| 1 ᠰᠠᠷ᠎ᠠ ᠶᠢᠨ 3 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ 2025 ᠣᠨ ᠤ ᠠᠩᠬᠠᠳᠤᠭᠠᠷ ᠤᠳᠠᠭ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠭᠡᠭᠰᠡᠨ︶ ᠬᠤᠷᠠᠯ ᠬᠤᠷᠠᠯᠳᠤᠭᠤᠯᠵᠦ᠂ ᠲᠥᠪ ᠤᠨ ᠠᠵᠤ | ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠵᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ | ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠭᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ | ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠢᠮᠠᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ 2025 ᠣᠨ ᠤ ᠠᠵᠢᠯ ᠤᠨ ᠭᠤᠤᠯᠳᠠᠯᠭ᠎ᠠ | ᠵᠡᠷᠭᠡ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ ᠶᠠᠷᠢᠯᠴᠠᠵᠤ᠂ ᠳᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠪᠠᠶᠢᠷᠢᠯᠠᠭᠤᠯᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠦᠸᠧ ᠬᠤᠷᠠᠯ ᠡᠷᠭᠢᠯᠡᠭᠰᠡᠨ | ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ | ᠥᠨᠳᠤᠷᠵᠢᠭᠦᠯᠵᠥ᠂ ᠦᠵᠡᠯ ᠰᠠᠨᠠᠭ᠎ᠠ ᠪᠠ ᠦᠢᠯᠠ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠲᠠᠭᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ | ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ︵ | ᠥᠷᠭᠡᠳᠭᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠪᠠᠷ ᠭᠤᠤᠯ ᠰᠢᠵᠢᠮ | ᠪᠣᠯᠭᠠᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ | ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠠᠵᠢᠯ ᠤᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠳᠡᠢ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠦᠪᠯᠡᠯ ᠤᠨ 2025 ᠣᠨ ᠤ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠲᠥᠯᠥᠪᠵᠢᠭᠦᠯᠵᠦ᠂ | ᠡᠳ᠋ ᠤᠨ ᠵᠠᠰᠠᠭ ᠠᠵᠤ ᠠᠬᠤᠶ ᠶᠢᠨ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ | ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠪᠡᠯᠡᠳᠭᠡᠯ ᠠᠵᠢᠯ ᠢ ᠴᠢᠨᠠᠷ ᠰᠠᠶᠢᠲᠠᠢ ᠰᠠᠶᠢᠲᠤᠷ | ᠬᠢᠵᠦ᠂ ᠲᠥᠯᠥᠭᠡᠯᠡᠭᠴᠢ ᠶᠢ ᠨᠥᠬᠦᠨ ᠰᠣᠩᠭᠤᠬᠤ ᠡᠭᠦᠷᠭᠡ ᠶᠢ ᠬᠠᠤᠯᠢ ᠶᠣᠰᠣᠭᠠᠷ ᠪᠡᠶᠡᠯᠡᠭᠦᠯᠬᠦ ᠬᠡᠷᠡᠭᠲᠡᠢ᠃ ᠴᠠᠭᠠᠨ | ᠰᠠᠷ᠎ᠠ ᠠᠴᠠ ᠡᠮᠦᠨ᠎ᠡ ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ | ᠠᠬᠠᠮᠠᠳ ᠨᠠᠮ ᠤᠨ ᠭᠡᠰᠢᠭᠦᠨ᠂ ᠬᠦᠴᠢᠷᠳᠡᠯᠲᠡᠶ ᠨᠠᠮ ᠤᠨ ᠭᠡᠰᠢᠭᠦᠨ ᠣᠯᠠᠨ ᠲᠦᠮᠡᠨ ᠢ ᠲᠣᠬᠤᠨᠢᠭᠤᠯᠬᠤ | ᠠᠵᠢᠯᠯᠠᠭ᠎ᠠ ᠶᠢ ᠨᠠᠷᠢᠨ ᠬᠢᠨᠠᠮᠠᠭᠠᠶ ᠥᠷᠨᠢᠭᠦᠯᠵᠦ᠂ ᠴᠠᠭᠠᠨ ᠰᠠᠷ᠎ᠠ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠪᠠ | ᠠᠷᠢᠭᠤᠨ ᠴᠢᠬᠡᠴᠢ ᠶᠢᠨ ᠬᠥᠮᠦᠵᠢᠯ ᠢ ᠴᠢᠩᠭᠠᠳᠬᠠᠨ᠂ ᠰᠤᠷᠲᠠᠯ ᠤᠨ ᠪᠠᠶᠢᠭᠤᠯᠤᠯᠲᠠ ᠶᠢ ᠰᠢᠨᠲᠠᠷᠠᠰᠢ ᠥᠬᠡᠶ | ᠴᠢᠩᠭᠠᠳᠬᠠᠵᠤ᠂ ᠪᠣᠳᠠᠲᠠᠶ ᠠᠵᠢᠯᠯᠠᠵᠤ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ 2025 ᠣᠨ ᠤ ᠠᠵᠢᠯ ᠤᠨ | ᠰᠠᠶᠢᠨ ᠡᠬᠢᠯᠡᠯᠲᠡ ᠲᠠᠢ᠂ ᠲᠠᠰᠤᠷᠠᠯᠲᠠ ᠥᠬᠡᠶ ᠰᠢᠨ᠎ᠡ ᠠᠮᠵᠢᠯᠲᠠ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠪᠡ᠃ | ︵ᠪᠤᠤ ᠸᠧᠨ ᠳ᠋ᠢᠩ ᠨᠢᠩᠵᠢᠨ︶ |