ᠤᠯᠠᠭᠠᠨᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠣᠷᠴᠢᠨ ᠠᠬᠤᠢ ᠶᠢᠨ ᠠᠷᠢᠭᠤᠨ ᠴᠡᠪᠡᠷ ᠢ ᠬᠠᠮᠠᠭᠠᠯᠠᠭᠴᠢ ᠠᠵᠢᠯᠴᠢᠨ ᠳᠤ ᠰᠦᠢᠳᠬᠡᠯ ᠬᠤᠷᠢᠶᠠᠬᠤ ᠥᠬᠡᠶ ᠪᠡᠶ᠎ᠡ ᠶᠢᠨ ᠪᠠᠶᠢᠴᠠᠭᠠᠯᠲᠠ ᠬᠢᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/9
       ᠣᠷᠴᠢᠨ ᠠᠬᠤᠢ ᠶᠢᠨ ᠠᠷᠢᠭᠤᠨ ᠴᠡᠪᠡᠷ ᠢ ᠬᠠᠮᠠᠭᠠᠯᠠᠭᠴᠢ ᠠᠵᠢᠯᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠵᠦ᠂ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ 2024 ᠣᠨ ᠤ 12 ᠰᠠᠷ᠎ᠠ ᠶᠢᠨ 30 ᠤ ᠡᠳᠦᠷ ᠠᠴᠠ 2025 ᠣᠨ ᠤ 1 ᠰᠠᠷ᠎ᠠ ᠶᠢᠨ 2 ᠤᠨ ᠡᠳᠦᠷ ᠪᠣᠯᠲᠠᠯ᠎ᠠ᠂ ᠤᠯᠠᠭᠠᠨᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠯᠠᠭᠠᠨᠬᠤᠲᠠ ᠶᠢᠨ ᠯᠢᠦᠶ ᠵᠢᠶᠧ ᠾᠧᠩ ᠵᠢᠩ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠦᠢᠯᠡᠴᠢᠯᠡᠭᠡᠨ ᠤ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ 200 ᠣᠷᠴᠢᠨ ᠠᠬᠤᠢ ᠶᠢᠨ ᠠᠷᠢᠭᠤᠨ ᠴᠡᠪᠡᠷ ᠢ ᠬᠠᠮᠠᠭᠠᠯᠠᠭᠴᠢ ᠠᠵᠢᠯᠴᠢᠨ ᠳᠤ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 10 ᠲᠦᠮᠡᠨ ᠲᠥᠭᠦᠷᠢᠭ ᠤᠨ ᠪᠠᠯᠠ ᠣᠷᠣᠭᠤᠯᠵᠠᠶ᠃       ᠲᠣᠰ ᠤᠳᠠᠭᠠᠨ ᠤ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠣᠯᠠᠨ ᠪᠥᠭᠡᠳ ᠬᠠᠨᠳᠤᠯᠭᠠᠲᠤ ᠴᠢᠨᠠᠷ ᠢᠶᠠᠷ ᠴᠢᠩᠭ᠎ᠠ᠂ ᠡᠭᠦᠨ ᠳᠤ ᠬᠡᠪ ᠤᠨ ᠪᠠᠶᠢᠴᠠᠭᠠᠯᠲᠠ᠂ ᠬᠡᠪᠡᠯᠢ ᠶᠢᠨ ᠬᠡᠰᠡᠭ ᠤᠨ ᠥᠩᠭᠡᠲᠦ ᠬᠡᠲᠦ ᠳᠣᠯᠭᠢᠶᠠᠨ᠂ ᠴᠡᠭᠡᠵᠢᠨ ᠤ ᠰᠡᠭᠦᠳᠡᠷ᠂ ᠴᠢᠰᠤ ᠪᠠᠶᠢᠴᠠᠭᠠᠬᠤ ᠵᠤᠷᠰᠢᠯ ᠵᠡᠷᠭᠡ ᠪᠠᠭᠲᠠᠨ᠎ᠠ᠃ ᠣᠷᠴᠢᠨ ᠠᠬᠤᠢ ᠶᠢᠨ ᠠᠷᠢᠭᠤᠨ ᠴᠡᠪᠡᠷ ᠢ ᠬᠠᠮᠠᠭᠠᠯᠠᠭᠴᠢ ᠠᠵᠢᠯᠴᠢᠨ ᠤ ᠡᠪᠡᠳᠴᠢᠨ ᠡᠮᠭᠡᠭ ᠢ ︽ᠡᠷᠲᠡ ᠰᠡᠷᠭᠡᠶᠢᠯᠡᠬᠦ᠂ ᠡᠷᠲᠡ ᠣᠶᠢᠯᠠᠭᠠᠬᠤ᠂ ᠡᠷᠲᠡ ᠡᠮᠴᠢᠯᠡᠨ ᠵᠠᠰᠠᠬᠤ︾ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠦᠨᠡᠨ ᠬᠦ ᠳᠡᠭᠡᠭᠰᠢᠯᠡᠭᠦᠯᠵᠦ᠂ ᠣᠷᠴᠢᠨ ᠠᠬᠤᠢ  ᠶᠢᠨ ᠠᠷᠢᠭᠤᠨ ᠴᠡᠪᠡᠷ ᠢ ᠬᠠᠮᠠᠭᠠᠯᠠᠭᠴᠢ ᠠᠵᠢᠯᠴᠢᠨ ᠤ ᠡᠷᠡᠭᠦᠯ ᠮᠡᠨᠳᠦ ᠶᠢᠨ ᠪᠠᠶᠢᠳᠠᠯ ᠳᠤ ᠰᠡᠷᠭᠡᠶᠢᠯᠡᠨ ᠬᠠᠮᠠᠭᠠᠯᠠᠬᠤ ᠲᠣᠤᠷ ᠢ ᠲᠠᠲᠠᠵᠠᠢ᠃
640.png
       ᠪᠡᠶ᠎ᠡ ᠶᠢᠨ ᠪᠠᠶᠢᠴᠠᠭᠠᠯᠲᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠭ᠎ᠠ ᠡᠮᠬᠢ ᠵᠢᠷᠤᠮ ᠲᠠᠢ ᠶᠠᠪᠤᠭᠳᠠᠵᠤ᠂ ᠡᠮᠨᠡᠯᠭᠡ ᠶᠢᠨ ᠠᠵᠢᠯᠲᠠᠳ ᠪᠡᠶ᠎ᠡ ᠶᠢᠨ ᠪᠠᠶᠢᠴᠠᠭᠠᠯᠲᠠ ᠬᠢᠬᠦ ᠪᠠᠷ ᠢᠷᠡᠭᠰᠡᠨ ᠣᠷᠴᠢᠨ ᠠᠬᠤᠢ ᠶᠢᠨ ᠠᠷᠢᠭᠤᠨ ᠴᠡᠪᠡᠷ ᠢ ᠬᠠᠮᠠᠭᠠᠯᠠᠭᠴᠢ ᠠᠵᠢᠯᠴᠢᠨ ᠨᠢᠭᠡᠪᠦᠷᠢ ᠳᠤ ᠪᠡᠶ᠎ᠡ ᠶᠢᠨ ᠪᠠᠶᠢᠴᠠᠭᠠᠯᠲᠠ ᠶᠢᠨ ᠨᠠᠷᠢᠨ ᠲᠣᠳᠣᠷᠬᠠᠶ ᠵᠢᠯᠣᠭᠤᠳᠣᠯᠭ᠎ᠠ ᠶᠢ ᠬᠠᠩᠭᠠᠵᠤ᠂ ᠬᠦᠯᠢᠴᠡᠩᠭᠦᠶ ᠪᠠᠷ ᠦᠢᠯᠡᠴᠢᠯᠡᠭᠡ ᠨᠢ ᠣᠷᠴᠢᠨ ᠠᠬᠤᠢ ᠶᠢᠨ ᠠᠷᠢᠭᠤᠨ ᠴᠡᠪᠡᠷ ᠢ ᠬᠠᠮᠠᠭᠠᠯᠠᠭᠴᠢ ᠠᠵᠢᠯᠴᠢᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠣᠯᠠᠨ ᠢᠶᠠᠷ ᠢᠶᠠᠨ᠂ ᠬᠤᠶᠢᠰᠢᠳᠠ ᠨᠠᠩ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠲᠤᠬᠠᠶᠢᠯᠠᠭᠰᠠᠨ ᠠᠵᠢᠯ ᠢᠶᠠᠨ ᠦᠷᠭᠦᠯᠵᠢᠯᠡᠨ ᠰᠠᠶᠢᠲᠤᠷ ᠬᠢᠵᠦ᠂ ᠬᠤᠲᠠ ᠶᠢᠨ ᠣᠷᠴᠢᠨ ᠲᠣᠭᠤᠷᠢᠨ ᠢ ᠨᠠᠩ ᠴᠡᠪᠡᠷ ᠲᠡᠭᠰᠢ ᠪᠣᠯᠭᠠᠨ᠎ᠠ ᠭᠡᠵᠦ ᠢᠯᠡᠳᠬᠡᠵᠡᠭᠡᠪᠡ᠃
640 (1).png
       ᠲᠠᠷᠠᠭᠠᠴᠢ ᠶᠢᠨ ᠠᠯᠬᠤᠮ ᠳᠤ᠂ ᠤᠯᠠᠭᠠᠨᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠣᠷᠴᠢᠨ ᠠᠬᠤᠢ ᠶᠢᠨ ᠠᠷᠢᠭᠤᠨ ᠴᠡᠪᠡᠷ ᠢ ᠬᠠᠮᠠᠭᠠᠯᠠᠭᠴᠢ ᠠᠵᠢᠯᠴᠢᠨ ᠵᠡᠷᠭᠡ ᠭᠤᠤᠯᠳᠠᠯᠭ᠎ᠠ ᠲᠠᠢ ᠬᠥᠮᠦᠰ ᠤᠨ ᠡᠷᠬᠡ ᠠᠰᠢᠭ ᠢ ᠪᠠᠲᠤᠯᠠᠬᠤ ᠠᠵᠢᠯ ᠢ ᠦᠷᠭᠦᠯᠵᠢᠯᠡᠨ ᠠᠩᠬᠠᠷᠴᠤ᠂ ᠨᠠᠩ ᠣᠯᠠᠨ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠠᠵᠢᠯᠲᠠᠨ ᠠᠵᠢᠯᠴᠢᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号