| 2024 ᠣᠨ ᠳᠤ᠂ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠠᠪᠠᠭᠤᠯᠢᠭ ᠢᠶᠠᠨ | ᠴᠢᠩᠭᠠᠳᠬᠠᠬᠤ᠂ ᠳᠤᠲᠠᠭᠤᠳᠠᠯ ᠢᠶᠠᠨ ᠨᠥᠬᠦᠪᠥᠷᠢᠯᠡᠬᠦ᠂ ᠬᠤᠷᠢᠭ᠎ᠠ ᠱᠤᠭᠤᠮ ᠢ ᠰᠠᠬᠢᠬᠤ᠂ ᠡᠮᠦᠨ᠎ᠡ ᠹᠷᠤᠨᠲ ᠪᠠᠷ | ᠬᠦᠨᠵᠡᠭᠡᠶᠢᠷᠡᠬᠦ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠤᠨ ᠲᠣᠭᠤᠷᠢᠨ ᠳᠤ ︽ᠠᠷᠪᠠᠨ ᠵᠢᠷᠭᠤᠭᠠᠨ ᠦᠰᠦᠭ ᠤᠨ | ᠶᠡᠷᠦᠩᠬᠡᠢ ᠱᠠᠭᠠᠷᠳᠠᠯᠭ᠎ᠠ︾ ᠶᠢ ᠭᠦᠨᠵᠡᠭᠡᠢ ᠦᠢᠯᠡᠳᠦᠯᠭᠡᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠡᠢ᠃ | ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠪᠠ᠃ ᠬᠢᠩᠭᠠᠨ | ᠠᠶᠢᠮᠠᠬ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠢᠮᠠᠭᠲᠠ ᠦᠵᠡᠯ ᠰᠠᠨᠠᠭ᠎ᠠ ᠤᠯᠤᠰ ᠲᠦᠷᠦ ᠶᠢᠨ | ᠪᠠᠶᠢᠭᠤᠯᠤᠯᠲᠠ ᠶᠢ ᠰᠠᠭᠤᠷᠢᠯᠠᠬᠤ ᠴᠢᠨᠠᠷᠲᠠᠢ᠂ ᠤᠳᠤᠷᠢᠳᠤᠮᠵᠢ ᠶᠢᠨ ᠴᠢᠨᠠᠷᠲᠠᠢ᠂ ᠪᠠᠶᠢᠩᠭᠤ ᠶᠢᠨ ᠴᠢᠨᠠᠷᠲᠠᠢ ᠠᠵᠢᠯ | ᠪᠣᠯᠭᠠᠨ ᠴᠢᠩᠭ᠎ᠠ ᠠᠳᠬᠤᠵᠤ᠂ ᠦᠵᠡᠯ ᠰᠠᠨᠠᠭ᠎ᠠ ᠪᠠᠷ ᠳᠠᠶᠢᠴᠢᠯᠠᠬᠤ᠂ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ᠂ ᠨᠡᠶᠢᠲᠡᠯᠢᠭ ᠵᠢᠱᠢᠶ᠎ᠡ ᠪᠠᠷ ᠬᠦᠳᠦᠯᠦᠨ ᠳᠠᠭᠠᠭᠤᠯᠬᠤ᠂ ᠦᠷ᠎ᠡ ᠪᠦᠲᠦᠮᠵᠢ ᠶᠢ ᠴᠢᠩᠭᠠᠳᠬᠠᠵᠤ᠂ | ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠦᠵᠡᠯ ᠰᠠᠨᠠᠭᠠᠨ ᠤ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠪᠠ | ᠃ ︽ᠨᠠᠮ ᠤᠨ ᠪᠠᠶᠢᠭᠤᠯᠤᠯᠲᠠ ᠶᠢ ᠠᠳᠬᠤᠬᠤ᠂ ᠬᠡᠪ ᠴᠢᠨᠠᠷ ᠢ ᠴᠢᠩᠭᠠᠳᠬᠠᠬᠤ᠂ ᠰᠤᠷᠲᠠᠯ ᠢ ᠴᠡᠭᠴᠡᠯᠡᠬᠦ᠂ ᠲᠦᠷᠢ | ᠲᠥᠷᠬᠦ ᠶᠢ ᠱᠤᠭᠤᠬᠤ︾ ᠲᠤᠰᠬᠠᠶ ᠠᠵᠢᠯᠯᠠᠭ᠎ᠠ ᠶᠢ ᠤᠨᠴᠠᠯᠢᠬᠳᠤ ᠠᠴᠢᠶᠠᠯᠠᠪᠤᠷᠢ ᠪᠣᠯᠭᠠᠵᠤ᠂ ᠡᠯ᠎ᠡ ᠱᠠᠲᠤᠨ ᠤ | ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 97 ᠤᠳᠠᠭ᠎ᠠ ᠲᠥᠪᠯᠡᠷᠡᠭᠦᠯᠦᠨ ᠰᠤᠷᠤᠯᠴᠠᠵᠤ᠂ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠡᠷᠡᠮᠵᠢᠯᠡᠭᠦᠯᠬᠦ ᠬᠥᠮᠦᠵᠢᠯ ᠢ 341 ᠤᠳᠠᠭ᠎ᠠ ᠥᠷᠨᠢᠭᠦᠯᠵᠦ᠂ | 2443 ᠤᠳᠠᠭ᠎ᠠ ᠲᠥᠪᠯᠡᠷᠡᠭᠦᠯᠦᠨ ᠰᠤᠷᠤᠯᠴᠠᠪᠠ᠃ ᠨᠠᠮ ᠤᠨ ᠡᠭᠦᠷ ᠤᠨ ᠱᠦᠵᠢ ᠨᠠᠮ ᠤᠨ ᠬᠢᠴᠢᠶᠡᠯ ᠢ 278 | ᠤᠳᠠᠭ᠎ᠠ ᠣᠷᠣᠵᠤ᠂ ᠰᠡᠷᠡᠮᠵᠢᠯᠡᠭᠦᠯᠬᠦ ᠬᠥᠮᠦᠵᠢᠯ ᠤᠨ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢ | 235 ᠤᠳᠠᠭ᠎ᠠ ᠦᠷᠨᠢᠬᠦᠯᠵᠦ᠂ ᠤᠯᠤᠰ ᠲᠦᠷᠦ ᠶᠢᠨ ᠪᠣᠯᠪᠠᠰᠤᠷᠠᠯ ᠢ 87 ᠬᠤᠭᠤᠴᠠᠭ᠎ᠠ ᠡᠷᠬᠢᠯᠡᠵᠤ᠂ ᠠᠷᠠᠳ ᠤᠨ | ᠴᠠᠬᠳᠠᠭ᠎ᠠ ᠪᠠ ᠳᠤᠰᠠᠯᠠᠬᠴᠢ ᠴᠠᠭᠳᠠᠭ᠎ᠠ ᠶᠢ 9300 ᠭᠠᠷᠤᠢ ᠬᠥᠮᠦᠨ ᠤᠳᠠᠭ᠎ᠠ ᠬᠠᠮᠤᠷᠴᠤ᠂ ᠪᠦᠷᠬᠦᠴᠡ ᠶᠢᠨ | ᠨᠤᠷᠮ᠎ᠠ ᠨᠢ 100% ᠳᠤ ᠬᠦᠷᠴᠦ᠂ ᠡᠩᠨᠡᠭᠡᠨ ᠤ ᠦᠵᠡᠯ ᠰᠠᠨᠠᠭ᠎ᠠ ᠶᠢ ᠴᠢᠨᠠᠭᠰᠢᠳᠠ ᠴᠢᠩᠭᠠᠳᠬᠠᠵᠤ᠂ ᠥᠨᠳᠥᠷ | ᠬᠡᠪ ᠪᠣᠯᠪᠠᠰᠤᠷᠠᠯ ᠲᠠᠢ ᠬᠢᠩᠭᠠᠨ ᠠᠶᠢᠮᠠᠬ ᠤᠨ ᠳᠣᠲᠣᠭᠠᠳᠤ ᠶᠢ ᠬᠠᠮᠠᠭᠠᠯᠠᠬᠤ ᠲᠡᠮᠤᠷ ᠴᠡᠷᠢᠭ ᠤᠨ ᠡᠩᠨᠡᠭᠡ ᠶᠢ | ᠬᠦᠴᠦᠯᠡᠨ ᠳᠠᠪᠲᠠᠨ ᠪᠣᠯᠪᠠᠰᠤᠷᠠᠭᠤᠯᠪᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠪᠠᠷ | ᠠᠵᠢᠯ ᠤᠨ ᠭᠤᠣᠯ ᠱᠤᠭᠤᠮ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ | ᠴᠤᠭᠴᠠᠵᠢᠭᠤᠯᠤᠨ ᠲᠦᠯᠬᠢᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ ᠤᠨ | ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠬᠢᠵᠦ᠂ ︽ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠵᠢᠴᠢ ᠪᠦᠬᠦ ᠤᠯᠤᠰ ᠤᠨ | ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ | ᠤᠯᠤᠰ ᠲᠦᠷᠦ ᠶᠢᠨ ᠪᠣᠯᠪᠠᠰᠤᠷᠠᠯ ᠤᠨ ᠠᠩᠬᠢ︾ ᠶᠢ ᠡᠷᠬᠢᠯᠡᠵᠦ᠂ ᠤᠯᠤᠰ ᠲᠦᠷᠦ ᠶᠢᠨ ᠪᠠᠶᠢᠭᠤᠯᠭ᠎ᠠ ᠶᠢᠨ ᠦᠵᠡᠯ | ᠤᠬᠠᠮᠰᠠᠷ ᠤᠨ ᠬᠥᠮᠦᠵᠢᠯ ᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠡᠶᠢᠰᠢ ᠲᠠᠰᠤᠷᠠᠯᠳᠠ | ᠦᠭᠡᠢ ᠥᠷᠭᠡᠳᠭᠡᠬᠦ ᠶᠢ ᠦᠷᠭᠦᠯᠵᠢᠯᠡᠨ ᠲᠦᠯᠬᠢᠨ ᠠᠬᠢᠭᠤᠯᠪᠠ᠃ | ᠨᠢᠳᠤᠨᠤᠨ ᠵᠢᠯ᠂ ᠬᠢᠨᠭ᠍ᠭᠠᠨ ᠠᠶᠢᠮᠠᠭ ᠤᠨ ᠳᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ 8 ᠬᠠᠮᠲᠤ | ᠨᠡᠶᠢᠲᠡ᠂ 65 ᠬᠤᠪᠢ ᠬᠥᠮᠦᠨ ᠲᠢᠩᠬᠢᠮ ᠲᠣᠪᠴᠢᠶ᠎ᠠ ᠶᠢᠨ ᠲᠠᠰ ᠠᠴᠠ ᠳᠡᠭᠡᠭᠰᠢᠬᠢ ᠬᠥᠬᠢᠭᠦᠯᠦᠯ ᠢ ᠭᠥᠷᠳᠡᠵᠦ᠂ | ᠨᠡᠶᠢᠲᠡᠯᠢᠭ ᠵᠢᠱᠢᠶ᠎ᠡ ᠶᠢᠨ ᠨᠥᠯᠥᠭᠡᠯᠡᠬᠦ ᠦᠢᠯᠡᠳᠦᠯ ᠢ ᠪᠠᠳᠠᠷᠠᠭᠤᠯᠤᠨ᠂ ︽ᠬᠠᠭᠤᠴᠢᠨ ᠨᠡᠶᠢᠲᠡᠯᠢᠭ ᠵᠢᠱᠢᠶ᠎ᠡ ᠶᠢ | ᠪᠠᠶᠢᠩᠭᠤ ᠪᠣᠶ ᠪᠣᠯᠭᠠᠵᠤ ᠰᠢᠨ᠎ᠡ ᠶᠢ ᠡᠭᠦᠳᠴᠦ᠂ ᠰᠢᠨ᠎ᠡ ᠨᠡᠶᠢᠲᠡᠯᠢᠭ ᠵᠢᠱᠢᠶ᠎ᠡ ᠵᠠᠯᠭᠠᠭ᠎ᠠ ᠪᠠᠷ ᠢᠯᠡᠷᠡᠨ ᠭᠠᠷᠬᠤ︾ | ᠠᠵᠢᠯ ᠤᠨ ᠪᠠᠶᠢᠳᠠᠯ ᠢ ᠪᠣᠶ ᠪᠣᠯᠭᠠᠵᠠᠢ᠃ ᠡᠬᠦᠨ ᠠᠴᠠ ᠭᠠᠳᠠᠨ᠎ᠠ᠂ ᠬᠠᠮᠲᠤ ᠨᠡᠶᠢᠳᠡ ᠢᠢᠨ ᠨᠢᠭᠡᠳᠦᠭᠡᠷ ᠳᠡᠰ ᠤᠨ | ᠭᠠᠪᠢᠶ᠎ᠠ ᠪᠠᠶᠢᠭᠤᠯᠬᠤ᠂ ᠵᠢᠰᠦᠳᠦᠭᠡᠷ ᠪᠦᠯᠦᠭ ᠤᠨ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠵᠢᠱᠢᠶ᠎ᠡ ᠦᠵᠡᠭᠦᠯᠬᠦ ᠨᠢᠭᠡᠴᠢ᠂ ᠪᠦᠬᠦ ᠣᠷᠣᠨ ᠤ ᠪᠣᠯᠪᠠᠰᠤᠨ ᠨᠢᠭᠡᠴᠢ᠂ ᠥᠪᠡᠷᠲᠡᠭᠡᠨ ᠵᠠᠰᠠᠬᠤ ᠣᠷᠣᠨ ᠤ ︽ᠠᠷᠠᠳ | ᠲᠦᠮᠡᠨ ᠳᠤ ᠲᠠᠭᠠᠰᠢᠶᠠᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠢ︾ ᠶᠢᠨ ᠢᠷᠠᠭᠤ ᠠᠯᠳᠠᠷ ᠢ | ᠳᠠᠷᠠᠭᠠᠯᠠᠨ ᠬᠦᠷᠳᠡᠭᠰᠡᠨ ᠪᠠᠶᠢᠨ᠎ᠠ᠃ | ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠬᠢᠩᠭᠠᠨ ᠠᠶᠢᠮᠠᠬ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠴᠣᠬᠢᠯᠲᠠ ᠥᠭᠬᠦ᠂ ᠰᠡᠷᠭᠡᠶᠢᠯᠡᠬᠦ᠂ ᠬᠠᠮᠢᠶᠠᠷᠬᠤ᠂ ᠵᠠᠰᠠᠬᠤ᠂ | ᠤᠬᠠᠭᠤᠯᠬᠤ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭᠠᠳᠬᠠᠵᠤ᠂ ︽ᠬᠠᠤᠯᠢ ᠬᠡᠷᠡᠭᠵᠢᠭᠦᠯᠬᠦ | ᠶᠠᠰᠤ ᠴᠢᠨᠠᠷ ᠢ ᠳᠡᠭᠡᠭᠰᠢᠯᠡᠭᠦᠯᠬᠦ ᠣᠨ︾ ᠤ ᠲᠤᠰᠬᠠᠶ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ᠬᠠᠤᠯᠢ | ᠬᠡᠷᠡᠭᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠰᠢᠰᠲ᠋ᠧᠮ᠂ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ | ᠪᠠᠶᠢᠭᠤᠯᠤᠯᠲᠠ ᠶᠢᠨ ᠰᠢᠰᠲ᠋ᠧᠮ᠂ ᠬᠠᠤᠯᠢ ᠶᠣᠰᠣᠭᠠᠷ ᠬᠠᠤᠯᠢ ᠬᠡᠷᠡᠭᠵᠢᠭᠦᠯᠬᠦ ᠡᠭᠦᠷᠭᠡ ᠲᠤᠰᠢᠶᠠᠯ ᠢᠶᠠᠨ ᠭᠦᠢᠴᠡᠳᠭᠡᠬᠦ | ᠰᠢᠰᠲ᠋ᠧᠮ᠂ ᠬᠠᠤᠯᠢ ᠬᠡᠷᠡᠭᠵᠢᠭᠦᠯᠬᠦ ᠶᠠᠪᠤᠴᠠ ᠳᠤ ᠬᠢᠨᠠᠯᠲᠠ ᠲᠠᠯᠪᠢᠬᠤ ᠰᠢᠰᠲ᠋ᠧᠮ᠂ ᠬᠠᠤᠯᠢ ᠬᠡᠷᠡᠭᠵᠢᠭᠦᠯᠬᠦ ᠬᠦᠴᠦᠨ | ᠵᠦᠢᠯ ᠤᠨ ᠪᠠᠲᠤᠯᠠᠭ᠎ᠠ ᠶᠢᠨ ᠰᠢᠰᠲ᠋ᠧᠮ ᠢ ᠬᠦᠴᠦᠯᠡᠨ ᠪᠦᠷᠢᠨᠰᠢᠬᠦᠯᠪᠡ᠃ | ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ | ᠰᠠᠭᠤᠷᠢᠨ ᠳᠡᠭᠡᠷ᠎ᠡ᠂ ᠬᠢᠩᠭᠠᠨ ᠠᠶᠢᠮᠠᠬ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ | ᠴᠢᠩᠭ᠎ᠠ ᠴᠣᠬᠢᠯᠲᠠ ᠥᠭᠬᠦ ᠴᠢᠭᠯᠡᠯᠲᠡ ᠶᠢ ᠢᠮᠠᠭᠲᠠ ᠭᠤᠶᠢᠪᠢᠰᠢ ᠦᠭᠡᠶ ᠪᠠᠷᠢᠮᠲᠠᠯᠠᠵᠤ᠂ ︽ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ︾ ᠡᠨᠡᠬᠦ ᠴᠢᠬᠤᠯᠠ ᠡᠭᠦᠷᠭᠡ ᠶᠢ ᠴᠢᠩᠭ᠎ᠠ ᠠᠳᠬᠤᠵᠤ᠂ ︽ᠵᠣᠨ ᠤ ᠤᠯᠠᠷᠢᠯ ᠤᠨ ᠠᠵᠢᠯᠯᠠᠭ᠎ᠠ︾ | ᠂ ︽ᠡᠪᠦᠯ ᠤᠨ ᠤᠯᠠᠷᠢᠯ ᠤᠨ ᠠᠵᠢᠯᠯᠠᠭ᠎ᠠ︾ ᠵᠡᠷᠭᠡ ᠰᠢᠷᠢᠰ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ | ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ᠂ ᠭᠤᠤᠯᠳᠠᠯᠭ᠎ᠠ ᠲᠠᠢ ᠬᠥᠮᠦᠰ ᠢ ᠵᠢᠭᠰᠠᠭᠠᠨ | ᠪᠠᠶᠢᠴᠠᠭᠠᠵᠤ ᠲᠣᠭᠲᠠᠭᠤᠨ ᠢᠶᠠᠷ ᠡᠵᠡᠮᠳᠡᠬᠦ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠪᠠᠶᠢᠴᠠᠭᠠᠵᠤ ᠴᠡᠭᠴᠡᠯᠡᠨ | ᠵᠠᠰᠠᠬᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠵᠡᠷᠭᠡ ᠲᠠᠪᠤᠨ ᠲᠠᠯ᠎ᠠ ᠶᠢᠨ ᠠᠵᠢᠯ ᠢ ᠭᠦᠨᠵᠡᠭᠡᠶ | ᠥᠷᠨᠢᠭᠦᠯᠵᠠᠢ᠃ 2024 ᠣᠨ ᠠᠴᠠ ᠨᠠᠭᠠᠰᠢ᠂ ᠪᠥᠬᠦ ᠠᠶᠢᠮᠠᠭ ᠤᠨ ᠳᠤᠳᠤᠭᠠᠳᠦ ᠶᠢ ᠬᠠᠮᠠᠭᠠᠯᠠᠬᠤ | ᠪᠠᠶᠢᠭᠤᠯᠭ᠎ᠠ ᠠᠴᠠ ᠵᠥᠷᠢᠴᠡᠯ ᠵᠢᠭᠤᠷᠠᠯᠳᠤᠭᠠᠨ ᠢ 15000 ᠭᠠᠷᠤᠶ ᠵᠢᠭᠰᠠᠭᠠᠨ ᠪᠠᠶᠢᠴᠠᠭᠠᠵᠤ᠂ ᠰᠢᠢᠳᠪᠦᠷᠢᠯᠡᠭᠰᠡᠨ | ᠨᠣᠷᠮ᠎ᠠ ᠨᠢ 100% ᠳᠤ ᠬᠦᠷᠴᠡᠶ᠃ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ | ᠠᠵᠢᠯᠯᠠᠭ᠎ᠠ ᠶᠢ ᠲᠤᠬᠠᠶ ᠶᠢᠨ ᠭᠠᠵᠠᠷ ᠲᠤᠨᠢ ᠨᠡᠶᠢᠳᠡ 75 ᠲᠦᠮᠡ ᠭᠠᠷᠤᠶ ᠪᠠᠶᠢᠴᠠᠭᠠᠵᠦ᠂ ᠲᠤᠬᠠᠶ ᠶᠢᠨ ᠭᠠᠵᠠᠷ ᠲᠤᠨᠢ | 42 ᠲᠦᠮᠡ ᠭᠠᠷᠤᠶ ᠶᠢ ᠰᠢᠢᠳᠪᠦᠷᠢᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠪᠦᠬᠦᠯᠢ ᠴᠣᠭᠴᠠ ᠶᠢᠨ | ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠳᠤᠯᠠᠵᠠᠢ᠃ | ᠬᠢᠩᠭᠠᠨ ᠠᠶᠢᠮᠠᠬ ᠤᠨ ᠳᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠢᠮᠠᠭᠲᠠ ︽ᠠᠮᠤᠷ ᠠᠮᠤᠭᠤᠯᠠᠩ ᠢ | ᠬᠠᠮᠠᠭᠠᠯᠠᠬᠤ︾ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ︽ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ | ︾ ᠶᠢᠨ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠲᠤ ᠲᠦᠰᠢᠭᠯᠡᠨ᠂ | ᠲᠤᠰᠬᠠᠶᠢᠵᠢᠭᠰᠠᠨ ᠲᠣᠭᠲᠠᠴᠠ ᠶᠢ ᠰᠢᠯᠢᠳᠡᠭᠵᠢᠭᠦᠯᠦᠨ᠂ ᠲᠣᠮᠣ ᠳ᠋ᠠᠶᠢᠲ᠋ᠠ ᠶᠢᠨ ᠲᠤᠯᠭᠠᠭᠤᠷᠢᠯᠠᠯ ᠢ ᠪᠣᠳᠠᠲᠠᠶᠢᠵᠢᠭᠤᠯᠵᠤ | ᠂ ᠲᠤᠷᠰᠢᠨ ᠪᠠᠶᠢᠴᠠᠭᠠᠬᠤ ᠲᠥᠪ᠂ ᠮᠡᠬᠡᠯᠡᠯ ᠢ ᠡᠰᠡᠷᠭᠦᠴᠡᠬᠦ ᠲᠥᠪ ᠤᠨ ᠪᠣᠳᠠᠲᠤ ᠴᠣᠭᠴᠠᠲᠤ ᠠᠵᠢᠯᠯᠠᠭᠠᠨ᠂ ᠨᠢᠭᠤᠴᠠ | ᠮᠡᠳᠡᠭᠡ᠂ ᠵᠢᠯᠣᠭᠤᠳᠣᠯᠭ᠎ᠠ᠂ ᠠᠵᠢᠯᠯᠠᠭ᠎ᠠ ᠶᠢ ᠨᠢᠭᠡ ᠴᠤᠭᠴᠠᠵᠢᠭᠤᠯᠤᠨ ᠪᠥᠲᠥᠭᠡᠨ ᠪᠠᠶᠢᠭᠤᠯᠬᠤ᠂ ᠰᠦᠯᠵᠢᠶᠡᠨ | ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠨᠡᠶᠢᠯᠡᠭᠦᠯᠦᠨ ᠪᠠᠶᠢᠯᠳᠤᠬᠤ ᠵᠡᠷᠭᠡ ᠠᠷᠭ᠎ᠠ ᠪᠠᠷᠢᠯ ᠳᠤ ᠲᠦᠰᠢᠭᠯᠡᠨ᠂ | ᠴᠣᠬᠢᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠭᠰᠡᠨ ᠪᠠᠶᠢᠨ᠎ᠠ᠃ | 2024 ᠣᠨ ᠳᠤ᠂ ᠬᠢᠩᠭᠠᠨ ᠠᠶᠢᠮᠠᠬ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠤᠷᠤᠰᠬᠠᠯ ᠢ | ᠰᠦᠷᠦᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠬᠦ ᠠᠶᠢᠮᠠᠭ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠡᠷᠡᠭ ᠲᠤ | ᠬᠤᠯᠪᠣᠭᠳᠠᠭᠰᠠᠨ ᠵᠣᠭᠤᠰ ᠤᠨ ᠲᠤᠭ᠎ᠠ ᠨᠢ ᠲᠤᠰ ᠲᠤᠰ 10 ᠳ᠋ᠦᠩᠰᠢᠭᠤᠷ᠂ 15 ᠳ᠋ᠦᠩᠰᠢᠭᠤᠷ᠂ 50 | ᠳ᠋ᠦᠩᠰᠢᠭᠤᠷ ᠲᠤ ᠬᠦᠷᠦᠭᠰᠡᠨ ᠳᠣᠲᠣᠭᠠᠳᠤ ᠶᠢ ᠬᠠᠮᠠᠭᠠᠯᠠᠬᠤ ᠶᠠᠮᠤᠨ ᠤ ᠱᠠᠯᠠᠪᠳᠠᠭᠤᠯᠤᠨ ᠰᠢᠢᠳᠪᠦᠷᠢᠯᠡᠭᠦᠯᠦᠭᠰᠡᠨ | ᠭᠤᠷᠪᠠᠨ ᠣᠨᠴᠠ ᠶᠡᠭᠡ ᠬᠡᠷᠡᠭ ᠢ ᠵᠠᠯᠭᠠᠪᠡᠷ ᠲᠠᠩᠨᠠᠨ ᠢᠯᠡᠷᠡᠭᠦᠯᠵᠠᠢ᠃ ᠪᠥᠬᠦ ᠠᠶᠢᠮᠠᠭ ᠤᠨ ᠡᠷᠡᠭᠦᠦ ᠶᠢᠨ ᠬᠡᠷᠡᠭ | ᠪᠣᠯᠭᠠᠨ ᠳᠠᠩᠰᠠᠯᠠᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 13.5% ᠪᠠᠷ ᠪᠠᠭᠤᠷᠠᠵᠤ᠂ ᠬᠤᠯᠠᠭᠠᠶᠢᠯᠠᠬᠤ | ᠲᠥᠷᠥᠯ ᠤᠨ ᠬᠡᠷᠡᠭ ᠤᠨ ᠬᠡᠷᠡᠭ ᠪᠣᠯᠭᠠᠨ ᠳᠠᠩᠰᠠᠯᠠᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 30. | 1% ᠪᠠᠷ ᠪᠠᠭᠤᠷᠠᠵᠤ᠂ ᠠᠮᠢᠨ ᠬᠡᠷᠡᠭ ᠤᠨ ᠲᠤᠭ᠎ᠠ ᠠᠳᠠᠯᠢ ᠬᠤᠭᠤᠴᠠᠭᠠᠨ ᠤ ᠬᠢ ᠠᠴᠠ 56% ᠪᠠᠷ ᠪᠠᠭᠤᠷᠠᠵᠤ᠂ | ᠠᠷᠠᠳ ᠣᠯᠠᠨ ᠤ ᠠᠮᠤᠷ ᠲᠦᠪᠰᠢᠨ ᠤ ᠲᠦᠷᠦᠭᠳᠡᠯ ᠤᠨ ᠴᠢᠨᠠᠷ ᠴᠢᠨᠰᠠᠭ᠎ᠠ ᠨᠠᠩ ᠥᠨᠳᠥᠷ᠂ ᠨᠠᠩ | ᠦᠷᠭᠦᠯᠵᠢᠯᠡᠬᠦᠶᠢᠴᠡ ᠪᠣᠯᠤᠭᠰᠠᠨ ᠪᠠᠶᠢᠨ᠎ᠠ᠃ | ︽ᠤᠶᠤᠨᠴᠢ ᠳᠣᠲᠣᠭᠠᠳᠤ ᠶᠢ ᠬᠠᠮᠠᠭᠠᠯᠠᠬᠤ︾ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠢ ᠪᠤᠢ | ᠪᠤᠯᠭᠠᠵᠠᠢ᠃ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠥᠬᠦ ᠠᠶᠢᠮᠠᠭ ᠤᠨ ᠬᠠᠤᠯᠢ | ᠬᠡᠷᠡᠭᠵᠢᠭᠦᠯᠬᠦ ᠪᠣᠳᠠᠲᠤ ᠪᠠᠶᠢᠳᠠᠯ ᠪᠣᠯᠤᠨ ᠦᠨᠳᠦᠰᠦᠨ ᠱᠠᠲᠤᠨ ᠤ ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢᠨ | ᠲᠠᠷᠬᠠᠯᠲᠠ ᠨᠢ ᠥᠷᠭᠡᠨ᠂ ᠵᠠᠮ ᠬᠤᠯᠠ ᠪᠠᠶᠢᠬᠤ ᠣᠨᠴᠠᠯᠢᠭ ᠲᠠᠢ ᠪᠠᠨ ᠤᠶᠠᠯᠳᠤᠭᠤᠯᠤᠨ᠂ ᠬᠠᠤᠯᠢ ᠬᠡᠷᠡᠭᠵᠢᠭᠦᠯᠵᠦ | ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ 7᠂ ᠬᠤᠪᠢᠶᠠᠷᠢ ᠲᠥᠪ 7᠂ ᠳᠤᠳᠤᠭᠠᠳᠦ ᠶᠢ ᠬᠠᠮᠠᠭᠠᠯᠠᠬᠤ | ᠰᠠᠯᠪᠤᠷᠢ ᠶᠢᠨ ᠤᠶᠤᠨᠴᠢ ᠬᠡᠷᠡᠭ ᠰᠢᠢᠳᠪᠦᠷᠢᠯᠡᠬᠦ ᠲᠣᠭᠤᠷᠢᠭ 8᠂ ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢᠨ ᠬᠡᠷᠡᠭ | ᠬᠠᠮᠢᠶᠠᠷᠬᠤ ᠳᠤᠭᠤᠶᠢᠯᠠᠩ 14 ᠶᠢ ᠳᠤᠰ ᠳᠤᠰ ᠪᠠᠶᠢᠭᠤᠯᠤᠭᠰᠠᠨ ᠪᠠᠶᠢᠨ᠎ᠠ᠃ | 2024 ᠣᠨ ᠠᠴᠠ ᠨᠠᠭᠠᠰᠢ᠂ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ | ᠬᠠᠷᠠᠭᠠᠨ ᠳᠠᠪᠲᠠᠮᠵᠢ + ᠲᠣᠮᠣ ᠳ᠋ᠠᠶᠢᠲ᠋ᠠ︾ ᠵᠡᠷᠭᠡ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠡᠷᠡᠭᠦᠦ ᠶᠢᠨ | ᠬᠡᠷᠡᠭ ᠢ 1087 ᠢᠯᠡᠷᠡᠭᠦᠯᠵᠦ᠂ ᠵᠠᠰᠠᠭ ᠵᠠᠬᠢᠷᠭᠠᠨ ᠤ ᠬᠡᠷᠡᠭ ᠢ 3372 ᠪᠠᠶᠢᠴᠠᠭᠠᠨ ᠰᠢᠢᠳᠪᠦᠷᠢᠯᠡᠵᠦ᠂ | ᠰᠡᠵᠢᠭᠳᠡᠨ ᠢ 653 ᠪᠠᠷᠢᠪᠴᠢᠯᠠᠵᠤ᠂ ᠣᠷᠭᠤᠳᠦᠦᠯ ᠬᠡᠷᠡᠭᠲᠡᠨ ᠢ 328 ᠪᠠᠷᠢᠪᠴᠢᠯᠠᠪᠠ᠃ | ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡ ᠨᠢ ᠤᠯᠠᠨ ᠲᠦᠮᠡᠨ ᠤ ᠠᠮᠢᠳᠤᠷᠠᠯ ᠳᠤ ᠲᠦᠬᠦᠮ ᠦᠵᠡᠬᠦᠯᠵᠠᠢ᠃ | ᠤᠢᠢᠷ᠎ᠠ ᠶᠢᠨ ᠵᠢᠯ ᠤᠨ ᠲᠤᠷᠰᠢ᠂ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠵᠠᠰᠠᠭ ᠢ | ᠴᠣᠮᠬᠠᠳᠬᠠᠬᠤ᠂ ᠡᠷᠬᠡ ᠶᠢ ᠳᠣᠷᠣᠭᠰᠢ ᠪᠠᠭᠤᠯᠭᠠᠬᠤ᠂ ᠬᠤᠷᠳᠤᠴᠠ ᠶᠢ ᠲᠦᠷᠭᠡᠳᠭᠡᠬᠦ᠂ ᠦᠷ᠎ᠡ ᠠᠰᠢᠭ ᠢ | ᠨᠡᠮᠡᠭᠳᠡᠭᠦᠯᠬᠦ᠂ ᠠᠷᠠᠳ ᠲᠤ ᠲᠦᠭᠦᠮ ᠦᠵᠡᠭᠦᠯᠬᠦ᠂ ᠠᠵᠤ ᠠᠬᠤᠶᠢᠯᠠᠯ ᠳᠤ ᠠᠰᠢᠭᠲᠠᠢ ᠪᠠᠶᠢᠯᠭᠠᠬᠤ︾ ᠵᠠᠷᠴᠢᠮ | ᠶᠣᠰᠣᠭᠠᠷ᠂ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ | ᠶᠢ ᠭᠦᠨᠵᠡᠭᠡᠶᠢᠷᠡᠭᠦᠯᠵᠦ᠂ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢᠨ ︽ᠬᠤᠷᠳᠤᠴᠠ︾ ᠶᠢ ᠲᠦᠷᠭᠡᠳᠭᠡᠵᠦ | ᠂ ᠬᠢᠨᠠᠨ ᠵᠥᠪᠰᠢᠶᠡᠷᠡᠬᠦ ᠲᠦᠷᠦᠯ ᠵᠦᠢᠯ ︽ᠤᠯᠠᠨ︾ ᠪᠠᠶᠢᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠭᠰᠡᠨ | ᠪᠠᠶᠢᠨ᠎ᠠ᠃ | ᠣᠳᠣᠬᠠᠨ ᠪᠣᠯᠲᠠᠯ᠎ᠠ᠂ ᠪᠦᠬᠦ ᠠᠶᠢᠮᠠᠭ ᠲᠤ ᠨᠡᠶᠢᠲᠡ ︽ᠨᠢᠭᠡ ᠥᠷᠲᠡᠭᠡ ᠮᠠᠶ᠋ᠢᠭ︾ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠳᠤᠳᠤᠭᠠᠳᠦ ᠶᠢ ᠬᠠᠮᠠᠭᠠᠯᠠᠬᠤ ᠰᠠᠯᠪᠤᠷᠢ 68 ᠭᠠᠷᠭᠠᠵᠤ᠂ ᠪᠥᠬᠦ ᠠᠶᠢᠮᠠᠭ ᠤᠨ ᠪᠣᠶ | ᠪᠥᠬᠦᠶ ᠡᠷᠦᠬᠡ ᠠᠮᠠ ᠶᠢᠨ ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢᠨ ᠳᠣᠭᠢᠷᠠᠭᠤᠯᠤᠭᠰᠠᠨ ︽ᠨᠢᠭᠡ ᠥᠷᠲᠡᠭᠡ | ᠮᠠᠶ᠋ᠢᠭ︾ ᠤᠨ ᠳᠤᠳᠤᠭᠠᠳᠦ ᠶᠢ ᠬᠠᠮᠠᠭᠠᠯᠠᠬᠤ ᠰᠠᠯᠪᠤᠷᠢ ᠨᠢ 100% ᠳᠤ ᠬᠦᠷᠴᠦ᠂ ᠠᠮᠤᠷ ᠢ ᠬᠠᠮᠠᠭᠠᠯᠠᠬᠤ᠂ | ᠡᠷᠦᠬᠡ ᠠᠮᠠ ᠶᠢᠨ ᠶᠠᠪᠤᠳᠠᠯ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ 167 ᠵᠦᠢᠯ ᠤᠨ ᠥᠨᠳᠥᠷ | ᠳᠠᠪᠲᠠᠮᠵᠢ ᠲᠠᠢ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠷᠲᠡᠯ᠎ᠡ ᠦᠷᠭᠦᠯᠵᠢᠯᠡᠭᠦᠯᠵᠦ᠂ | ᠣᠯᠠᠨ ᠲᠦᠮᠡᠨ ᠵᠢᠴᠢ ᠠᠵᠤ ᠠᠬᠤᠶᠢᠯᠠᠯᠲᠠᠨ ᠤ ᠡᠭᠦᠳᠡᠨ ᠳᠠᠬᠢ ᠳᠣᠲᠣᠭᠠᠳᠤ ᠶᠢ ᠬᠠᠮᠠᠭᠠᠯᠠᠬᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠲᠥᠬᠦᠮ ᠳᠡᠯᠭᠡᠭᠦᠷ︾ ᠢ ᠪᠣᠶ ᠪᠣᠯᠭᠠᠵᠤ᠂ ᠨᠢᠭᠡᠨᠲᠡ ᠣᠯᠠᠨ ᠲᠦᠮᠡᠨ ᠳᠤ 20 | ᠲᠦᠮᠡ ᠭᠠᠷᠤᠶ ᠬᠥᠮᠦᠨ ᠤᠳᠠᠭ᠎ᠠ ᠠᠰᠢᠭ ᠬᠦᠷᠲᠡᠭᠡᠪᠡ᠃ | ᠡᠭᠦᠨ ᠤ ᠬᠠᠮᠲᠤ ᠠᠶᠢᠮᠠᠭ ᠬᠤᠰᠢᠭᠤ ᠬᠤᠶᠠᠷ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠪ᠂ | ︽ᠨᠢᠭᠡ ᠥᠷᠲᠡᠭᠡ ᠮᠠᠶ᠋ᠢᠭ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠤᠳᠤᠭᠠᠳᠦ ᠶᠢ ᠬᠠᠮᠠᠭᠠᠯᠠᠬᠤ | ᠰᠠᠯᠪᠤᠷᠢ᠂ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠥᠪ ᠤᠨ ᠳᠣᠲᠣᠭᠠᠳᠤ ᠶᠢ ᠬᠠᠮᠠᠭᠠᠯᠠᠬᠤ | ᠶᠡᠷᠦᠩᠬᠡᠶᠢᠯᠡᠭᠰᠡᠨ ᠴᠣᠩᠬᠤᠪᠴᠢ ᠳᠤ ︽ᠦᠨᠡᠯᠡᠯᠳᠡ︾ ᠶᠢᠨ ᠰᠢᠰᠲ᠋ᠧᠮ ᠢ ᠵᠠᠯᠭᠠᠨ ᠣᠷᠣᠭᠤᠯᠵᠤ᠂ ︽ᠦᠨᠡᠯᠡᠯᠳᠡ︾ | ᠶᠢᠨ ᠲᠤᠭ᠎ᠠ ᠪᠠᠷᠢᠮᠲᠠ ᠶᠢ ᠬᠤᠷᠠᠮᠳᠤᠭᠤᠯᠤᠨ᠂ ᠠᠵᠤ ᠠᠬᠤᠶᠢᠯᠠᠯ᠂ ᠣᠯᠠᠨ ᠲᠦᠮᠡᠨ ᠢ ᠬᠥᠲᠥᠯᠦᠨ ᠵᠢᠯᠣᠭᠤᠳᠴᠤ | ᠪᠠᠶᠢᠭᠠᠳ ᠴᠣᠩᠬᠤᠪᠴᠢ ᠶᠢᠨ ᠦᠢᠯᠡᠴᠢᠯᠡᠭᠡᠨ ᠤ ᠰᠤᠷᠲᠠᠯ᠂ ᠦᠷ᠎ᠡ ᠪᠦᠲᠦᠮᠵᠢ᠂ ᠶᠠᠰᠤ ᠴᠢᠨᠠᠷ ᠲᠤ ᠪᠥᠬᠦ ᠲᠠᠯ᠎ᠠ ᠶᠢᠨ | ᠦᠨᠡᠯᠡᠯᠲᠡ ᠬᠢᠯᠭᠡᠪᠡ᠃ | 2024 ᠣᠨ ᠤ 8 ᠰᠠᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠠᠴᠠ ᠬᠠᠷᠢᠶᠠᠳᠦ ᠤᠷᠤᠨ ᠤ ᠨᠢᠭᠡᠨ ᠠᠷᠠᠯᠵᠢᠶ᠎ᠠ ᠬᠤᠳᠠᠯᠳᠤᠭᠠᠨ ᠤ ᠺᠣᠮᠫᠠᠨᠢ ᠶᠢᠨ ᠠᠵᠢᠯᠲᠠᠨ | ᠦ᠋ ᠣᠪᠣᠭᠲᠤ ᠶᠢᠨ ᠠᠵᠢᠯ ᠤᠨ ᠨᠥᠬᠦᠴᠡᠯ ᠢᠶᠠᠨ ᠠᠰᠢᠭᠯᠠᠨ᠂ ᠠᠵᠤ ᠠᠬᠤᠶᠢᠯᠠᠯ ᠤᠨ ᠡᠳ᠋ ᠬᠥᠷᠥᠩᠭᠡ ᠶᠢ | ᠳᠤᠷ᠎ᠠ ᠪᠠᠷ ᠢᠶᠠᠨ ᠡᠵᠡᠯᠡᠨ ᠠᠪᠤᠭᠰᠠᠨ ᠶᠠᠯᠠᠲᠤ ᠬᠡᠷᠡᠭ ᠢ ᠢᠯᠡᠷᠡᠭᠦᠯᠵᠦ᠂ ᠠᠵᠤ ᠠᠬᠤᠶᠢᠯᠠᠯ ᠤᠨ ᠬᠤᠬᠢᠷᠠᠯ ᠳᠤ | ᠤᠴᠠᠷᠠᠭᠤᠯᠬᠤ ᠠᠴᠠ ᠵᠠᠶᠢᠯᠠᠭᠤᠯᠵᠦ᠂ ᠠᠵᠤ ᠠᠬᠤᠶᠢᠯᠠᠯ ᠤᠨ ᠪᠤᠰᠤᠳ ᠠᠵᠢᠯᠳᠡᠳ ᠤᠨ ᠬᠠᠤᠯᠢ ᠶᠤᠰᠤᠨ ᠤ ᠡᠷᠭᠡ | ᠠᠰᠢᠭ ᠢ ᠬᠠᠮᠠᠭᠠᠯᠠᠬᠰᠠᠨ ᠪᠠᠶᠢᠨ᠎ᠠ᠃ ᠤᠶᠢᠷ᠎ᠠ ᠳᠤ᠂ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠰᠠᠭᠠᠳ ᠥᠬᠡᠶ ᠨᠡᠪᠲᠡᠷᠡᠬᠦ ᠵᠠᠮ ᠨᠡᠭᠡᠭᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠴᠠᠭᠳᠠᠭ᠎ᠠ ᠪᠠ ᠠᠵᠤ | ᠠᠬᠤᠶᠢᠯᠠᠯ ᠤᠨ ᠵᠥᠪᠳᠡᠯᠴᠡᠬᠦ ᠬᠤᠷᠠᠯ ᠬᠤᠷᠠᠯᠳᠤᠭᠤᠯᠵᠤ᠂ ᠬᠠᠷᠢᠶᠠᠲᠤ ᠣᠷᠣᠨ ᠤ ᠠᠵᠤ ᠠᠬᠤᠶᠢᠯᠠᠯ ᠳᠤ ᠬᠠᠤᠯᠢ | ᠴᠠᠭᠠᠵᠠ ᠶᠢᠨ ᠦᠨᠳᠦᠰᠤᠨ ᠮᠡᠳᠡᠯᠭᠡ ᠬᠦᠷᠭᠡᠨ᠂ ᠦᠢᠯᠡᠴᠢᠯᠡᠭᠡ ᠶᠢ ᠬᠦᠨᠵᠡᠭᠡᠶᠢᠷᠡᠬᠦᠯᠵᠦ᠂ ᠤᠷᠢᠳᠴᠢᠯᠠᠨ | ᠰᠡᠷᠡᠮᠵᠢᠯᠡᠭᠦᠯᠬᠦ ᠶᠢ ᠤᠷᠲᠤᠳᠬᠠᠨ᠂ ᠰᠡᠷᠭᠡᠶᠢᠯᠡᠯᠲᠡ ᠶᠢᠨ ᠱᠤᠭᠤᠮ ᠢ ᠤᠷᠤᠭᠰᠢ ᠰᠢᠯᠵᠢᠭᠦᠯᠵᠦ᠂ ᠬᠠᠷᠢᠶᠠᠲᠤ | ᠣᠷᠣᠨ ᠤ ᠥᠷᠭᠡᠨ ᠣᠯᠠᠨ ᠠᠵᠤ ᠠᠬᠤᠶᠢᠯᠠᠯ ᠤᠨ ᠨᠤᠲᠠᠯᠠᠯᠲᠠ ᠪᠠ ᠳᠡᠮᠵᠢᠯᠭᠡ ᠶᠢ ᠤᠯᠪᠠ᠃ ᠲᠦᠴᠢᠦᠸᠠᠨ | ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠵᠤ ᠠᠬᠤᠶᠢᠯᠠᠯ ᠳᠤ ︽ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠬᠠᠤᠯᠢ ᠴᠠᠭᠠᠵᠠ ᠶᠢᠨ ᠦᠢᠯᠡᠴᠢᠯᠡᠭᠡ︾ ᠶᠢ ᠬᠦᠷᠳᠡᠭᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢᠨ ᠪᠣᠳᠠᠲᠠᠢ ᠪᠠᠶᠢᠳᠠᠯ ᠢ ᠦᠨᠳᠦᠰᠦᠯᠡᠨ᠂ ᠲᠤᠰᠬᠠᠢ ᠬᠥᠮᠦᠨ ᠵᠢᠭᠠᠨ ᠲᠣᠭᠲᠠᠭᠠᠨ ᠠᠵᠤ | ᠠᠬᠤᠶᠢᠯᠠᠯ ᠲᠠᠢ ᠨᠡᠪᠲᠡᠷᠡᠯᠴᠡᠨ ᠵᠣᠯᠭᠠᠭᠤᠯᠬᠤ ᠶᠢ ᠬᠠᠷᠢᠭᠤᠴᠠᠭᠤᠯᠵᠤ᠂ ᠣᠨᠴᠠᠭᠠᠶᠢᠯᠠᠨ ︽ᠨᠢᠭᠡ ᠨᠢᠭᠡ︾ ᠶᠢᠨ | ᠬᠠᠤᠯᠢ ᠴᠠᠭᠠᠵᠠ ᠶᠢᠨ ᠯᠠᠪᠯᠠᠯᠭ᠎ᠠ ᠥᠭᠬᠦ ᠪᠠᠷ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ | ᠬᠠᠷᠢᠭᠤᠯᠲᠠ ᠥᠭᠴᠦ᠂ ᠬᠠᠨᠳᠤᠯᠭᠠᠲᠤ ᠴᠢᠨᠠᠷᠲᠠᠢ ᠪᠠᠷ ᠦᠨᠡᠯᠡᠨ ᠵᠠᠳᠠᠯᠤᠯᠲᠠ ᠬᠢᠵᠦ᠂ ᠠᠵᠤ ᠠᠬᠤᠶᠢᠯᠠᠯ ᠳᠤ ᠬᠠᠤᠯᠢ | ᠴᠠᠭᠠᠵᠠ ᠶᠢᠨ ᠯᠠᠪᠯᠠᠯᠭ᠎ᠠ ᠪᠣᠯᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠰᠠᠨᠠᠭᠤᠯᠭ᠎ᠠ ᠬᠠᠩᠭᠠᠵᠠᠢ᠃ | ᠬᠡᠷᠡᠭ ᠢ ᠲᠠᠩᠨᠠᠨ ᠢᠯᠡᠷᠡᠭᠦᠯᠬᠦ᠂ ᠦᠢᠯᠡᠴᠢᠯᠡᠭᠡ ᠶᠢ ᠰᠢᠯᠢᠳᠡᠭᠵᠢᠭᠦᠯᠬᠦ ᠠᠴᠠ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠬᠦᠷᠲᠡᠯ᠎ᠡ᠂ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠵᠤ ᠠᠬᠤᠶᠢᠯᠠᠯ ᠤᠨ | ᠲᠣᠭᠲᠠᠭᠤᠨ ᠢᠶᠠᠷ ᠬᠥᠭᠵᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ | ᠣᠷᠴᠢᠨ ᠲᠣᠭᠤᠷᠢᠨ ᠢ ᠪᠤᠢ ᠪᠣᠯᠭᠠᠵᠤ᠂ ᠠᠵᠤ ᠠᠬᠤᠶᠢᠯᠠᠯ ᠤᠨ ᠢᠳᠡᠷᠡᠭᠦᠨ ᠢᠶᠠᠷ ᠦᠰᠦᠨ ᠪᠤᠶᠢᠵᠢᠬᠤ ᠶᠢᠨ ᠪᠠᠲᠤ | ᠪᠠᠬᠢ ᠲᠦᠰᠢᠭ ᠪᠣᠯᠤᠭᠰᠠᠨ ᠪᠠᠶᠢᠨ᠎ᠠ᠃ ᡁᠢ ᠮᠢᠨ ᠬᠤᠨᠭ᠌ ᠮᠸᠢ ᠮᠡᠳᠡᠭᠡᠯᠡᠪᠡ |