| ︽ᠭᠦ᠋ ᠰᠢᠶᠤᠤ ᠯᠢᠶᠠᠩ 16000 ᠲᠥᠭᠦᠷᠢᠭ᠂ ᠵᠠᠩ ᠭᠤᠸᠠᠩ 8000 ᠲᠥᠭᠦᠷᠢᠭ᠂ ᠯᠢᠦᠢ ᠨᠠᠢ | ᠴᠢᠤᠸᠠᠨ 5200 ᠲᠥᠭᠦᠷᠢᠭ ᠁︾ ᠬᠡᠵᠦ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠨᠤᠨ ᠮᠦᠷᠡᠨ | ᠰᠢᠶᠠᠩ ᠤᠨ ᠵᠦᠩ ᠰᠢᠨ ᠲᠣᠰᠬᠤᠨ ᠤ ᠬᠤᠪᠢ ᠤᠷᠤᠭᠤᠯᠤᠭᠴᠢᠳ ᠤᠨ ᠨᠡᠷᠡᠰ ᠢ ᠨᠡᠶᠢᠳᠡᠯᠡᠯ᠎ᠡ᠃ ᠲᠡᠳᠡ ᠨᠠᠷᠢᠨ | ᠲᠠᠩᠰᠠᠨ ᠳᠡᠭᠡᠷ᠎ᠡ ᠭᠠᠷ ᠤᠨ ᠦᠰᠦᠭ ᠵᠢᠷᠤᠵᠤ᠂ ᠭᠠᠷ ᠲᠠᠬᠢ ᠪᠡᠯᠡᠨ ᠵᠣᠭᠤᠰ ᠢᠶᠠᠨ ᠢᠨᠢᠶᠡᠮᠰᠦᠭᠯᠡᠨ ᠲᠣᠭᠠᠯᠠᠵᠤ | ᠪᠠᠶᠢᠯ᠎ᠠ᠃ | ︽ᠮᠠᠨ ᠤ ᠵᠦᠩ ᠰᠢᠨ ᠲᠣᠰᠬᠤᠨ ᠲᠤᠰ ᠭᠠᠵᠠᠷ ᠤᠨ ᠢᠶᠠᠨ ᠥᠪᠡᠷᠮᠢᠴᠡ ᠵᠢᠭᠤᠯᠴᠢᠯᠠᠯ ᠤᠨ ᠡᠬᠢ | ᠪᠠᠶᠠᠯᠢᠭ ᠢ ᠣᠨᠳᠣᠣᠰᠢᠭᠤᠯᠤᠨ ᠠᠰᠢᠭᠯᠠᠵᠤ᠂ ︿ᠭᠤᠷᠪᠠ ᠶᠢ ᠬᠤᠪᠢᠷᠠᠭᠤᠯᠬᠤ﹀ ᠥᠭᠡᠷᠡᠴᠢᠯᠡᠯᠲᠡ ᠶᠢᠨ | ᠲᠤᠷᠰᠢᠯᠲᠠ ᠶᠢᠨ ᠴᠢᠭ ᠤᠨ ᠪᠡᠯᠡ ᠮᠥᠩᠭᠦ ᠪᠠᠷ ᠳᠠᠮᠵᠢᠨ ᠤᠨᠴᠠᠯᠢᠬᠳᠤ ᠠᠮᠢ ᠠᠬᠤᠢ ᠶᠢᠨ ᠵᠢᠭᠤᠯᠴᠢᠯᠠᠯ ᠵᠢᠴᠢ | ᠠᠷᠠᠳ ᠤᠨ ᠰᠠᠭᠤᠴᠠ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠲᠣᠰᠬᠤᠨ ᠤ ᠠᠷᠠᠳ ᠲᠤ ᠦᠨᠡᠨ | ᠪᠣᠳᠠᠲᠠᠢ ᠠᠰᠢᠭ ᠬᠦᠷᠲᠡᠭᠡᠪᠡ᠃ ᠡᠨᠡ ᠤᠳᠠᠭᠠᠨ ᠤ ᠤᠯᠤᠰ ᠤᠨ ᠪᠠᠶᠠᠷ ᠠᠴᠠ ᠡᠮᠦᠨᠡᠬᠢ ᠠᠰᠢᠭ ᠬᠤᠪᠢᠶᠠᠷᠢᠯᠠᠯᠲᠠ | 21.3 ᠲᠦᠮᠡᠨ ᠲᠥᠭᠦᠷᠢᠭ ᠢ 38 ᠡᠷᠦᠬᠡ ᠶᠢᠨ 95 ᠬᠤᠪᠢ ᠣᠷᠣᠭᠤᠯᠤᠭᠴᠢ ᠳᠤ ᠬᠤᠪᠢᠶᠠᠨ ᠥᠭᠴᠡᠶ︾ ᠬᠡᠵᠦ | ᠨᠤᠨ ᠮᠥᠷᠡᠨ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ᠵᠦᠩ ᠰᠢᠤᠸᠠᠢ ᠯᠢ ᠬᠡᠯᠡᠯ᠎ᠡ᠃ ᠲᠡᠷᠡᠪᠡᠷ ᠵᠦᠩ ᠰᠢᠨ | ᠲᠣᠰᠬᠤᠨ ᠤ ᠬᠢᠨ ᠢᠷᠡᠭᠡᠳᠦᠢ ᠳᠤ ᠪᠠᠰᠠ ︽ᠤᠳᠤ ᠦᠶ᠎ᠡ ᠶᠢᠨ ᠲᠠᠷᠢᠶᠠᠯᠠᠩ + ᠠᠮᠲᠠᠲᠤ ᠢᠳᠡᠭᠡᠨ + | ᠲᠠᠷᠢᠶᠠᠯᠠᠩ ᠤᠨ ᠶᠠᠪᠤᠳᠠᠯ ᠤᠨ ᠰᠤᠳᠤᠯᠭᠠᠨ ᠰᠤᠷᠤᠯᠴᠠᠯᠭ᠎ᠠ + ᠡᠷᠡᠭᠦᠯ ᠮᠡᠨᠳᠦ ᠪᠡᠶ᠎ᠡ ᠰᠤᠪᠢᠯᠠᠯᠲᠠ᠂ ᠨᠠᠰᠤᠵᠢᠯ ᠤᠨ | ᠠᠰᠠᠷᠠᠮᠵᠢ + ᠰᠣᠶᠣᠯ ᠤᠨ ᠪᠦᠲᠦᠭᠡᠯᠴᠢ ᠰᠡᠳᠭᠢᠮᠵᠢ︾ ᠶᠢ ᠨᠢᠭᠡ ᠴᠤᠬᠴᠠᠵᠢᠭᠤᠯᠵᠤ᠂ ᠲᠠᠷᠢᠶᠠᠴᠢᠳ ᠤᠨ | ᠣᠷᠣᠯᠴᠠᠬᠤ ᠶᠢ ᠨᠡᠩ ᠰᠠᠶᠢᠨ ᠢᠶᠠᠷ ᠲᠠᠶᠢᠴᠢᠯᠠᠬᠤ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠠᠶᠢᠭᠤᠯᠵᠤ᠂ ︿ | ᠭᠤᠷᠪᠠ ᠶᠢ ᠬᠤᠪᠢᠷᠠᠭᠤᠯᠬᠤ﹀ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠠᠷᠠᠳ | ᠤᠯᠠᠨ ᠤ ᠠᠮᠢᠳᠤᠷᠠᠯ ᠢ ᠶᠠᠪᠤᠬᠤ ᠳᠤᠳᠤᠮ ᠰᠠᠶᠢᠵᠢᠷᠠᠭᠤᠯᠤᠨ᠎ᠠ ᠭᠡᠪᠡ᠃ | ᠡᠬᠢ ᠪᠠᠶᠠᠯᠢᠭ ᠢ ᠡᠳ᠋ ᠬᠥᠷᠥᠩᠭᠡ ᠪᠣᠯᠭᠠᠵᠤ᠂ ᠪᠠᠯᠠ ᠮᠥᠩᠭᠦ ᠶᠢ ᠬᠤᠪᠢ ᠤᠷᠤᠭᠤᠯᠤᠭᠰᠠᠨ ᠮᠥᠩᠭᠦ | ᠪᠣᠯᠭᠠᠵᠤ᠂ ᠲᠠᠷᠢᠶᠠᠴᠢᠳ ᠢ ᠬᠤᠪᠢ ᠤᠷᠤᠭᠤᠯᠤᠭᠴᠢ ᠪᠣᠯᠭᠠᠪᠠ ᠁ ︽ᠭᠤᠷᠪᠠ ᠶᠢ ᠬᠤᠪᠢᠷᠠᠭᠤᠯᠬᠤ︾ | ᠥᠭᠡᠷᠡᠴᠢᠯᠡᠯᠲᠡ ᠶᠢ ᠦᠷᠨᠢᠭᠦᠯᠬᠦ ᠪᠣᠯ ᠮᠠᠯᠵᠢᠬᠤ ᠲᠠᠷᠢᠶᠠᠯᠠᠬᠤ ᠣᠷᠣᠨ ᠤ ᠡᠬᠢ ᠪᠠᠶᠠᠯᠢᠭ ᠤᠨ ᠬᠦᠴᠦᠨ ᠵᠦᠢᠯ ᠤᠨ | ᠠᠮᠢᠵᠢᠷᠠᠯ ᠤᠨ ᠬᠦᠴᠦᠨ ᠢ ᠬᠥᠭᠵᠢᠭᠡᠬᠦ᠂ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠪᠠ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠭᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ᠣᠶᠢᠷ᠎ᠠ ᠶᠢᠨ ᠵᠢᠯ ᠤᠨ ᠲᠤᠷᠰᠢ᠂ ᠬᠢᠩᠭᠠᠨ ᠠᠶᠢᠮᠠᠭ ᠤᠨ ᠬᠢᠨ ᠰᠢᠨ᠎ᠡ ᠬᠡᠯᠪᠡᠷᠢ ᠶᠢᠨ ᠮᠠᠯᠵᠢᠬᠤ ᠲᠠᠷᠢᠶᠠᠯᠠᠬᠤ | ᠣᠷᠣᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠮᠠᠯᠴᠢᠨ ᠲᠠᠷᠢᠶᠠᠴᠢᠨ ᠢ ᠳᠠᠶᠢᠴᠢᠯᠠᠨ | ᠣᠷᠣᠯᠭ᠎ᠠ ᠶᠢ ᠨᠢ ᠨᠡᠮᠡᠭᠳᠡᠭᠦᠯᠬᠦ ᠡᠨᠡ ᠬᠦ ᠭᠤᠤᠯ ᠰᠢᠵᠢᠮ ᠤᠨ ᠲᠣᠭᠤᠷᠢᠨ ᠳᠤ᠂ ︽ᠭᠤᠷᠪᠠ ᠶᠢ ᠬᠤᠪᠢᠷᠠᠭᠤᠯᠬᠤ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ ᠶᠢ ᠦᠷᠭᠦᠯᠵᠢᠯᠡᠨ ᠰᠦᠪᠡᠭᠴᠢᠯᠡᠪᠡ᠃ | ︽ᠮᠠᠨ ᠤ ᠬᠡᠷ ᠤᠨ 8 ᠮᠥ ᠭᠠᠵᠠᠷ ᠠᠴᠠ 800 ᠭᠠᠷᠤᠶ ᠵᠢᠩ ᠲᠡᠵᠢᠭᠡᠯ ᠡᠪᠡᠰᠦ ᠬᠤᠷᠢᠶᠠᠵᠦ ᠪᠤᠯᠤᠨ᠎ᠠ᠂ | ᠥᠪᠡᠷ ᠢᠶᠠᠨ ᠲᠡᠵᠢᠭᠡᠯ ᠡᠪᠡᠰᠦ ᠬᠤᠳᠠᠯᠳᠤᠨ ᠠᠪᠬᠤ ᠬᠡᠷᠡᠭ ᠥᠬᠡᠶ ᠪᠣᠯᠵᠠᠶ︾᠃ ᠵᠠᠯᠠᠶᠢᠳ ᠬᠤᠰᠢᠭᠤᠨ ᠤ | ᠪᠤᠯᠠᠭ ᠤᠨ ᠬᠤᠸᠠ ᠰᠤᠮᠤ ᠶᠢᠨ ᠪᠤᠯᠠᠭ ᠤᠨ ᠬᠤᠸᠠ ᠭᠠᠴᠠᠭᠠᠨ ᠤ ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ | ᠲᠠᠪᠤᠨ ᠶᠡᠭᠡ ᠬᠠᠮᠲᠤᠷᠠᠯᠴᠠᠭ᠎ᠠ︾ ᠶᠢᠨ ᠲᠡᠵᠢᠭᠡᠯ ᠡᠪᠡᠰᠦ ᠤᠨ ᠠᠰᠢᠭ ᠬᠤᠪᠢᠶᠠᠷᠢᠯᠠᠯᠲᠠ ᠶᠢᠨ ᠲᠤᠬᠠᠶ ᠶᠢᠨ | ᠲᠠᠯᠠᠪᠠᠶ ᠳᠤ᠂ ᠪᠤᠯᠠᠭ ᠤᠨ ᠬᠤᠸᠠ ᠭᠠᠴᠠᠭᠠᠨ ᠤ 258 ᠬᠤᠪᠢ ᠣᠷᠣᠭᠤᠯᠤᠭᠴᠢ ᠤᠬᠠᠮᠰᠠᠷ ᠠᠴᠠ ᠪᠠᠨ ᠨᠢᠭᠡ | ᠡᠩᠨᠡᠭᠡ ᠪᠣᠯᠤᠨ ᠵᠢᠭᠰᠠᠵᠤ᠂ ᠣᠯᠠᠨ ᠢᠶᠠᠷ ᠢᠶᠠᠨ ᠲᠡᠵᠢᠭᠡᠯ ᠡᠪᠡᠰᠦ ᠲᠤᠰᠴᠤ ᠠᠪᠬᠤ ᠪᠠᠷᠢᠮᠳᠠ ᠪᠠᠨ ᠠᠪᠴᠤ᠂ ᠵᠣᠯ | ᠵᠢᠷᠭᠠᠯᠲᠤ ᠢᠨᠢᠶᠡᠮᠰᠦᠭᠯᠡᠯ ᠴᠢᠷᠠᠶ ᠳᠦᠭᠦᠷᠡᠩ ᠬᠠᠷᠠᠭᠳᠠᠨ᠎ᠠ᠃ ᠪᠤᠯᠠᠭ ᠤᠨ ᠬᠤᠸᠠ ᠭᠠᠴᠠᠭᠠᠨ ᠤ ᠠᠷᠠᠳ ᠯᠠᠢ ᠬᠠᠢ | ᠯᠢᠨ᠄ ︽ᠭᠠᠴᠠᠭᠠᠨ ᠠᠴᠠ ᠪᠠᠨ ᠭᠠᠷᠬᠤ ᠦᠭᠡᠢ ᠪᠠᠷ ᠡᠶᠢᠮᠦ ᠰᠢᠯᠢᠳᠡᠭ ᠲᠡᠵᠢᠭᠡᠯ ᠡᠪᠡᠰᠦ ᠲᠤᠰᠤᠨ ᠠᠪᠴᠤ | ᠳᠡᠶᠢᠯᠦᠨ᠎ᠡ᠂ ᠪᠢᠳᠡᠨ ᠤ ᠠᠮᠢᠳᠤᠷᠠᠯ ᠡᠳᠦᠷ ᠠᠴᠠ ᠡᠳᠦᠷ ᠰᠠᠶᠢᠵᠢᠷᠠᠵᠤ᠂ ᠠᠮᠢᠳᠤᠷᠠᠯ ᠤᠯᠠᠮ ᠠᠴᠠ ᠤᠯᠠᠮ ᠬᠦᠰᠡᠯ | ᠡᠷᠡᠮᠡᠯᠵᠡᠯ ᠢᠶᠠᠷ ᠪᠢᠯᠬᠠᠵᠤ ᠪᠠᠶᠢᠨ᠎ᠠ︕︾ ᠭᠡᠵᠦ ᠪᠠᠶᠠᠷᠲᠠᠶᠢᠬᠠᠨ ᠬᠡᠯᠡᠨ᠎ᠡ᠃ | ︽ᠪᠢᠳᠡ ︿ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ﹀ ᠶᠢᠨ ᠠᠵᠢᠯ ᠢ ᠪᠡᠯᠴᠢᠭᠡᠷ ᠤᠨ | ᠳᠠᠭᠠᠭᠠᠴᠠ ᠠᠴᠠ ᠬᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠭᠤᠤᠯᠳᠠᠯᠭ᠎ᠠ ᠲᠠᠢ ᠠᠵᠢᠯ ᠲᠠᠢ | ᠣᠷᠭᠠᠨᠢᠭ ᠢᠶᠠᠷ ᠤᠶᠠᠯᠳᠤᠭᠤᠯᠵᠤ᠂ ᠴᠢᠨᠠᠷ ᠰᠠᠶᠢᠲᠠᠢ ᠪᠡᠯᠴᠢᠭᠡᠷ ᠡᠪᠡᠰᠦ ᠶᠢᠨ ᠲᠥᠷᠥᠯ ᠵᠦᠢᠯ ᠢ ᠳᠠᠷᠢᠬᠤ ᠶᠢ | ᠳᠡᠯᠭᠡᠷᠡᠭᠦᠯᠵᠦ᠂ ᠮᠠᠯᠴᠢᠨ ᠲᠠᠷᠢᠶᠠᠴᠢᠨ ᠤ ᠬᠡᠷ ᠤᠨ ᠡᠭᠦᠳᠡᠨ ᠳᠠᠬᠢ ᠮᠠᠯ ᠵᠢᠭᠦᠷᠲᠡᠨ ᠢ ︿ᠵᠠᠳᠠᠭᠠᠢ ᠲᠡᠵᠢᠭᠡᠵᠦ ᠪᠠᠶᠢᠭ᠎ᠠ | ᠭᠠᠵᠠᠷ﹀ ᠢ ᠡᠷᠦᠬᠡ ᠬᠤᠯᠪᠤᠭᠠᠯᠠᠭᠰᠠᠨ ︿ᠬᠠᠳᠤᠯᠠᠩ ᠪᠡᠯᠴᠢᠭᠡᠷ﹀ ᠪᠣᠯᠭᠠᠨ ᠬᠤᠪᠢᠷᠠᠭᠤᠯᠵᠤ᠂ ᠠᠮᠢ ᠠᠬᠤᠶ ᠶᠢ | ᠬᠠᠮᠠᠭᠠᠯᠠᠬᠤ ᠶᠢᠨ ᠬᠠᠮᠲᠤ᠂ ᠲᠠᠷᠢᠶᠠᠴᠢᠨ ᠡᠷᠦᠬᠡ ᠶᠢᠨ ᠠᠰᠢᠭ ᠣᠷᠣᠯᠭ᠎ᠠ ᠶᠢ ᠨᠡᠮᠡᠭᠳᠡᠭᠦᠯᠪᠡ︾᠃ ᠪᠤᠯᠠᠭ ᠤᠨ | ᠬᠤᠸᠠ ᠰᠤᠮᠤ ᠶᠢᠨ ︽ᠭᠤᠷᠪᠠᠨ ᠪᠠᠯᠠ︾ ᠶᠢ ᠣᠷᠣᠯᠠᠨ ᠬᠠᠮᠢᠶᠠᠷᠬᠤ ᠦᠢᠯᠡᠴᠢᠯᠡᠭᠡᠨ ᠤ ᠲᠥᠪ ᠤᠨ ᠡᠷᠬᠢᠯᠡᠭᠴᠢ | ᠢᠦᠶ ᠱᠤᠸᠠᠩ ᠰᠢ᠂ ᠲᠣᠰ ᠤᠳᠠᠭᠠᠨ ᠤ ᠪᠡᠯᠴᠢᠭᠡᠷ ᠡᠪᠡᠰᠦ ᠶᠢᠨ ᠠᠰᠢᠭ ᠬᠤᠪᠢᠶᠠᠷᠢᠯᠠᠯᠲᠠ ᠳᠤ 258 ᠬᠥᠮᠦᠨ | ᠬᠤᠯᠪᠣᠭᠳᠠᠵᠤ᠂ ᠬᠥᠮᠦᠨ ᠪᠦᠷᠢ ᠳᠤ ᠳᠤᠮᠳᠠᠴᠢ ᠪᠠᠷ 16 ᠪᠣᠭᠤᠵᠢ ᠡᠪᠡᠰᠦ᠂ 512 ᠵᠢᠩ ᠨᠣᠭᠳᠠᠵᠤ᠂ ᠭᠠᠵᠠᠷ | ᠰᠢᠷᠣᠶ ᠶᠢᠨ ᠬᠤᠷᠰᠢᠶ᠎ᠠ ᠶᠢᠨ ᠣᠯᠤᠭᠰᠠᠨ ᠣᠷᠣᠯᠭ᠎ᠠ 9.25 ᠲᠦᠮᠡᠨ ᠲᠥᠭᠦᠷᠢᠭ ᠪᠠᠶᠢᠵᠤ᠂ ᠡᠷᠦᠬᠡ ᠪᠦᠷᠢ ᠳᠤ | ᠳᠤᠮᠳᠠᠴᠢ ᠪᠠᠷ 1380 ᠭᠠᠷᠤᠶ ᠲᠥᠭᠦᠷᠢᠭ ᠨᠣᠭᠳᠠᠵᠠᠶ ᠭᠡᠪᠡ᠃ | ᠤᠳᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠠᠶᠢᠴᠢᠯᠠᠯ ᠳᠣᠣᠷ᠎ᠠ᠂ ᠳᠠᠷᠤᠭᠳᠠᠮᠠᠯ ᠡᠬᠢ | ᠪᠠᠶᠠᠯᠢᠭ ᠠᠮᠢᠵᠢᠷᠠᠵᠤ᠂ ᠲᠠᠷᠠᠬᠠᠢ ᠪᠤᠲᠠᠷᠬᠠᠢ ᠪᠡᠯᠡ ᠮᠥᠩᠭᠦ ᠴᠤᠭᠯᠠᠷᠠᠵᠤ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠠᠷᠭ᠎ᠠ ᠵᠠᠮ ᠥᠷᠭᠡᠵᠢᠵᠦ᠂ ᠠᠯᠢ ᠤᠯᠠᠨ ᠥᠭᠡᠷᠡᠴᠢᠯᠡᠯᠲᠡ ᠶᠢᠨ ᠠᠰᠢᠭ ᠠᠯᠬᠤᠮ ᠠᠯᠬᠤᠮ ᠢᠶᠠᠷ | ᠪᠠᠳᠠᠷᠠᠵᠤ ᠪᠠᠶᠢᠨ᠎ᠠ᠃ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠭᠦᠨᠵᠡᠭᠡᠶᠢᠷᠡᠨ ᠠᠬᠢᠬᠤ ᠶᠢ ᠳᠠᠭᠠᠯᠳᠤᠨ᠂ | ᠬᠢᠩᠭᠠᠨ ᠠᠶᠢᠮᠠᠭ ᠤᠨ 854 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠶᠢᠨ ᠡᠳ᠋ ᠬᠥᠷᠥᠩᠭᠡ ᠶᠢᠨ ᠶᠡᠷᠦᠩᠬᠡᠶ ᠲᠤᠭ᠎ᠠ ᠪᠣᠯᠤᠨ ᠵᠢᠯ ᠤᠨ ᠣᠷᠣᠯᠭ᠎ᠠ ᠵᠢᠯ ᠳᠠᠷᠠᠭᠠᠯᠠᠨ ᠨᠡᠮᠡᠭᠳᠡᠪᠡ | ᠃ ᠣᠳᠣᠬᠠᠨ ᠪᠣᠯᠲᠠᠯ᠎ᠠ᠂ ᠪᠥᠬᠦ ᠠᠶᠢᠮᠠᠭ ᠤᠨ ᠬᠠᠮᠲᠤ ᠶᠢᠨ ᠡᠳ᠋ ᠬᠥᠷᠥᠩᠭᠡ ᠶᠢᠨ ᠶᠡᠷᠦᠩᠬᠡᠶ ᠲᠤᠭ᠎ᠠ 105 | ᠳ᠋ᠦᠩᠰᠢᠭᠤᠷ ᠲᠥᠭᠦᠷᠢᠭ ᠲᠤ ᠬᠦᠷᠴᠦ᠂ 2018 ᠣᠨ ᠤ ᠡᠴᠦᠰ ᠤᠨ 43.2 ᠳ᠋ᠦᠩᠰᠢᠭᠤᠷ ᠲᠥᠭᠦᠷᠢᠭ ᠠᠴᠠ | 61.8 ᠳ᠋ᠦᠩᠰᠢᠭᠤᠷ ᠲᠥᠭᠦᠷᠢᠭ ᠨᠡᠮᠡᠭᠳᠡᠵᠦ᠂ ᠪᠥᠬᠦ ᠠᠶᠢᠮᠠᠭ ᠤᠨ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠶ ᠶᠢᠨ ᠵᠢᠯ ᠤᠨ ᠣᠷᠣᠯᠭ᠎ᠠ ᠶᠢᠨ ᠶᠡᠷᠦᠩᠬᠡᠶ ᠲᠤᠭ᠎ᠠ 5.5 ᠳ᠋ᠦᠩᠰᠢᠭᠤᠷ ᠲᠥᠭᠦᠷᠢᠭ ᠲᠤ ᠬᠦᠷᠴᠡᠶ᠂ ᠡᠭᠦᠨ ᠳᠤ | ᠵᠢᠯ ᠤᠨ ᠣᠷᠣᠯᠭ᠎ᠠ ᠨᠢ 50 ᠲᠦᠮᠡᠨ ᠲᠥᠭᠦᠷᠢᠭ ᠠᠴᠠ ᠳᠡᠭᠡᠭᠰᠢᠬᠢ ᠭᠠᠴᠠᠭ᠎ᠠ ᠲᠣᠰᠬᠤᠨ 323 ᠪᠠᠶᠢᠵᠤ᠂ 100 | ᠲᠦᠮᠡᠨ ᠲᠥᠭᠦᠷᠢᠭ ᠠᠴᠠ ᠳᠡᠭᠡᠭᠰᠢᠬᠢ ᠭᠠᠴᠠᠭ᠎ᠠ ᠲᠣᠰᠬᠤᠨ 93 ᠪᠠᠶᠢᠵᠤ᠂ ᠪᠥᠬᠦ ᠠᠶᠢᠮᠠᠭ ᠤᠨ ᠮᠠᠯᠵᠢᠬᠤ | ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ 104 ᠲᠦᠮᠡᠨ | ᠪᠦᠷᠢᠯᠳᠦᠬᠦᠨ ᠢ ᠪᠦᠲᠦᠮᠵᠢᠲᠡᠶ ᠳᠠᠶᠢᠴᠢᠯᠠᠭᠰᠠᠨ ᠪᠠᠶᠢᠨ᠎ᠠ᠃ | ᠨᠢᠳᠤᠨᠤᠨ ᠠᠴᠠ ᠨᠠᠭᠠᠰᠢ᠂ ᠲᠡᠳᠬᠦᠬᠦ ᠡᠷᠴᠢᠮ ᠢᠶᠠᠨ ᠤᠯᠠᠮ ᠨᠢᠭᠡ ᠠᠯᠬᠤᠮ ᠨᠡᠮᠡᠭᠳᠡᠭᠦᠯᠬᠦ ᠶᠢᠨ ᠲᠤᠰᠠᠳᠠ᠂ | ᠬᠢᠩᠭᠠᠨ ᠠᠶᠢᠮᠠᠭ ᠪᠠᠰᠠ ᠮᠠᠯᠵᠢᠬᠤ ᠲᠠᠷᠢᠶᠠᠯᠠᠬᠤ ᠣᠷᠣᠨ ᠤ ᠥᠮᠴᠢᠯᠡᠬᠦ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢᠨ ᠰᠠᠭᠤᠷᠢᠨ ᠳᠡᠭᠡᠷ᠎ᠡ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠰᠢᠨ᠎ᠡ | ᠠᠷᠭ᠎ᠠ ᠵᠠᠮ ᠢ ᠬᠠᠶᠢᠨ ᠰᠦᠪᠡᠭᠴᠢᠯᠡᠵᠦ᠂ 101 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠶᠢ ᠲᠤᠷᠰᠢᠯᠲᠠ ᠶᠢᠨ ᠴᠡᠭ ᠪᠣᠯᠭᠠᠬᠤ ᠪᠠᠷ ᠲᠣᠭᠲᠠᠭᠠᠨ᠂ ᠲᠠᠷᠢᠶᠠᠯᠠᠩ ᠮᠠᠯ ᠠᠵᠤ ᠠᠬᠤᠶ ᠶᠢᠨ | ᠵᠣᠬᠢᠬᠤ ᠬᠡᠪᠴᠢᠶᠡᠲᠦ ᠡᠵᠡᠩᠨᠡᠯᠲᠡ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠪᠠᠷ ᠬᠤᠪᠢ ᠣᠷᠣᠬᠤ᠂ ᠭᠠᠵᠠᠷ | ᠰᠢᠷᠤᠢ ᠶᠢᠨ ᠡᠵᠡᠩᠨᠡᠯᠳᠡ ᠶᠢᠨ ᠡᠷᠬᠡ ᠶᠢ ᠬᠡᠪᠴᠢᠶᠡᠵᠢᠬᠦᠯᠦᠨ ᠬᠦᠢᠯᠭᠡᠭᠡᠬᠦ᠂ ᠬᠥᠳᠡᠭᠡ ᠲᠣᠰᠬᠤᠨ ᠤ ᠵᠢᠭᠤᠯᠴᠢᠯᠠᠯ᠂ | ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠦᠢᠯᠡᠳᠪᠦᠷᠢᠯᠡᠵᠦ ᠡᠳ᠋ᠰᠢᠭᠦᠯᠬᠦ ᠵᠡᠷᠭᠡ | ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠮᠲᠤ ᠶᠢᠨ ᠠᠵᠤ ᠠᠬᠤᠶ ᠶᠢ ᠶᠡᠭᠡ ᠪᠠᠷ ᠬᠥᠭᠵᠢᠭᠦᠯᠪᠡ᠃ | ︽ᠣᠳᠣᠬᠠᠨ ᠳᠤ᠂ 101 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠴᠥᠮ ᠬᠠᠮᠲᠤ ᠶᠢᠨ ᠠᠵᠤ ᠠᠬᠤᠶ ᠶᠢᠨ ᠠᠰᠢᠭ ᠢ ᠬᠦᠷᠳᠡᠵᠦ᠂ ᠡᠭᠦᠨ ᠳᠤ 60 ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠨᠢ ᠨᠢᠭᠡᠨᠲᠡ ᠬᠤᠪᠢ ᠣᠷᠣᠭᠤᠯᠤᠯᠲᠠ ᠪᠠᠷ | ᠠᠰᠢᠭ ᠬᠤᠪᠢᠶᠠᠬᠤ᠂ ᠴᠠᠯᠢᠩ ᠤᠨ ᠴᠢᠨᠠᠷᠲᠠᠶ ᠣᠷᠣᠯᠭ᠎ᠠ᠂ ᠡᠮ ᠡᠮᠨᠡᠯᠭᠡ ᠶᠢᠨ ᠬᠤᠷᠰᠢᠶᠠᠵᠢᠯ ᠤᠨ ᠮᠦᠩᠬᠦ ᠶᠢ | ᠣᠷᠣᠯᠠᠨ ᠲᠤᠰᠢᠶᠠᠬᠤ᠂ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ᠂ ᠨᠡᠶᠢᠲᠡ ᠶᠢᠨ | ᠠᠰᠠᠷᠠᠮᠵᠢ ᠶᠢᠨ ᠦᠢᠯᠡᠰ ᠤᠨ ᠦᠢᠯᠡᠴᠢᠯᠡᠭᠡ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ 2.7 ᠲᠦᠮᠡᠨ | ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤ ᠠᠰᠢᠭ ᠣᠷᠣᠯᠭ᠎ᠠ ᠪᠠᠨ | ᠨᠡᠮᠡᠭᠳᠡᠭᠦᠯᠬᠦ ᠶᠢ ᠳᠠᠶᠢᠴᠢᠯᠠᠪᠠ︾᠃ · ᠭᠤᠤ ᠮᠢᠨ ᠨᠠ · |