| 2 ᠰᠠᠷ᠎ᠠ ᠶᠢᠨ 10 ᠤ ᠡᠳᠦᠷ᠂ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠨᠢᠭᠡᠳᠦᠭᠡᠷ ᠤᠳᠠᠭᠠᠨ ᠤ ᠬᠤᠷᠠᠯ | ᠬᠤᠷᠠᠯᠳᠤᠭᠤᠯᠪᠠ᠃ | ᠤᠯᠠᠭᠠᠨᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠯᠢ ᠱᠢ ᠬᠠᠶ ᠬᠤᠷᠠᠯ ᠢ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠳ᠋ᠢᠶᠠᠨ᠂ ᠯᠦᠸᠧ ᠶᠠᠨ ᠬᠤᠩ᠂ ᠵᠢᠶᠠᠩ ᠬᠤᠩ ᠵᠢᠶᠦ᠋ᠨ ᠵᠢᠴᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠬᠤᠷᠠᠯ ᠳᠤ | ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ ᠶᠢᠨ ᠵᠢᠱᠢᠭᠳᠡᠭᠴᠢ ᠪᠠᠷ ᠨᠡᠷ᠎ᠠ ᠲᠤᠷᠠᠳᠤᠭᠰᠠᠨ ᠵᠠᠩ ᠴᠢᠤᠸᠠᠨ᠂ ᠬᠤᠲᠠ ᠶᠢᠨ ᠵᠠᠰᠠᠭ ᠤᠨ | ᠣᠷᠳᠣᠨ ᠤ ᠳᠡᠳ᠋ ᠳᠠᠷᠤᠭ᠎ᠠ ᠯᠢ ᠶᠢᠩ ᠺᠦᠨ ᠵᠢᠴᠢ ᠬᠤᠲᠠ ᠶᠢᠨ ᠲᠠᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠣᠨᠴᠠ ᠤᠷᠢᠭᠰᠠᠨ ᠲᠥᠯᠥᠭᠡᠯᠡᠭᠴᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠢᠯᠡᠰ ᠢ | ᠪᠠᠲᠤᠯᠠᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ | ᠣᠯᠭᠤᠪᠠ︔ ᠬᠤᠷᠠᠯ ᠠᠴᠠ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠤᠨ ᠬᠠᠮᠢᠶ᠎ᠠ ᠪᠦᠬᠦᠢ ᠤᠴᠢᠷ | ᠶᠠᠪᠤᠳᠠᠯ ᠢ ᠬᠢᠨᠠᠨ ᠵᠥᠪᠯᠡᠭᠰᠡᠨ ᠪᠥᠭᠡᠳ ᠬᠤᠳᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠬᠤ ᠲᠤᠬᠠᠢ | ᠬᠤᠯᠪᠣᠭᠳᠠᠯ ᠪᠦᠬᠦᠢ ᠨᠡᠷᠡᠰ᠂ ᠮᠡᠳᠡᠭᠦᠯᠦᠯᠲᠡ ᠵᠡᠷᠭᠡ ᠡᠯ᠎ᠡ ᠵᠦᠢᠯ ᠤᠨ ᠲᠥᠰᠦᠯ ᠢ ᠪᠠᠲᠤᠯᠠᠪᠠ᠃ |