ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/11
        2 ᠰᠠᠷ᠎ᠠ ᠶᠢᠨ 10 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯ ᠬᠤᠷᠠᠯᠳᠤᠪᠠ᠃ ᠤᠯᠠᠭᠠᠨᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠧᠩ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠦ᠋ ᠪᠦᠦ ᠱᠠᠨ᠂ ᠸᠠᠩ ᠴᠢᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠪᠠᠷ ᠨᠡᠷ᠎ᠡ ᠲᠤᠷᠠᠳᠤᠭᠰᠠᠨ ᠭᠦᠸᠧ ᠵᠢᠶᠠ ᠴᠧᠩ ᠬᠤᠷᠠᠯ ᠳᠤ ᠣᠷᠣᠯᠴᠠᠪᠠ᠃     ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ︵ᠶᠠᠷᠢᠯᠴᠠᠬᠤ ᠨᠣᠤᠷᠠᠭ︶᠂ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ︵ᠶᠠᠷᠢᠯᠴᠠᠬᠤ ᠨᠣᠤᠷᠠᠭ︶︔ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠬᠤᠷᠠᠯ ᠤᠨ ᠵᠥᠪᠯᠡᠬᠦ ᠵᠦᠢᠯᠡᠰ ︵ᠲᠥᠰᠦᠯ︶᠂ ᠡᠳᠦᠷ ᠤᠨ ᠳᠠᠷᠠᠭᠠᠯᠠᠯ ︵ᠲᠥᠰᠦᠯ︶︔ 2024 ᠣᠨ ᠤ ᠲᠡᠷᠢᠭᠦᠨ ᠤ ᠭᠡᠰᠢᠭᠦᠳ ᠤᠨ ᠳᠤᠭᠤᠶᠢᠯᠠᠩ᠂ ᠲᠤᠰᠬᠠᠶ ᠠᠵᠢᠯ ᠤᠨ ᠬᠤᠪᠢ ᠨᠡᠮᠡᠷᠢ ᠦᠵᠡᠭᠦᠯᠬᠦ ᠳᠤᠭᠤᠶᠢᠯᠠᠩ᠂ ᠲᠡᠷᠢᠭᠦᠨ ᠤ ᠦᠨᠳᠦᠰᠦᠨ ᠱᠠᠲᠤᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ᠂ ᠰᠢᠯᠢᠳᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠢᠯᠢᠳᠡᠭ ᠵᠥᠪᠯᠡᠬᠦ ᠭᠡᠰᠢᠭᠦᠳ ᠤᠨ ᠰᠠᠨᠠᠭᠤᠯᠭ᠎ᠠ ᠶᠢᠨ ᠨᠡᠷᠡᠰ᠂ ᠰᠢᠯᠢᠳᠡᠭ ᠰᠠᠨᠠᠯ ᠳᠤᠷᠠᠳᠤᠯᠭ᠎ᠠ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢᠨ ᠰᠠᠨᠠᠭᠤᠯᠭ᠎ᠠ ᠶᠢᠨ ᠨᠡᠷᠡᠰ᠂ ᠭᠡᠰᠢᠭᠦᠳ ᠤᠨ ᠲᠣᠬᠢᠷᠠᠭᠤᠯᠤᠯᠲᠠ ᠬᠢᠬᠦ ᠤᠴᠢᠷ ᠶᠠᠪᠤᠳᠠᠯ ᠢ ᠬᠢᠨᠠᠨ ᠵᠦᠪᠯᠡᠵᠤ ᠪᠠᠳᠤᠯᠠᠪᠠ      ᠬᠤᠷᠠᠯ ᠠᠴᠠ᠂ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠤᠳᠠᠭᠠᠨ ᠤ  ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠪᠥᠬᠦ ᠬᠤᠲᠠ ᠶᠢᠨ ᠤᠯᠤᠰ ᠲᠥᠷᠥ᠂ ᠠᠵᠤ ᠠᠬᠤᠶ᠂ ᠰᠣᠶᠣᠯ᠂ ᠨᠡᠶᠢᠭᠡᠮ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠲᠠᠯ᠎ᠠ ᠶᠢᠨ ᠲᠣᠭᠤᠷᠢᠨ ᠳᠤ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠤᠯᠠᠭᠠᠨᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠠᠮᠲᠤ ᠪᠠᠷ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠵᠠᠢ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号