| 2 ᠰᠠᠷ᠎ᠠ ᠶᠢᠨ 7 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ | ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 109 ᠳ᠋ᠦ᠋ᠭᠡᠷ ᠤᠳᠠᠭᠠᠨ ᠤ ᠬᠤᠷᠠᠯ | ᠬᠤᠷᠠᠯᠳᠤᠭᠤᠯᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠤᠯᠠᠭᠠᠨᠬᠤᠲᠠ ᠶᠢᠨ | ᠨᠠᠮ ᠤᠨ ᠬᠤᠷᠢᠶᠠᠨ ᠤ ᠱᠦᠵᠢ ᠶᠠᠩ ᠵᠢᠶ ᠫᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠠᠴᠠ᠂ ᠪᠦᠬᠦ ᠬᠤᠳᠠ ᠪᠠᠷ ᠢᠶᠠᠨ ︽ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ | ︾ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠪᠠᠶᠠᠨᠴᠠᠭᠠᠨ ᠠᠭᠤᠯᠠ ᠶᠢᠨ ᠶᠡᠭᠡ ᠦᠵᠡᠮᠵᠢ ᠶᠢᠨ ᠣᠷᠣᠨ ᠢ ᠢᠳᠡᠪᠬᠢᠲᠡᠢ ᠡᠭᠦᠳᠴᠦ᠂ ᠲᠦᠬᠦᠭᠡᠷᠦᠮᠵᠢᠲᠦ | ᠲᠠᠷᠢᠶᠠᠯᠠᠩ ᠢ ᠶᠡᠬᠡᠪᠡᠷ ᠬᠥᠭᠵᠢᠭᠦᠯᠵᠦ᠂ ︽ᠨᠤᠲᠤᠭ ᠤᠨ ᠣᠨᠴᠠ ᠭᠠᠷᠤᠯᠲᠠ︾ ᠶᠢᠨ ᠲᠦᠷᠦᠯ ᠲᠡᠮᠳᠡᠭ ᠢ | ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠦᠨ ᠠᠵᠢᠯ ᠣᠯᠭᠤᠬᠤ ᠠᠷᠭ᠎ᠠ ᠵᠠᠮ ᠢ ᠥᠷᠭᠡᠳᠬᠡᠵᠦ᠂ ᠬᠤᠳᠠ ᠬᠥᠳᠡᠭᠡ ᠶᠢᠨ ᠠᠭᠤᠰᠤᠯᠴᠠᠨ | ᠬᠥᠭᠵᠢᠬᠦ ᠶᠢ ᠰᠢᠨᠡᠴᠢᠯᠡᠨ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠢ᠃ | ᠬᠤᠷᠠᠯ ᠠᠴᠠ᠂ ᠬᠢᠨᠠᠨ ᠪᠤᠳᠤᠬᠤ ᠪᠣᠯ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ | ᠪᠦᠷᠢᠯᠳᠦᠬᠦᠨ ᠬᠡᠰᠡᠭ ᠮᠥᠨ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠴᠢᠬᠤᠯᠠ ᠬᠦᠴᠦᠨ ᠮᠥᠨ᠂ ᠬᠢᠨᠠᠨ ᠪᠤᠳᠤᠬᠤ ᠠᠵᠢᠯ ᠢ ᠰᠠᠶᠢᠲᠤᠷ ᠬᠢᠬᠦ ᠨᠢ | ᠴᠢᠬᠤᠯᠠ ᠶᠡᠭᠡ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠃ ᠬᠢᠨᠠᠨ ᠪᠤᠳᠤᠬᠤ ᠪᠠᠶᠢᠭᠤᠯᠭ᠎ᠠ | ᠬᠢᠨᠠᠨ ᠪᠤᠳᠤᠬᠤ ᠬᠢᠨᠠᠯᠲᠠ ᠲᠠᠯᠪᠢᠬᠤ ᠤᠯᠤᠰ ᠲᠥᠷᠥᠴᠢ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ | ᠲᠣᠬᠢᠷᠠᠭᠤᠯᠤᠯᠲᠠ ᠲᠠᠢ ᠨᠢᠭᠲᠠ ᠤᠶᠠᠯᠳᠤᠭᠤᠯᠤᠨ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ | ᠂ ︽ᠵᠢᠷᠭᠤᠭᠠᠨ ᠠᠵᠢᠯᠯᠠᠭ᠎ᠠ︾ ᠳᠤ ᠦᠢᠯᠡᠴᠢᠯᠡᠬᠦ ᠬᠦᠴᠦᠯᠡᠬᠦ ᠴᠡᠭ ᠪᠠ ᠭᠠᠷᠳᠠᠬᠤ ᠴᠡᠭ ᠢᠶᠠᠨ ᠣᠨᠣᠪᠴᠢᠲᠠᠶ ᠣᠯᠵᠤ | ᠂ ᠬᠢᠨᠠᠨ ᠪᠤᠳᠤᠬᠤ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ | ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠬᠦ ᠶᠢ | ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠵᠢ᠃ | ᠬᠤᠷᠠᠯ ᠠᠴᠠ᠂ ︽ᠬᠤᠶᠠᠷ ᠬᠤᠷᠠᠯ︾ ᠪᠣᠯ ᠪᠥᠬᠦ ᠬᠤᠲᠠ ᠶᠢᠨ ᠠᠷᠠᠳ ᠲᠦᠮᠡᠨ ᠤ ᠤᠯᠤᠰ ᠲᠥᠷᠥ ᠶᠢᠨ | ᠠᠮᠢᠳᠤᠷᠠᠯ ᠳᠠᠬᠢ ᠨᠢᠭᠡᠨ ᠲᠣᠮᠣ ᠶᠠᠪᠤᠳᠠᠯ ᠮᠥᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠦᠵᠡᠯ | ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠡᠪᠲᠡᠷᠡᠯᠴᠡᠨ | ᠬᠠᠮᠲᠤᠷᠠᠯᠴᠠᠬᠤ ᠪᠠᠨ ᠴᠢᠩᠭᠠᠳᠬᠠᠨ᠂ ᠨᠢᠭᠡᠳᠦᠯᠲᠡᠶ ᠲᠥᠯᠥᠪᠯᠡᠨ ᠵᠣᠯᠭᠠᠭᠤᠯᠤᠨ ᠳᠣᠭᠢᠷᠠᠭᠤᠯᠵᠤ᠂ ᠬᠤᠷᠠᠯ ᠤᠨ ᠡᠯ᠎ᠡ | ᠵᠦᠢᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠷᠠᠯ ᠤᠨ ᠤᠷᠤᠭᠰᠢᠲᠠᠶ | ᠬᠤᠷᠠᠯᠳᠤᠬᠤ᠂ ᠲᠡᠭᠦᠰ ᠠᠮᠵᠢᠯᠲᠠ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠵᠢ᠃ | ᠬᠤᠷᠠᠯ ᠠᠴᠠ ᠪᠠᠰᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽2025 ᠣᠨ ᠤ ᠵᠠᠰᠠᠭ ᠤᠨ ᠣᠷᠳᠣᠨ ᠤ ᠠᠵᠢᠯ ᠤᠨ | ᠮᠡᠳᠡᠭᠦᠯᠦᠯᠲᠡ︾᠂ ︽ᠤᠯᠠᠭᠠᠨᠬᠤᠲᠠ ᠶᠢᠨ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶ ᠶᠢᠨ ᠮᠡᠳᠡᠭᠦᠯᠦᠯᠲᠡ︾ ᠵᠢᠴᠢ | ᠤᠯᠠᠭᠠᠨᠬᠤᠲᠠ ᠶᠢᠨ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ ᠪᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ ᠪᠠ 2025 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠢᠨᠠᠨ ᠵᠥᠪᠯᠡᠵᠦ ᠪᠠᠲᠤᠯᠠᠪᠠ᠃ |