ᠬᠢᠩᠭᠠᠨ ᠠᠶᠢᠮᠠᠭ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠦᠷᠤ ᠶᠢᠨ ᠪᠤᠳᠤᠯᠭ᠎ᠠ ᠪᠠᠷ ᠬᠡᠷᠡᠭᠯᠡᠭᠡ ᠶᠢ 8.5 ᠳ᠋ᠦᠩᠰᠢᠭᠤᠷ ᠲᠦᠭᠦᠷᠢᠭ ᠲᠠᠶᠢᠴᠢᠯᠠᠪᠠ
ᠨᠡᠶᠢᠲᠡᠯᠡᠭᠰᠡᠨ ᠴᠠᠭ᠄
2025/1/8
       ︽ᠡᠶᠢᠮᠦ ᠬᠦᠭᠵᠢᠶᠡᠨᠳᠡᠢ ᠭᠡᠵᠦ ᠦᠨᠡᠭᠡᠷ ᠪᠤᠳᠤᠵᠦ ᠤᠯᠤᠭᠰᠠᠨ ᠦᠭᠡᠢ︾ ᠭᠡᠵᠦ 2024 ᠤᠨ ᠤ 12 ᠰᠠᠷ᠎ᠠ ᠶᠢᠨ 31 ᠤ ᠤᠷᠤᠢ ᠬᠢᠩᠭᠠᠨ ᠠᠶᠢᠮᠠᠭ ᠤᠨ ᠸᠠᠨ ᠳ᠋ᠠ ᠬᠤᠳᠠᠯᠳᠤᠭᠠᠨ ᠤ ᠲᠠᠯᠠᠪᠠᠢ ᠳᠤ ᠪᠠᠷᠠᠭ᠎ᠠ ᠬᠤᠳᠠᠯᠳᠤᠨ ᠠᠪᠬᠤ ᠪᠠᠷ ᠢᠷᠡᠭᠰᠡᠨ ᠯᠢ ᠰᠢᠨ ᠬᠡᠯᠡᠨ᠎ᠡ᠃ ᠣᠶᠢᠯᠠᠭᠠᠭᠰᠠᠨ ᠢᠶᠠᠷ᠂ 2024 ᠣᠨ ᠤ 12 ᠰᠠᠷ᠎ᠠ ᠶᠢᠨ 28 ᠤ ᠡᠳᠦᠷ ᠠᠴᠠ 2025 ᠣᠨ ᠤ 1 ᠰᠠᠷ᠎ᠠ ᠶᠢᠨ 1 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠸᠠᠨ ᠳ᠋ᠠ ᠬᠤᠳᠡᠯᠳᠤᠭᠠᠨ ᠤ ᠲᠠᠯᠠᠪᠠᠶ ᠶᠢᠨ ᠪᠣᠷᠣᠯᠠᠭᠤᠯᠤᠯᠲᠠ ᠶᠢᠨ ᠬᠡᠮᠵᠢᠶ᠎ᠡ 650 ᠲᠦᠮᠡᠨ ᠲᠥᠭᠦᠷᠢᠭ ᠲᠤ ᠬᠦᠷᠪᠡ᠃       ᠵᠢᠯ ᠤᠨ ᠡᠴᠦᠰ ᠪᠣᠯᠬᠤ ᠪᠠᠷ᠂ ᠸᠠᠨ ᠳ᠋ᠠ ᠬᠤᠳᠠᠯᠳᠤᠭᠠᠨ ᠤ ᠲᠠᠯᠠᠪᠠᠢ ᠲᠠᠢ ᠠᠳᠠᠯᠢ ᠪᠠᠷ ᠬᠢᠩᠭᠠᠨ ᠠᠶᠢᠮᠠᠭ ᠤᠨ ᠡᠯ᠎ᠡ ᠲᠤᠮᠦ ᠬᠤᠳᠠᠯᠳᠤᠭᠠᠨ ᠤ ᠭᠠᠵᠠᠷ ᠢᠶᠠᠷ ᠬᠡᠷᠡᠭᠯᠡᠭᠴᠢᠳ ᠤᠯᠠᠮ ᠢᠶᠠᠷ ᠤᠯᠠᠰᠢᠷᠠᠵᠦ᠂ ᠴᠦᠭᠡᠨ ᠪᠤᠰᠦ ᠬᠡᠷᠡᠭᠯᠡᠭᠴᠢᠳ ︽ᠬᠠᠭᠤᠴᠢᠨ ᠢᠶᠠᠷ ᠰᠢᠨ᠎ᠡ ᠶᠢ ᠰᠣᠯᠢᠬᠤ︾ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠠᠰᠠᠭᠤᠨ ᠯᠠᠪᠯᠠᠵᠤ᠂ ᠴᠥᠭᠡᠨ ᠪᠤᠰᠤ ᠬᠤᠳᠠᠯᠳᠤᠭᠠᠴᠢᠳ ᠪᠠᠰᠠ ᠲᠤᠰᠬᠠᠶ ᠠᠵᠢᠯ ᠤᠨ ᠲᠣᠭᠤᠷᠢᠭ ᠭᠠᠷᠭᠠᠵᠤ᠂ ᠬᠡᠷᠡᠭᠯᠡᠭᠴᠢᠳ ᠲᠤ ︽ᠬᠠᠭᠤᠴᠢᠨ ᠢᠶᠠᠷ ᠰᠢᠨ᠎ᠡ ᠶᠢ ᠰᠤᠯᠢᠬᠤ︾ ᠪᠣᠳᠠᠲᠥ ᠶᠠᠪᠤᠴᠠ ᠪᠣᠯᠤᠨ ᠬᠠᠷᠠᠭᠠᠯᠵᠠᠯ ᠤᠨ ᠪᠠᠶᠢᠳᠠᠯ ᠢ ᠲᠠᠨᠢᠯᠴᠠᠭᠤᠯᠦᠨ᠎ᠡ᠃       ᠤᠯᠠᠭᠠᠨᠬᠤᠲᠠ ᠶᠢᠨ ᠵᠢᠦ ᠮᠤ᠋ ᠲᠡᠮᠳᠡᠭᠳᠦ ᠲᠡᠯᠭᠡᠬᠦᠷ ︵ᠬᠤᠩ ᠰᠢᠩ ᠮᠧᠢ ᠺᠠᠢ ᠯᠦᠩ ᠶᠡᠷᠦᠩᠬᠡᠢ ᠳᠡᠯᠭᠡᠭᠦᠷ︶ ᠤᠨ ᠲᠤᠳᠤᠨ᠎ᠠ᠂ ︽ᠬᠠᠭᠤᠴᠢᠨ ᠢᠶᠠᠷ ᠰᠢᠨ᠎ᠡ ᠶᠢ ᠰᠣᠯᠢᠬᠤ︾᠂ ︽ᠬᠠᠮᠤᠭ ᠤᠨ ᠥᠨᠳᠥᠷ ᠲᠤ 20% ᠶᠢᠨ ᠨᠥᠬᠦᠪᠥᠷᠢ ᠥᠭᠬᠦ︾ ᠭᠡᠬᠦ ᠭᠥᠡᠳᠡᠯᠠᠨ ᠪᠢᠴᠢᠬᠡᠰᠥ ᠡᠯᠬᠦᠵᠦ᠂ ᠬᠤᠳᠠᠯᠳᠤᠭᠠᠴᠢᠨ ᠠᠴᠠ ᠬᠡᠷᠡᠭᠯᠡᠭᠴᠢᠳ ᠲᠤ ᠪᠦᠲᠦᠭᠡᠭᠳᠡᠬᠦᠨ ᠤ ᠴᠢᠳᠠᠪᠬᠢ ᠪᠣᠯᠤᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠲᠠᠨᠢᠯᠴᠠᠭᠤᠯᠵᠦ ᠪᠠᠶᠢᠯ᠎ᠠ᠃ ︽ᠵᠠᠰᠠᠭ ᠤᠨ ᠣᠷᠳᠣᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠣᠯ ᠮᠠᠰᠢ ᠠᠰᠢᠭᠲᠠᠶ ᠶᠤᠮ᠂ ᠪᠢ ᠬᠤᠶᠠᠷ ᠢᠵᠢ ᠣᠶᠤᠨᠴᠢ ᠤᠬᠢᠶᠠᠯᠭ᠎ᠠ ᠶᠢᠨ ᠡᠳ᠋ ᠬᠤᠳᠠᠯᠳᠤᠨ ᠠᠪᠤᠶ᠎ᠠ ᠭᠡᠵᠦ ᠪᠣᠳᠣᠵᠤ ᠪᠠᠶᠢᠨ᠎ᠠ᠂ ᠵᠠᠰᠠᠭ ᠤᠨ ᠣᠷᠳᠣᠨ ᠤ ᠨᠥᠬᠦᠪᠥᠷᠢ ᠠᠴᠠ ᠭᠠᠳᠠᠨ᠎ᠠ ᠲᠡᠯᠭᠡᠬᠦᠷ ᠠᠴᠠ ᠬᠢᠮᠳᠠᠷᠠᠭᠰᠠᠨ ᠤ ᠬᠤᠶᠢᠨ᠎ᠡ ᠪᠠᠷᠤᠭ ᠲᠦᠮᠡ ᠭᠠᠷᠤᠶ ᠲᠥᠭᠦᠷᠢᠭ ᠠᠷᠪᠢᠯᠠᠬᠤ ᠪᠤᠯᠤᠨ᠎ᠡ︾ ᠭᠡᠵᠦ ᠤᠯᠠᠭᠠᠨᠬᠤᠲᠠ ᠶᠢᠨ ᠰᠠᠭᠤᠭᠠᠯᠢ ᠠᠷᠠᠳ ᠶᠤᠸᠠᠢ ᠬᠤᠩ ᠹᠠ ᠪᠠᠶᠠᠷᠲᠠᠢ ᠬᠡᠯᠡᠪᠡ᠃       2024 ᠣᠨ ᠠᠴᠠ ᠨᠠᠭᠠᠰᠢ᠂ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠲᠣᠪᠴᠢᠶ᠎ᠠ ᠤᠯᠤᠰ ᠤᠨ ᠬᠡᠷᠡᠭᠯᠡᠭᠡᠨ ᠤ ᠵᠦᠢᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠠᠪᠳᠤᠨ ᠠᠳᠬᠤᠵᠤ᠂ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ᠂ ᠬᠡᠷ ᠤᠨ ᠡᠳ᠋ᠯᠡᠯ ᠬᠡᠷᠡᠭᠰᠡᠯ ᠵᠡᠷᠭᠡ ᠶᠢᠨ ᠬᠠᠭᠤᠴᠢᠨ ᠢᠶᠠᠷ ᠰᠢᠨ᠎ᠡ ᠶᠢ ᠰᠤᠯᠢᠬᠤ ᠠᠵᠢᠯ ᠢ ᠨᠢᠭᠡᠳᠦᠯᠳᠡᠢ ᠲᠦᠯᠦᠪᠯᠡᠨ ᠠᠬᠢᠭᠤᠯᠪᠠ᠃ ᠣᠲᠣᠬᠠᠨ ᠪᠣᠯᠲᠠᠯ᠎ᠠ᠂ ᠬᠢᠩᠭᠠᠨ ᠠᠶᠢᠮᠠᠭ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠬᠡᠷᠡᠭᠯᠡᠭᠡᠨ ᠤ ᠵᠦᠢᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢ ᠨᠡᠶᠢᠲᠡ 1.18 ᠳ᠋ᠦᠩᠰᠢᠭᠤᠷ ᠲᠥᠭᠦᠷᠢᠭ ᠭᠤᠶᠤᠴᠢᠯᠠᠵᠦ᠂ ᠪᠠᠯᠠ ᠮᠥᠩᠭᠦ ᠰᠢᠯᠵᠢᠭᠦᠯᠦᠨ ᠥᠭᠭᠦᠭᠰᠡᠨ ᠨᠣᠷᠮ᠎ᠠ 100% ᠳᠤ ᠬᠦᠷᠴᠦ᠂ 8.5 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠰᠢᠭᠤᠳ ᠲᠠᠶᠢᠴᠢᠯᠠᠨ᠂ ᠪᠥᠬᠦ ᠠᠶᠢᠮᠠᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ᠂ ᠬᠡᠷ ᠤᠨ ᠴᠠᠬᠢᠯᠭᠠᠨ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠴᠥᠮ 3.8% ᠪᠠᠷ ᠳᠡᠭᠡᠭᠰᠢᠯᠡᠵᠡᠶ᠃        ︽ᠲᠠᠷᠠᠭᠠᠴᠢ ᠶᠢᠨ ᠠᠵᠢᠯ ᠳᠤ᠂ ᠪᠢᠳᠡ ᠪᠠᠰᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠨᠠᠶᠢᠳᠠᠪᠤᠷᠢᠵᠢᠭᠤᠯᠤᠯᠳᠠ ᠶᠢ ᠲᠦᠯᠬᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠦ᠂ 2025 ᠣᠨ ᠤ ᠰᠢᠨ᠎ᠡ ᠨᠢᠭᠡ ᠡᠭᠡᠯᠵᠢ ᠶᠢᠨ ᠬᠡᠷᠡᠭᠯᠡᠭᠡᠨ ᠤ ᠵᠦᠢᠯ ᠤᠨ ︿ᠬᠠᠭᠤᠴᠢᠨ ᠢᠶᠠᠷ ᠰᠢᠨ᠎ᠡ ᠶᠢ ᠰᠣᠯᠢᠬᠤ﹀ ᠠᠵᠢᠯ ᠢ ᠡᠷᠲᠡᠬᠡᠨ ᠲᠥᠯᠥᠪᠯᠡᠨ ᠪᠡᠯᠡᠳᠭᠡᠵᠦ᠂ 2025 ᠣᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠬᠡᠷᠡᠭᠯᠡᠭᠡᠨ ᠤ ᠵᠦᠢᠯ ᠤᠨ ︿ᠬᠠᠭᠤᠴᠢᠨ ᠢᠶᠠᠷ ᠰᠢᠨ᠎ᠡ ᠶᠢ ᠰᠣᠯᠢᠬᠤ﹀ ᠲᠥᠷᠥ ᠶᠢᠨ ᠪᠣᠳᠣᠯᠭ᠎ᠠ ᠶᠢ ᠥᠨᠳᠥᠷ ᠪᠦᠲᠦᠮᠵᠢᠲᠡᠶ ᠪᠠᠷ ᠵᠣᠯᠭᠠᠭᠤᠯᠵᠤ᠂ ᠨᠠᠷᠢᠯᠢᠭ ᠤᠨᠤᠴᠠᠳᠠᠢ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠵᠦ᠂ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ ᠵᠡᠷᠭᠡ ᠠᠵᠢᠯ ᠲᠥᠷᠥᠯ ᠤᠨ ᠬᠡᠷᠡᠭᠯᠡᠭᠡ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ︾ ᠭᠡᠵᠦ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠲᠤᠪᠴᠢᠶ᠎ᠠ ᠶᠢᠨ ᠳᠡᠳ᠋ ᠳᠠᠷᠤᠭ᠎ᠠ ᠭᠦᠸᠧ ᠵᠢᠶᠠ ᠵᠢᠶᠠ ᠬᠡᠯᠡᠪᠡ᠃ ︵ᠯᠢ ᠵᠢᠶᠠᠨ ᠫᠢᠩ ᠳᠤᠯᠭᠠᠭᠤᠷᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号