| 1 ᠰᠠᠷ᠎ᠠ ᠶᠢᠨ 6 ᠤ ᠡᠳᠦᠷ᠂ ᠬᠢᠩᠭᠠᠨ ᠠᠶᠢᠮᠠᠭ ᠲᠥᠪ ᠤᠨ ᠪᠠᠶᠢᠭᠤᠯᠭ᠎ᠠ ᠠᠴᠠ ᠴᠡᠭ ᠲᠣᠭᠲᠠᠭᠠᠨ | ᠬᠠᠪᠰᠤᠷᠤᠨ ᠲᠡᠳᠬᠦᠬᠦ᠂ ᠪᠦᠯᠬᠦᠮ ᠪᠠᠶᠢᠭᠤᠯᠤᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠬᠠᠮᠵᠢᠯᠴᠠᠨ | ᠬᠠᠪᠰᠤᠷᠤᠨ ᠲᠡᠳᠬᠦᠬᠦ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠳᠤᠪᠴᠢᠶ᠎ᠠ ᠠᠴᠠ ᠬᠠᠪᠰᠤᠷᠤᠨ ᠲᠡᠳᠬᠦᠬᠦ᠂ ︽ | ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ︾ ᠬᠠᠪᠰᠤᠷᠤᠨ ᠲᠡᠳᠬᠦᠬᠦ ᠺᠠᠳ᠋ᠷᠴᠤᠳ ᠤᠨ ᠶᠠᠷᠢᠯᠴᠠᠬᠤ ᠬᠤᠷᠠᠯ ᠢ | ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠬᠤᠷᠠᠯ ᠳᠤ ᠣᠷᠣᠯᠴᠠᠨ ᠶᠠᠷᠢᠶ᠎ᠠ | ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠤᠷᠠᠯ | ᠡᠷᠭᠢᠯᠡᠪᠡ᠃ | ᠬᠤᠷᠠᠯ ᠠᠴᠠ 2024 ᠣᠨ ᠤ ᠡᠯ᠎ᠡ ᠬᠦᠷᠢᠶᠡᠨ ᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ | ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠷᠭ᠎ᠠ ᠬᠡᠮᠵᠢᠶ᠎ᠡ ᠶᠢ ᠵᠠᠷᠯᠠᠨ ᠮᠡᠳᠡᠭᠳᠡᠵᠦ᠂ ᠲᠤᠰᠢᠶᠠᠯ ᠡᠭᠦᠷᠭᠡᠯᠡᠭᠦᠯᠦᠨ | ᠬᠠᠪᠰᠤᠷᠤᠨ ᠳᠡᠳᠭᠦᠬᠦ 6 ᠺᠠᠳ᠋ᠷ᠂ ᠲᠤᠰᠬᠠᠶ ᠮᠡᠷᠭᠡᠵᠢᠯᠲᠡᠨ ᠤ ᠲᠥᠯᠥᠭᠡᠯᠡᠭᠴᠢ ᠲᠤᠬᠠᠶ ᠶᠢᠨ ᠲᠠᠯᠠᠪᠤᠷ ᠲᠤ | ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | ᠰᠦᠬᠡ ᠬᠡᠯᠡᠭᠰᠡᠨ ᠨᠢ᠂ ᠥᠩᠭᠡᠷᠡᠭᠰᠡᠨ ᠨᠢᠭᠡ ᠵᠢᠯ ᠳᠤ ᠡᠯ᠎ᠡ ᠬᠠᠮᠳᠤᠷᠠᠯᠴᠠᠭ᠎ᠠ ᠪᠠᠶᠢᠭᠤᠯᠤᠭᠰᠠᠨ ᠬᠠᠪᠰᠤᠷᠤᠨ | ᠲᠡᠳᠬᠦᠬᠦ ᠭᠠᠵᠠᠷ ᠣᠷᠣᠨ ᠤ ᠰᠠᠯᠠᠭ᠎ᠠ ᠮᠥᠴᠢᠷ ᠪᠣᠯᠤᠨ ᠲᠤᠰᠢᠶᠠᠯ ᠡᠭᠦᠷᠭᠡᠯᠡᠨ ᠬᠠᠪᠰᠤᠷᠤᠨ ᠲᠡᠳᠬᠦᠬᠦ ᠺᠠᠳ᠋ᠷ᠂ | ᠲᠤᠰᠬᠠᠢ ᠮᠡᠷᠭᠡᠵᠢᠯᠲᠡᠨ ︽ᠬᠢᠩᠭᠠᠨ ᠤ ᠬᠡᠷᠡᠭᠴᠡᠭᠡ᠂ ᠤᠯᠠᠨ ᠲᠦᠮᠡᠨ ᠤ ᠬᠦᠰᠡᠯ ᠡᠷᠡᠮᠡᠯᠵᠡᠯ︾ ᠢ ︽ | ᠬᠠᠪᠰᠤᠷᠤᠯᠴᠠᠭ᠎ᠠ ᠪᠠᠶᠢᠭᠤᠯᠤᠭᠰᠠᠨ ᠬᠠᠪᠰᠤᠷᠤᠨ ᠲᠡᠳᠬᠦᠬᠦ ᠭᠠᠵᠠᠷ ᠣᠷᠣᠨ ᠤ ᠰᠠᠯᠠᠭ᠎ᠠ ᠮᠥᠴᠢᠷ ᠤᠨ ᠴᠢᠳᠠᠪᠤᠷᠢᠲᠠᠨ᠂ | ᠲᠤᠰᠢᠶᠠᠯ ᠡᠭᠦᠷᠭᠡᠯᠡᠨ ᠬᠠᠪᠰᠤᠷᠤᠨ ᠲᠡᠳᠬᠦᠬᠦ ᠺᠠᠳ᠋ᠷ ᠵᠢᠴᠢ ᠲᠤᠰᠬᠠᠢ ᠮᠡᠷᠭᠡᠵᠢᠯᠲᠡᠨ︾ ᠲᠠᠢ ᠣᠷᠭᠠᠨᠢᠭ ᠢᠶᠠᠷ | ᠤᠶᠠᠯᠳᠤᠭᠤᠯᠤᠨ ᠪᠦᠲᠦᠮᠵᠢᠲᠡᠢ ᠵᠣᠯᠭᠠᠭᠤᠯᠵᠤ᠂ ᠶᠡᠭᠡ ᠬᠡᠮᠵᠢᠶᠡᠨ ᠤ ᠳᠤᠪᠤᠶᠢᠮ᠎ᠠ ᠦᠷ᠎ᠡ ᠪᠦᠲᠦᠮᠵᠢ ᠲᠠᠢ ᠠᠵᠢᠯ ᠢ | ᠬᠢᠭᠰᠡᠨ ᠪᠠᠶᠢᠨ᠎ᠠ᠃ ᠥᠷᠭᠡᠨ ᠤᠯᠠᠨ ᠲᠤᠰᠢᠶᠠᠯ ᠡᠭᠦᠷᠭᠡᠯᠡᠨ ᠬᠠᠪᠰᠤᠷᠤᠨ ᠲᠡᠳᠬᠦᠬᠦ ᠺᠠᠳ᠋ᠷ ᠪᠣᠯᠤᠨ ᠲᠤᠰᠬᠠᠢ | ᠮᠡᠷᠭᠡᠵᠢᠯᠲᠡᠨ ᠦᠷᠭᠦᠯᠵᠢᠯᠡᠨ ︽ᠬᠢᠩᠭᠠᠨ ᠠᠶᠢᠮᠠᠭ ᠲᠤ ᠳᠤᠰᠢᠶᠠᠯ ᠡᠭᠦᠷᠭᠡᠯᠡᠵᠤ᠂ ᠬᠢᠩᠭᠠᠨ ᠠᠶᠢᠮᠠᠭ ᠢ ᠬᠠᠶᠢᠷᠠᠯᠠᠵᠤ᠂ | ᠬᠢᠩᠭᠠᠨ ᠠᠶᠢᠮᠠᠭ ᠤᠨ ᠲᠥᠯᠥᠭᠡ ᠵᠢᠳᠬᠦᠬᠦ︾ ᠰᠡᠳᠭᠢᠯᠭᠡ ᠪᠠᠷ ︽ᠬᠢᠩᠭᠠᠨ ᠠᠶᠢᠮᠠᠭ ᠪᠣᠯ ᠪᠢᠳᠡᠨ ᠤ ᠬᠠᠮᠲᠤ ᠶᠢᠨ | ᠭᠡᠷ ᠪᠦᠯᠢ ᠮᠥᠨ︾ ᠭᠡᠬᠦ ᠰᠡᠳᠭᠢᠯᠭᠡ ᠪᠠᠷ ᠲᠠᠪᠤᠨ ᠶᠡᠭᠡ ᠡᠭᠦᠷᠭᠡ ᠶᠢ ᠠᠬᠢᠭᠤᠯᠬᠤ᠂ ᠵᠢᠷᠭᠤᠭᠠᠨ ᠢᠨᠵᠧᠨᠧᠷᠢᠩ ᠢ | ᠬᠡᠷᠡᠭᠵᠢᠭᠦᠯᠬᠦ᠂ ᠵᠢᠷᠭᠤᠭᠠᠨ ᠠᠵᠢᠯᠯᠠᠭ᠎ᠠ ᠥᠷᠨᠢᠭᠦᠯᠬᠦ ᠵᠡᠷᠭᠡ ᠭᠤᠣᠯ ᠠᠵᠢᠯ ᠪᠣᠯᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠬᠥᠳᠡᠭᠡ ᠲᠣᠰᠬᠤᠨ ᠤ ᠲᠠᠪᠤᠨ ᠶᠡᠭᠡ | ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠦᠷᠦᠭᠦᠴᠢ᠂ ᠣᠷᠣᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ | ᠬᠤᠯᠪᠣᠭᠠᠴᠢᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠲᠠᠭᠠᠭᠤᠯᠤᠬᠴᠢ ᠪᠤᠯᠵᠤ | ᠬᠢᠩᠭᠠᠨ ᠠᠶᠢᠮᠠᠭ ᠤᠨ ᠡᠯ᠎ᠡ ᠲᠥᠷᠥᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠨᠡᠩ ᠤᠯᠠᠨ | ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤᠰᠢᠶᠠᠯ ᠡᠭᠦᠷᠭᠡᠯᠡᠨ ᠬᠠᠪᠰᠤᠷᠤᠨ ᠲᠡᠳᠬᠦᠬᠦ ᠺᠠᠳ᠋ᠷ ᠪᠠ ᠲᠤᠰᠬᠠᠢ ᠮᠡᠷᠭᠡᠵᠢᠯᠲᠡᠨ ᠢ ᠬᠠᠯᠠᠮᠵᠢᠯᠠᠨ | ᠬᠠᠶᠢᠷᠠᠯᠠᠵᠤ᠂ ᠦᠢᠯᠡᠴᠢᠯᠡᠭᠡ ᠶᠢ ᠨᠠᠷᠢᠨ ᠨᠢᠮᠪᠠᠢ ᠰᠠᠶᠢᠲᠤᠷ ᠬᠢᠵᠦ᠂ ᠪᠠᠲᠤᠯᠠᠭ᠎ᠠ ᠬᠠᠩᠭᠠᠵᠤ᠂ ᠥᠷᠭᠡᠨ ᠤᠯᠠᠨ | ᠲᠤᠰᠢᠶᠠᠯ ᠡᠭᠦᠷᠭᠡᠯᠡᠨ ᠬᠠᠪᠰᠤᠷᠤᠨ ᠲᠡᠳᠬᠦᠬᠦ ᠺᠠᠳ᠋ᠷ ᠪᠠ ᠲᠤᠰᠬᠠᠢ ᠮᠡᠷᠭᠡᠵᠢᠯᠲᠡᠨ ᠳᠤ ᠨᠡᠩ ᠤᠯᠠᠨ ᠬᠦᠷᠲᠡᠮᠵᠢ ᠶᠢᠨ | ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠬᠠᠷᠢᠶᠠᠯᠠᠭᠳᠠᠬᠤ ᠲᠦᠷᠦᠭᠳᠡᠯ ᠲᠠᠢ ᠪᠣᠯᠭᠠᠬᠤ ᠬᠡᠷᠡᠭᠲᠡᠢ ᠭᠡᠪᠡ᠃ | ᠠᠶᠢᠮᠠᠭ ᠤᠨ ᠤᠳᠤᠷᠢᠳᠤᠯᠭ᠎ᠠ ᠹᠧᠩ ᠠᠶ ᠰᠢᠶᠠ᠂ ᠬᠤᠸᠠᠩ ᠳᠤᠤ᠂ ᠴᠧᠨ ᠵᠢᠩ ᠬᠤᠸᠠ᠂ ᠬᠥ᠋ ᠯᠢ ᠮᠢᠨ | ᠪᠣᠯᠤᠨ ᠲᠤᠰᠢᠶᠠᠯ ᠡᠭᠦᠷᠭᠡᠯᠡᠨ ᠬᠠᠪᠰᠤᠷᠤᠨ ᠲᠡᠳᠬᠦᠬᠦ ᠺᠠᠳ᠋ᠷ᠂ ᠲᠤᠰᠬᠠᠶ ᠮᠡᠷᠭᠡᠵᠢᠯᠲᠡᠨ ᠬᠤᠷᠠᠯ ᠳᠤ ᠣᠷᠣᠯᠴᠠᠪᠠ᠃ | ︵ᠬᠠᠨ ᠸᠧᠨ ᠪᠢᠨ︶ |