬᠦ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠪᠡᠶᠡᠯᠡᠭᠦᠯᠪᠡ᠃ 2022 ᠣᠨ ᠳᠤ᠂ ᠤᠯᠠᠭᠠᠨᠬᠤᠲᠠ ᠪᠣᠯᠣᠳ ᠲᠡᠮᠦᠷ ᠤᠨ ᠦᠢᠯᠡᠳᠪᠦᠷᠢᠯᠡᠯ ᠤᠨ ᠴᠢᠳᠠᠪᠤᠷᠢ ᠶᠢ ᠰᠣᠯᠢᠵᠦ ᠰᠢᠨ᠎ᠡ ᠪᠠᠷ ᠪᠠᠶᠢᠭᠤᠯᠤᠭᠰᠠᠨ 1200 ᠪᠣᠰᠤᠭ᠎ᠠ ᠳᠥᠷᠪᠡᠯᠵᠢᠨ ᠮᠧᠲᠷ  ᠤᠨ ᠥᠨᠳᠥᠷ ᠵᠤᠤᠬ᠎ᠠ ᠶᠢ ᠠᠰᠠᠭᠠᠨ᠂  64 ᠵᠢᠯ ᠤᠨ ︽ᠵᠥᠪᠬᠡᠨ ᠵᠢᠵᠢᠭ ᠥᠨᠳᠥᠷ ᠵᠤᠤᠬ᠎ᠠ ᠶᠢᠨ ᠦᠢᠯᠡᠳᠪᠦᠷᠢᠯᠡᠯ ᠤᠨ ᠲᠡᠦᠬᠡ︾ ᠶᠢ ᠡᠴᠦᠰᠯᠡᠭᠦᠯᠵᠡᠢ᠃ 2024 ᠣᠨ ᠤ 8 ᠰᠠᠷ᠎ᠠ ᠶᠢᠨ 1 ᠤ ᠡᠳᠦᠷ᠂ ᠤᠯᠠᠭᠠᠨᠬᠤᠲᠠ ᠪᠣᠯᠣᠳ ᠲᠡᠮᠦᠷ ᠨᠢ 56 ᠡᠳᠦᠷ ᠤᠷᠢᠳᠴᠢᠯᠠᠨ ᠪᠣᠯᠣᠳ ᠰᠢᠷᠪᠥᠰᠥᠨ ᠤ ᠰᠢᠨ᠎ᠡ ᠶᠢ ᠡᠭᠦᠳᠴᠦ ᠤᠯᠤᠰ ᠤᠨ ᠪᠠᠷᠢᠮᠵᠢᠶ᠎ᠠ ᠳᠤ ᠬᠦᠷᠭᠡᠪᠡ᠃ ᠠᠯᠢ ᠤᠯᠠᠨ ᠬᠡᠪ ᠳᠠᠭᠤᠷᠢᠶᠠᠯ ᠨᠢ ᠤᠯᠠᠭᠠᠨᠬᠤᠲᠠ ᠪᠤᠯᠤᠳ ᠲᠡᠮᠤᠷ ᠤᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠳᠡᠭᠡᠳᠦ ᠲᠡᠰᠵᠢᠯᠲᠡ᠂ ᠤᠶᠤᠨᠴᠢᠯᠠᠯᠲᠠ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠬᠤ ᠮᠥᠷ ᠨᠢᠭᠡᠪᠦᠷᠢ ᠶᠢ ᠲᠡᠮᠳᠡᠭᠯᠡᠵᠡᠢ᠃
微信图片_20250107083037.jpg
        ᠬᠥᠭᠵᠢᠯᠲᠡ  ᠶᠢᠨ ᠳᠡᠰ ᠳᠡᠪᠰᠢᠯᠲᠡ ᠶᠢ ᠪᠦᠬᠦ ᠲᠠᠯ᠎ᠠ ᠪᠠᠷ ᠪᠡᠶᠡᠯᠡᠭᠦᠯᠦᠭᠰᠡᠨ ᠰᠢᠨ᠎ᠡ ᠤᠯᠠᠭᠠᠨᠬᠤᠲᠠ ᠪᠣᠯᠣᠳ ᠲᠡᠮᠦᠷ ᠨᠢ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠬᠤ᠂ ᠪᠣᠬᠢᠷᠲᠤᠯ ᠦᠭᠡᠢ᠂ ᠥᠨᠳᠥᠷ ᠪᠦᠲᠦᠮᠵᠢᠲᠡᠶ ᠰᠢᠨ᠎ᠡ ᠳᠦᠷᠰᠦ ᠪᠠᠶᠢᠳᠠᠯ ᠢᠶᠠᠷ ︽ᠨᠢᠭᠡ ᠤᠯᠠᠭᠠᠨᠬᠤᠲᠠ ᠪᠣᠯᠣᠳ ᠲᠡᠮᠦᠷ ᠠᠴᠠ ᠳᠥᠷᠪᠡᠨ ᠤᠯᠠᠭᠠᠨᠬᠤᠲᠠ ᠪᠣᠯᠣᠳ ᠲᠡᠮᠦᠷ ᠪᠣᠯᠬᠤ︾ ᠴᠣ ᠰᠢᠨ᠎ᠡ ᠡᠷᠭᠢᠯᠲᠡ ᠶᠢ ᠪᠡᠶᠡᠯᠡᠭᠦᠯᠦᠭᠰᠡᠨ ᠪᠠᠶᠢᠨ᠎ᠠ᠃ ᠵᠢᠯ ᠳᠤ 50 ᠲᠦᠮᠡᠨ ᠲᠣᠨ ᠦᠢᠯᠡᠳᠪᠦᠷᠢᠯᠡᠵᠦ ᠪᠠᠶᠢᠭᠰᠠᠨ ᠠᠴᠠ ᠪᠠᠨ ᠵᠢᠯ ᠳᠤ ᠲᠡᠮᠦᠷ᠂ ᠪᠣᠯᠣᠳ᠂ ᠮᠠᠲ᠋ᠧᠷᠢᠶᠠᠯ ᠢ ᠲᠣᠰᠪᠣᠷᠢ 200 ᠲᠦᠮᠡᠨ ᠲᠣᠨ ᠦᠢᠯᠡᠳᠪᠦᠷᠢᠯᠡᠬᠦ ᠪᠤᠯᠤᠳ ᠲᠡᠮᠦᠷ ᠤᠨ ᠠᠵᠤ ᠠᠬᠤᠶᠢᠯᠠᠯ ᠪᠣᠯᠵᠤ᠂ ᠦᠢᠯᠡᠳᠬᠦᠨ ᠨᠢ ᠲᠠᠩ ᠴᠤᠯᠭᠤᠢ ᠪᠠᠶᠢᠭᠰᠠᠨ ᠠᠴᠠ ᠪᠠᠨ ︽ᠪᠠᠭ᠎ᠠ ᠮᠥᠷᠲᠡᠭᠡᠨ ᠰᠠᠶᠢᠬᠠᠨ︾᠂ ︽ᠪᠠᠭ᠎ᠠ ᠮᠥᠷᠲᠡᠭᠡᠨ ᠪᠣᠬᠢᠷᠳᠤᠯ ᠦᠭᠡᠢ︾᠂ ︽ᠪᠠᠭ᠎ᠠ ᠮᠥᠷᠲᠡᠭᠡᠨ ᠣᠨᠴᠠᠭᠠᠢ︾ ᠪᠣᠯᠵᠤ᠂ ᠤᠯᠠᠭᠠᠨᠬᠤᠲᠠ ᠪᠤᠯᠤᠳ ᠲᠡᠮᠦᠷ ᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠲᠠᠰᠤᠷᠠᠯᠳᠠ ᠦᠭᠡᠢ ᠳᠡᠭᠡᠭᠰᠢᠯᠡᠵᠦ᠂ ᠤᠯᠠᠭᠠᠨᠬᠤᠲᠠ ᠪᠤᠯᠤᠳ ᠲᠡᠮᠦᠷ ᠤᠨ ᠠᠵᠢᠯᠲᠠᠳ ᠤᠨ ᠵᠣᠯ ᠵᠢᠷᠭᠠᠯᠲᠤ ᠲᠦᠷᠦᠭᠳᠡᠯ ᠵᠢᠯ ᠳᠠᠷᠠᠭᠠᠯᠠᠨ ᠳᠡᠭᠡᠭᠰᠢᠯᠡᠵᠦ᠂ ᠪᠦᠯᠬᠦᠮᠳᠡᠨ ᠲᠡᠮᠡᠴᠡᠵᠦ᠂ ᠡᠶ᠎ᠡ ᠵᠣᠬᠢᠴᠠᠩᠭᠤᠢ ᠪᠠᠷ ᠬᠥᠭᠵᠢᠭᠰᠡᠨ ᠪᠠᠶᠢᠳᠠᠯ ᠶᠠᠭ ᠤᠯᠠᠭᠠᠨᠬᠤᠲᠠ ᠪᠤᠯᠤᠳ ᠲᠡᠮᠤᠷ ᠤᠨ ᠺᠣᠮᠫᠠᠨᠢ ᠳᠤ ᠭᠡᠷᠡᠯ ᠭᠢᠯᠪᠠᠭ᠎ᠠ ᠪᠠᠨ ᠰᠠᠴᠤᠷᠠᠭᠤᠯᠵᠤ ᠪᠠᠶᠢᠨ᠎ᠠ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号