| ᠬᠢᠩᠭᠠᠨ ᠠᠶᠢᠮᠠᠭ ᠤᠨ ᠡᠯ᠎ᠡ ᠭᠠᠵᠠᠷ ᠤᠨ ᠮᠦᠰᠦ ᠴᠠᠰᠤᠨ ᠤ ᠵᠢᠭᠤᠯᠴᠢᠯᠠᠯ ᠤᠯᠠᠮ ᠢᠶᠠᠷ ᠬᠦᠭᠵᠢᠶᠡᠨᠳᠡᠢ | ᠪᠤᠯᠵᠤ ᠢᠷᠡᠬᠦ ᠶᠢ ᠲᠠᠭᠠᠯᠳᠤᠨ᠂ ᠤᠶᠢᠷ᠎ᠠ ᠶᠢᠨ ᠡᠳᠦᠷ ᠤᠯᠠᠭᠠᠨᠬᠤᠳᠠ ᠶᠢᠨ ᠲᠤᠯᠤᠳᠤᠭᠠᠷ ᠬᠤᠭᠤᠴᠠᠭᠠᠨ ᠤ ᠮᠦᠰᠦ | ᠴᠠᠰᠤᠨ ᠤ ᠵᠢᠭᠤᠯᠴᠢᠯᠠᠯ ᠤᠨ ᠤᠯᠠᠷᠢᠯ ᠤᠨ ᠠᠵᠢᠯᠯᠠᠭ᠎ᠠ ᠡᠬᠢᠯᠡᠵᠦ᠂ ᠤᠯᠠᠨ ᠲᠦᠮᠡᠨ ᠳᠤ ᠦᠪᠡᠷᠮᠢᠴᠠ | ᠤᠨᠴᠠᠯᠢᠬ ᠲᠠᠢ ᠮᠦᠰᠦ ᠴᠠᠰᠤᠨ ᠤ ᠵᠢᠭᠤᠯᠴᠢᠯᠠᠯ ᠢ ᠪᠡᠶᠡᠴᠢᠯᠡᠨ ᠤᠶᠢᠯᠠᠭᠠᠭᠤᠯᠪᠠ᠃ | ︽ᠭᠡᠷ ᠤᠨ ᠡᠭᠦᠳᠡᠨ ᠳᠤ ᠪᠠᠰᠠ ᠡᠶᠢᠮᠦ ᠰᠠᠶᠢᠬᠠᠨ ᠴᠠᠨᠠᠯᠠᠯᠳᠠ ᠶᠢᠨ ᠲᠠᠯᠠᠪᠠᠢ ᠲᠠᠢ ᠪᠤᠯᠵᠠᠢ᠂ ᠦᠨᠡᠭᠡᠷ ᠵᠤᠯ | ᠵᠢᠷᠭᠠᠯ ᠲᠠᠢ ᠪᠠᠶᠢᠨ᠎ᠠ︕︾ ᠭᠡᠵᠦ ᠴᠠᠰᠤᠨ ᠳᠤ ᠴᠠᠨᠠᠯᠠᠬᠤ ᠪᠠᠭ᠋ᠠᠳᠡᠨ ᠰᠦᠩ ᠭᠥᠸᠧ ᠵᠢᠶᠦ᠋ᠨ ᠪᠠᠶᠠᠷᠯᠠᠨ ᠬᠡᠯᠡᠨ᠎ᠡ᠃ | ᠤᠶᠢᠷ᠎ᠠ ᠶᠢᠨ ᠡᠳᠦᠷ᠂ ᠤᠯᠠᠭᠠᠨᠬᠤᠳᠠ ᠶᠢᠨ ᠪᠠᠶᠠᠨᠴᠠᠭᠠᠨ ᠠᠭᠤᠯᠠ ᠶᠢᠨ ᠦᠵᠡᠮᠵᠢ ᠶᠢᠨ ᠤᠷᠤᠨ ᠤ ᠪᠠᠶᠠᠨᠴᠠᠭᠠᠨ | ᠠᠭᠤᠯᠠ ᠶᠢᠨ ᠴᠠᠨᠠᠯᠠᠯᠳᠠ ᠶᠢᠨ ᠲᠠᠯᠠᠪᠠᠢ ᠵᠢᠩᠬᠢᠨᠢ ᠪᠠᠷ ᠠᠰᠢᠭᠯᠠᠯᠳᠠ ᠳᠤ ᠤᠷᠤᠵᠦ᠂ ᠴᠠᠰᠤᠨ ᠳᠤ ᠴᠠᠨᠠᠯᠠᠬᠤ | ᠪᠠᠭ᠋ᠠᠳᠡᠳ ᠤᠨ ᠠᠩᠬᠠᠷᠤᠯ ᠢ ᠶᠡᠭᠡᠪᠡᠷ ᠲᠠᠳᠠᠯ᠎ᠠ᠃ | ︽ᠪᠢᠳᠡ ᠴᠠᠰᠤᠨ ᠳᠤ ᠴᠠᠨᠠᠯᠠᠬᠤ ᠪᠠᠭ᠋ᠠᠳᠡᠳ ᠲᠤ ᠲᠤᠰᠬᠠᠶ ᠮᠡᠷᠭᠡᠵᠢᠯ ᠤᠨ ᠪᠣᠯᠪᠠᠰᠤᠷᠠᠯ ᠪᠠ | ᠤᠷᠤᠯᠳᠤᠭᠠᠨ ᠤ ᠲᠠᠯᠠᠪᠤᠷ ᠬᠠᠩᠭᠠᠵᠤ᠂ ᠴᠠᠨᠠᠯᠠᠯᠳᠠ ᠶᠢᠨ ᠲᠠᠯᠠᠪᠠᠶ ᠳᠤ ᠣᠳᠣ ᠠᠩᠬ᠎ᠠ ᠵᠡᠷᠭᠡ ᠶᠢᠨ ᠪᠠ ᠳᠤᠮᠳᠠ | ᠵᠡᠷᠭᠡ ᠶᠢᠨ ᠬᠤᠶᠠᠷ ᠵᠤᠷᠪᠤᠰ ᠴᠠᠨᠠᠯᠠᠯᠳᠠ ᠶᠢᠨ ᠵᠠᠮ ᠲᠠᠢ ᠪᠣᠯᠵᠠᠶ᠃ ᠡᠭᠦᠨ ᠤ ᠵᠡᠷᠭᠡ ᠳᠤ᠂ ᠪᠢᠳᠡ ᠪᠠᠰᠠ ᠰᠥᠨᠢ ᠶᠢᠨ | ᠲᠠᠯᠠᠪᠤᠷ ᠭᠠᠷᠭᠠᠵᠤ᠂ ᠵᠢᠭᠤᠯᠴᠢᠯᠠᠭᠴᠢᠳ ᠤᠨ ᠰᠠᠨᠠᠭᠠᠨ ᠳᠤ ᠨᠡᠶᠢᠴᠡᠭᠰᠡᠨ ᠴᠠᠰᠤᠨ ᠳᠤ ᠴᠠᠨᠠᠯᠠᠬᠤ ᠦᠵᠡᠮᠵᠢᠲᠦ | ᠣᠷᠣᠨ ᠢ ᠪᠦᠬᠦ ᠲᠠᠯ᠎ᠠ ᠪᠠᠷ ᠪᠠᠶᠢᠭᠤᠯᠬᠤ ᠪᠠᠷ ᠴᠢᠷᠮᠠᠶᠢᠵᠦ ᠪᠠᠶᠢᠨ᠎ᠡ︾ ᠭᠡᠵᠦ ᠤᠯᠠᠭᠠᠨᠬᠤᠳᠠ ᠶᠢᠨ ᠼᠠᠢ ᠰᠢᠨ | ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠬᠡᠷᠡᠭ ᠮᠡᠳᠡᠭᠴᠢᠳ ᠤᠨ ᠳᠡᠳ᠋ ᠳᠠᠷᠤᠭ᠎ᠠ ᠷᠧᠨ ᠵᠢᠶᠠᠨ ᠹᠸᠢ ᠲᠠᠨᠢᠯᠴᠠᠭᠤᠯᠪᠠ᠃ | ᠮᠥᠰᠥ ᠴᠠᠰᠤᠨ ᠤ ᠵᠤᠭ᠎ᠠ ᠴᠡᠩᠭᠡᠯ ᠤᠨ ᠣᠷᠣᠨ ᠳᠤ᠂ ᠴᠠᠰᠤᠳᠦ ᠭᠠᠵᠠᠷ ᠤᠨ ᠮᠣᠲ᠋ᠣᠷ᠂ ᠴᠠᠰᠤᠳᠦ | ᠭᠠᠵᠠᠷ ᠤᠨ ᠲᠠᠩᠺ ᠵᠡᠷᠭᠡ ᠠᠯᠢ ᠣᠯᠠᠨ ᠵᠤᠭ᠎ᠠ ᠴᠡᠩᠭᠡᠯ ᠤᠨ ᠲᠥᠷᠥᠯ ᠵᠦᠢᠯ ᠨᠢ ᠬᠥᠮᠦᠰ ᠤᠨ ᠪᠠᠭ᠋ᠠᠷᠬᠠᠯ ᠢ ᠲᠠᠲᠠᠵᠤ᠂ | ᠵᠢᠭᠤᠯᠴᠢᠯᠠᠭᠴᠢᠳ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠤᠮᠳᠠ ᠪᠠᠶᠠᠷ ᠪᠠᠶᠠᠰᠤᠯ ᠳᠤ ᠰᠣᠭᠲᠣᠭᠤᠷᠠᠵᠤ | ᠪᠠᠶᠢᠯ᠎ᠠ᠃ | ︽ᠡᠵᠢ ᠡ᠂ ᠲᠠ ᠬᠤᠷᠳᠤᠨ ᠬᠠᠷᠠᠭᠠᠴᠢ᠂ ᠡᠳᠡᠭᠡᠷ ᠴᠠᠰᠤᠨ ᠬᠥᠮᠦᠨ ᠦᠨᠡᠬᠡᠷ ᠬᠥᠭᠡᠷᠦᠬᠦᠨ ᠪᠠᠶᠢᠨ᠎ᠠ︕ | ᠨᠠᠳᠠ ᠳᠤ ᠰᠡᠬᠦᠳᠡᠷ ᠲᠠᠳᠠᠭᠠᠳ ᠦᠭ︾ ᠭᠡᠵᠦ ᠢᠯᠠᠯᠳᠠ ᠪᠠᠯᠭᠠᠰᠤᠨ ᠤ ᠢᠯᠠᠯᠳᠠ ᠭᠠᠴᠠᠭ᠎ᠠ ᠶᠢᠨ ᠬᠡᠤᠭᠡᠳ | ᠢᠨᠢᠶᠡᠯᠳᠦᠨ ᠭᠦᠶᠦᠵᠦ ᠪᠠᠶᠠᠷᠳᠠᠢ ᠪᠠᠷ ᠰᠡᠬᠦᠳᠡᠷ ᠲᠠᠳᠠᠨ᠎ᠠ᠃ ᠢᠯᠠᠯᠳᠠ ᠪᠠᠯᠭᠠᠰᠦ ᠪᠠᠰᠠ ᠭᠤᠤᠯ ᠤᠨ ᠬᠦᠪᠡᠭᠡ ᠪᠠᠷ | ᠤᠯᠠᠨ ᠶᠠᠩᠵᠦ ᠶᠢᠨ ᠦᠩᠭᠡᠳᠦ ᠳ᠋ᠤᠩ ᠡᠯᠬᠦᠵᠦ᠂ ᠡᠪᠤᠯ ᠤᠨ ᠤᠯᠠᠷᠢᠯ ᠤᠨ ᠵᠢᠭᠤᠯᠴᠢᠯᠠᠯ ᠤᠨ ᠦᠵᠡᠮᠵᠢ ᠶᠢᠨ | ᠪᠦᠰᠡ ᠶᠢ ᠪᠦᠷᠢᠯᠳᠦᠬᠦᠯᠦᠭᠰᠡᠨ ᠪᠠᠶᠢᠨ᠎ᠠ᠃ | ︽ᠡᠨᠡ ᠡᠪᠦᠯ᠂ ᠪᠢᠳᠡ ︿ᠮᠥᠰᠥ ᠴᠠᠰᠤ + ᠡᠷᠡᠭᠦᠯ ᠮᠡᠨᠳᠦ ᠰᠤᠪᠢᠯᠠᠯᠲᠠ﹀ ︿ᠮᠥᠰᠥ ᠴᠠᠰᠤ + | ᠠᠮᠲᠠᠲᠤ ᠢᠳᠡᠭᠡᠨ﹀ ᠵᠡᠷᠭᠡ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠨᠡᠮᠡᠭᠳᠡᠭᠦᠯᠵᠦ᠂ ᠡᠪᠦᠯ ᠤᠨ ᠤᠯᠠᠷᠢᠯ ᠤᠨ | ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠵᠤ᠂ ︿ᠬᠥᠳᠡᠭᠡ ᠲᠣᠰᠬᠤᠨ ᠤ ᠰᠡᠯᠡᠭᠦᠴᠡᠯ ᠢ ᠳᠡᠰ | ᠳᠡᠪᠰᠢᠭᠦᠯᠦᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠳᠥᠷᠪᠡᠨ ᠤᠯᠠᠷᠢᠯ ᠤᠨ ᠰᠢᠨᠡᠴᠢᠯᠡᠯᠲᠡ ᠳᠤ ᠬᠦᠴᠦᠨ | ᠨᠡᠮᠡᠷᠢᠯᠡᠪᠡ︾ ᠭᠡᠵᠦ ᠢᠯᠠᠯᠳᠠ ᠪᠠᠯᠭᠠᠰᠤᠨ ᠤ ᠤᠬᠠᠭᠤᠯᠬᠤ ᠭᠡᠰᠢᠭᠦᠨ ᠵᠢᠢ ᠶᠠᠨ ᠯᠢ ᠬᠡᠯᠡᠵᠦ ᠪᠠᠶᠢᠯ᠎ᠠ᠃ ︵ᠵᠢᠶᠠᠩ | ᠷᠠᠨ︶ |