| 2 ᠰᠠᠷ᠎ᠠ ᠶᠢᠨ 7 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ | ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠶ ᠫᠧᠩ᠂ ᠱᠦᠵᠢ ᠨᠠᠷ ᠤᠨ ᠲᠤᠰᠬᠠᠶ ᠰᠡᠳᠦᠪᠲᠦ | ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠮᠠ ᠮᠧᠩ᠂ ᠭᠤᠸᠠᠨ ᠹᠧᠩ᠂ ᠯᠢᠦ ᠶᠢᠨ | ᠪᠥᠸᠧ᠂ ᠸᠠᠩ ᠮᠢᠩ ᠶᠠᠩ᠂ ᠪᠦᠦ ᠭᠦᠸᠧ ᠵᠥᠩ᠂ ᠯᠢ ᠶᠢᠩ ᠺᠦᠨ᠂ ᠵᠠᠩ ᠵᠢᠩ ᠵᠢᠩ᠂ ᠼᠦᠢ ᠶᠠᠨ ᠪᠥᠸᠧ᠂ | ᠸᠠᠩ ᠶᠦᠨ ᠯᠢᠩ ᠵᠢᠴᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠵᠠᠶ᠃ | ᠬᠤᠷᠠᠯ ᠠᠴᠠ ᠤᠯᠠᠭᠠᠨᠬᠤᠲᠠ ᠶᠢᠨ ︽ᠵᠢᠷᠭᠤᠭᠠᠨ ᠠᠵᠢᠯᠯᠠᠭ᠎ᠠ︾ ᠶᠢ ᠬᠡᠷᠡᠭᠵᠢᠭᠦᠯᠬᠦ ᠲᠥᠰᠦᠯ ᠢ ᠲᠤᠭᠤᠷᠪᠢᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ | ᠪᠠᠶᠢᠷᠢᠯᠠᠭᠤᠯᠪᠠ᠃ | ᠬᠤᠷᠠᠯ ᠠᠴᠠ᠂ ᠪᠥᠬᠦ ᠬᠤᠲᠠ ᠪᠠᠷ ᠢᠶᠠᠨ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠪᠥᠬᠦ | ᠠᠶᠢᠮᠠᠭ ᠤᠨ ︽ᠵᠢᠷᠭᠤᠭᠠᠨ ᠠᠵᠢᠯᠯᠠᠭ᠎ᠠ︾ ᠶᠢ ᠪᠠᠶᠢᠷᠢᠯᠠᠭᠤᠯᠤᠨ ᠠᠬᠢᠭᠤᠯᠬᠤ ᠬᠤᠷᠠᠯ ᠤᠨ ᠱᠠᠭᠠᠷᠳᠠᠯᠭ᠎ᠠ ᠶᠢ ᠨᠠᠷᠢᠨ | ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ ᠤᠨ ᠲᠥᠰᠦᠯ ᠢᠶᠠᠨ ᠤᠯᠠᠮ ᠨᠢᠭᠡ ᠠᠯᠬᠤᠮ ᠨᠠᠷᠢᠯᠢᠬᠵᠢᠭᠤᠯᠤᠨ | ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ ᠪᠠᠨ ᠪᠦᠷᠢᠨᠰᠢᠬᠦᠯᠦᠨ᠂ ᠴᠠᠭ ᠬᠤᠭᠤᠴᠠᠭ᠎ᠠ᠂ ᠬᠠᠷᠢᠭᠤᠴᠠᠯᠭᠠᠲᠤ | ᠰᠠᠯᠠᠭ᠎ᠠ ᠮᠥᠴᠢᠷ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠠᠷᠢᠯᠢᠬᠵᠢᠭᠤᠯᠤᠨ᠂ ︽ | ᠵᠢᠷᠭᠤᠭᠠᠨ ᠠᠵᠢᠯᠯᠠᠭ᠎ᠠ︾ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠴᠢᠬᠤᠯᠠ ᠶᠡᠭᠡ | ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠨᠢ ᠠᠵᠤ ᠠᠬᠤᠢ ᠶᠢᠨ ᠨᠡᠮᠡᠭᠳᠡᠯ ᠤᠨ ᠬᠥᠳᠡᠯᠭᠡᠬᠦ ᠬᠦᠴᠦᠨ ᠢ | ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠣᠯᠤᠨ ᠪᠡᠯᠡ ᠮᠥᠩᠭᠦᠨ ᠤ ᠣᠷᠣᠭᠤᠯᠤᠯᠲᠠ ᠶᠢᠨ | ᠬᠠᠨᠳᠤᠰᠢ ᠶᠢ ᠴᠢᠩᠭ᠎ᠠ ᠠᠩᠬᠠᠷᠴᠤ᠂ ᠠᠵᠤ ᠦᠢᠯᠡᠰ ᠤᠨ ᠰᠠᠭᠤᠷᠢ ᠪᠣᠯᠤᠨ ᠬᠥᠭᠵᠢᠯᠲᠡ ᠶᠢᠨ ᠬᠡᠷᠡᠭᠴᠡᠭᠡ ᠳᠤ | ᠰᠠᠭᠤᠷᠢᠯᠠᠵᠤ᠂ ᠨᠢᠭᠡ ᠪᠦᠯᠦᠭ ᠳᠠᠶᠢᠴᠢᠯᠠᠬᠤ ᠴᠢᠨᠠᠷᠲᠠᠢ᠂ ᠳᠠᠶᠢᠴᠢᠯᠠᠬᠤ ᠴᠢᠨᠠᠷ ᠢᠶᠠᠷ ᠴᠢᠩᠭ᠎ᠠ ᠴᠢᠬᠤᠯᠠ ᠶᠡᠭᠡ | ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ᠂ ᠵᠠᠮ | ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠲᠦᠷᠭᠡᠨ | ᠠᠬᠢᠭᠤᠯᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠨᠡᠩ ᠵᠦᠢ ᠵᠣᠬᠢᠰᠲᠠᠢ᠂ ᠬᠥᠭᠵᠢᠯᠲᠡ ᠶᠢᠨ ᠬᠥᠳᠡᠯᠭᠡᠬᠦ | ᠬᠦᠴᠦᠨ ᠤ ᠨᠡᠩ ᠬᠦᠴᠦᠷᠬᠡᠭ ᠪᠠᠶᠢᠬᠤ ᠶᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠨᠢ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ | ᠵᠠᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠠᠵᠤ ᠠᠬᠤᠶᠢᠯᠠᠯ ᠳᠤ ᠠᠰᠢᠭ | ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠢᠨᠠᠨ ᠵᠥᠪᠰᠢᠶᠡᠷᠡᠬᠦ | ᠦᠢᠯᠡᠴᠢᠯᠡᠭᠡ ᠶᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠵᠤ᠂ ᠠᠵᠤ | ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ᠃ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯᠲᠠᠨ ᠡᠯᠰᠡᠬᠦ ᠠᠷᠭ᠎ᠠ ᠵᠠᠮ ᠢ ᠥᠷᠭᠡᠳᠬᠡᠬᠦ᠂ ᠤᠷ᠎ᠠ | ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠬᠤ᠂ ᠭᠤᠤᠯᠳᠠᠯᠭ᠎ᠠ ᠲᠠᠢ ᠬᠠᠮᠲᠤᠯᠢᠭ ᠢ ᠪᠠᠲᠤᠯᠠᠬᠤ ᠵᠡᠷᠭᠡ ᠲᠠᠯ᠎ᠠ ᠪᠠᠷ | ᠲᠥᠪᠯᠡᠷᠡᠭᠦᠯᠦᠨ ᠬᠦᠴᠦᠯᠡᠵᠦ᠂ ︽ᠬᠥᠮᠦᠨ ᠪᠠᠶᠢᠭᠠᠳ ᠬᠢᠬᠦ ᠠᠵᠢᠯ ᠥᠬᠡᠶ︾ ᠪᠠ ︽ᠠᠵᠢᠯ ᠪᠠᠶᠢᠭᠠᠳ ᠬᠢᠬᠦ | ᠬᠥᠮᠦᠨ ᠥᠬᠡᠶ︾ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠬᠦ ᠬᠡᠷᠡᠭᠲᠡᠶ᠃ ᠤᠰᠤ | ᠠᠷᠪᠢᠯᠠᠬᠤ ᠠᠵᠢᠯᠯᠠᠭ᠎ᠠ ᠶᠢ ᠦᠨᠡᠨ ᠬᠦ ᠥᠷᠨᠢᠭᠦᠯᠵᠦ᠂ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ᠂ ᠠᠵᠤ | ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠤᠰᠤ ᠶᠢ ᠠᠷᠪᠢᠯᠠᠨ ᠬᠡᠷᠡᠭᠯᠡᠬᠦ ᠶᠢ ᠶᠡᠭᠡ ᠪᠠᠷ ᠠᠬᠢᠭᠤᠯᠵᠤ᠂ ᠤᠰᠤᠨ ᠤ ᠡᠬᠢ ᠪᠠᠶᠠᠯᠢᠭ ᠢ ᠠᠰᠢᠭᠯᠠᠬᠤ | ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠪᠠᠷ ᠳᠣᠲᠣᠭᠠᠳᠤ ᠭᠠᠳᠠᠭᠠᠳᠤ | ᠨᠡᠭᠡᠭᠡᠯᠲᠡ ᠶᠢ ᠥᠷᠭᠡᠳᠬᠡᠵᠦ᠂ ᠪᠥᠬᠦ ᠠᠶᠢᠮᠠᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠧᠶ᠂ ᠵᠡᠭᠦᠨ ᠬᠤᠶᠢᠲᠤ ᠶᠢᠨ ᠭᠤᠷᠪᠠᠨ | ᠮᠤᠵᠢ ᠵᠡᠷᠭᠡ ᠭᠠᠵᠠᠷ ᠣᠷᠣᠨ ᠯᠤᠭ᠎ᠠ ᠶᠢᠨ ᠵᠣᠯᠭᠠᠯᠴᠠᠭ᠎ᠠ ᠬᠠᠮᠲᠤᠷᠠᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ | ᠴᠢᠩᠭᠠᠳᠬᠠᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠦᠴᠦᠨ ᠵᠦᠢᠯ ᠢ ᠬᠠᠷᠢᠯᠴᠠᠨ ᠨᠥᠬᠦᠪᠥᠷᠢᠯᠡᠬᠦ᠂ | ᠳᠠᠪᠠᠭᠤᠯᠢᠭ ᠳᠠᠪᠬᠤᠷᠳᠠᠬᠤ ᠶᠢ ᠠᠬᠢᠭᠤᠯᠬᠤ ᠬᠡᠷᠡᠭᠲᠡᠶ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠲᠤᠰ ᠭᠠᠵᠠᠷ ᠣᠷᠣᠨ ᠤ ᠪᠠᠨ ᠰᠣᠶᠣᠯ ᠤᠨ ᠡᠬᠢ | ᠪᠠᠶᠠᠯᠢᠭ ᠢ ᠭᠦᠨᠵᠡᠭᠡᠢ ᠠᠭᠤᠳᠠᠯᠵᠤ᠂ ᠰᠣᠶᠣᠯ ᠪᠣᠯᠤᠨ ᠵᠤᠭᠠᠴᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ | ᠤᠨᠴᠠᠯᠢᠬᠳᠤ ᠰᠣᠶᠣᠯ ᠤᠨ ᠲᠦᠷᠦᠯ ᠲᠡᠮᠳᠡᠭ ᠢ ᠡᠭᠦᠳᠴᠦ᠂ ᠰᠣᠶᠣᠯ ᠵᠤᠭᠠᠴᠠᠯ ᠤᠨ ᠠᠵᠤ ᠦᠢᠯᠡᠰ ᠤᠨ | ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ᠃ ᠡᠯ᠎ᠡ | ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠠᠵᠢᠯ ᠤᠨ ᠠᠷᠭ᠎ᠠ ᠬᠡᠮᠵᠢᠶ᠎ᠡ ᠪᠠᠨ ᠪᠠᠲᠤᠳᠬᠠᠵᠤ᠂ ᠦᠳᠲᠡᠷ | ᠲᠦᠷᠭᠡᠨ ᠬᠥᠳᠡᠯᠦᠯᠴᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠢᠯᠠᠰ ᠴᠡᠭ ᠢ ᠡᠭᠦᠳᠴᠦ᠂ | ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠣᠯᠬᠤ ᠨᠡᠶᠢᠲᠡᠯᠢᠭ ᠲᠤᠷᠰᠢᠯᠭ᠎ᠠ ᠶᠢ ᠪᠦᠷᠢᠯᠳᠦᠭᠦᠯᠬᠦ ᠬᠡᠷᠡᠭᠲᠡᠢ ᠭᠡᠵᠤ | ᠴᠢᠬᠤᠯᠠᠴᠢᠯᠠᠪᠠ᠃ | |