ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ 2025 ᠣᠨ ᠤ ᠲᠥᠪ ᠤᠨ ᠡᠳ᠋ ᠤᠨ ᠵᠠᠰᠠᠭ ᠤᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠨᠦᠬᠦᠪᠦᠷᠢ ᠶᠢ 710 ᠲᠦᠮᠡᠨ ᠲᠦᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2025/2/12
    ᠣᠶᠢᠷ᠎ᠠ ᠳᠤ᠂ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠲᠥᠪ ᠤᠨ ᠡᠳ᠋ ᠤᠨ ᠵᠠᠰᠠᠭ ᠤᠨ ᠪᠠᠭᠤᠯᠭᠠᠭᠰᠠᠨ 2025 ᠣᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠨᠥᠬᠦᠪᠥᠷᠢ ᠶᠢ 710 ᠲᠦᠮᠡᠨ ᠲᠥᠭᠦᠷᠢᠭ ᠢ ᠪᠦᠬᠦᠨ ᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠲᠦᠴᠢᠦᠸᠠᠨ ᠰᠢᠶᠠᠨ ᠳᠤ ᠪᠠᠭᠤᠯᠭᠠᠵᠤ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠠ ᠪᠦᠳᠦᠭᠡᠯ ᠢ ᠪᠠᠬᠢᠵᠢᠬᠦᠯᠬᠦ ᠵᠠᠷᠤᠯᠭ᠎ᠠ — ᠡᠯᠡᠰᠦᠷᠭᠡᠭᠵᠢᠭᠰᠡᠨ ᠭᠠᠵᠠᠷ ᠲᠤ ᠰᠢᠨ᠎ᠡ ᠪᠠᠷ ᠣᠶᠢᠵᠢᠭᠤᠯᠵᠤ ᠬᠠᠮᠢᠶᠠᠷᠤᠨ ᠬᠠᠮᠠᠭᠠᠯᠠᠬᠤ ᠲᠥᠷᠥᠯ ᠵᠦᠢᠯ ᠳᠤ ᠬᠡᠷᠡᠭᠯᠡᠬᠦᠯᠵᠦ᠂ ᠡᠯᠡᠰᠦᠷᠭᠡᠭᠵᠢᠭᠰᠡᠨ ᠭᠠᠵᠠᠷ ᠲᠤ ᠤᠶᠢᠵᠢᠭᠤᠯᠤᠭᠰᠠᠨ ᠤᠢ ᠮᠤᠳᠦ ᠶᠢᠨ ᠰᠡᠬᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠲᠠᠯᠠᠪᠠᠢ 3.55 ᠲᠦᠮᠡᠨ  ᠮᠤ᠋ ᠪᠤᠯᠭᠠᠬᠤ ᠪᠤᠯᠤᠨ᠎ᠠ᠃    ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠠ ᠪᠦᠳᠦᠭᠡᠯ ᠤᠨ ᠵᠠᠷᠤᠯᠭ᠎ᠠ ᠪᠤᠯ ︽ᠤᠮᠠᠷᠠᠲᠤ ᠶᠢᠨ ᠭᠤᠷᠪᠠᠨ ᠣᠷᠣᠨ︾  ᠤ ᠢᠨᠵᠧᠨᠧᠷᠢᠩ ᠤᠨ ᠪᠣᠭᠤᠮᠲᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠶᠢ ᠪᠦᠬᠦ ᠬᠦᠴᠦᠨ ᠢᠶᠠᠷ ᠢᠶᠠᠨ ᠲᠡᠮᠵᠢᠬᠦ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠃ ︽︿ᠤᠮᠠᠷᠠᠲᠤ ᠶᠢᠨ ᠭᠤᠷᠪᠠᠨ ᠣᠷᠣᠨ  ᠤ ᠢᠨᠵᠧᠨᠧᠷᠢᠩ ᠤᠨ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠢᠢᠨ ᠱᠠᠭᠠᠷᠳᠠᠯᠭ᠎ᠠ ᠶᠢ ᠦᠨᠳᠦᠰᠦᠯᠡᠨ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠡ ᠪᠦᠲᠦᠭᠡᠯ ᠤᠨ ᠵᠠᠷᠤᠯᠭ᠎ᠠ ᠶᠢ ᠬᠦᠴᠦᠨ ᠵᠦᠢᠯ ᠤᠨ ᠠᠷᠭ᠎ᠠ ᠪᠠᠷ ᠬᠤᠪᠢᠶᠠᠷᠢᠯᠠᠬᠤ ᠶᠢ ᠪᠠᠬᠢᠵᠢᠭᠦᠯᠵᠦ᠂ ᠤᠯᠤᠰ ᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠠᠩᠭᠠᠭᠰᠠᠨ ᠡᠯᠡᠰᠦᠷᠭᠡᠭᠵᠢᠭᠰᠡᠨ ᠭᠠᠵᠠᠷ ᠢ ᠰᠢᠨ᠎ᠡ ᠪᠠᠷ ᠵᠠᠰᠠᠬᠤ ᠡᠬᠦᠷᠭᠡ ᠶᠢ ᠪᠡᠶᠡᠯᠡᠬᠦᠯᠦᠭᠰᠡᠨ ᠶᠤᠰᠤᠭᠠᠷ ᠬᠢᠨᠠᠨ ᠰᠢᠯᠭᠠᠬᠤ ᠶᠢᠨ ᠬᠠᠮᠳᠦ ᠪᠣᠳᠠᠲᠠᠶᠢᠵᠢᠭᠤᠯᠤᠭᠰᠠᠨ ᠲᠠᠯᠠᠪᠠᠶ ᠪᠠ ᠨᠥᠬᠦᠪᠥᠷᠢ ᠶᠢᠨ ᠪᠠᠷᠢᠮᠵᠢᠶ᠎ᠠ ᠪᠠᠷ ᠣᠨ ᠤ ᠨᠥᠬᠦᠪᠥᠷᠢ ᠶᠢᠨ ᠬᠡᠪᠴᠢᠶ᠎ᠡ ᠶᠢ ᠲᠥᠰᠦᠭᠡᠯᠡᠨ ᠪᠤᠳᠤᠨ᠎ᠠ᠃ ᠨᠥᠬᠦᠪᠥᠷᠢ ᠦᠭᠬᠦ ᠬᠤᠭᠤᠴᠠᠭ᠎ᠠ ᠪᠠ ᠪᠠᠷᠢᠮᠵᠢᠶ᠎ᠠ ᠨᠢ᠄ ᠬᠢᠨᠠᠨ ᠰᠢᠯᠭᠠᠯᠳᠠ ᠳᠤ ᠬᠢᠷᠢ ᠲᠡᠩᠴᠡᠭᠰᠡᠨ ᠤ ᠳᠠᠷᠠᠭ᠎ᠠ ᠵᠢᠯ ᠠᠴᠠ ᠡᠬᠢᠯᠡᠨ᠂ ᠨᠢᠭᠡ ᠵᠢᠯ ᠳᠤ ᠮᠥ ᠪᠦᠷᠢ ᠳᠤ 200 ᠲᠥᠭᠦᠷᠢᠭ ᠳᠣᠭᠢᠷᠠᠭᠤᠯᠵᠤ᠂ 3 ᠵᠢᠯ ᠲᠠᠷᠠᠭᠠᠯᠠᠨ ᠨᠥᠬᠦᠪᠥᠷᠢᠯᠡᠨ᠎ᠡ᠃ ᠣᠲᠣᠬᠠᠨ ᠪᠣᠯᠲᠠᠯ᠎ᠠ᠂ ᠮᠠᠨ ᠤ ᠠᠶᠢᠮᠠᠭ ᠨᠢᠭᠡᠨᠲᠡ ᠳᠡᠭᠡᠳᠦ ᠱᠠᠲᠤᠨ ᠤ ︽ᠤᠮᠠᠷᠠᠲᠤ ᠶᠢᠨ ᠭᠤᠷᠪᠠᠨ ᠣᠷᠣᠨ︾ ᠤ ᠲᠤᠰᠬᠠᠶ ᠪᠠᠯᠠ ᠮᠥᠩᠭᠦ᠂ ᠵᠢᠭᠡᠯᠡᠯᠭᠡ ᠶᠢᠨ ᠲᠡᠮᠳᠡᠭ ᠢ ᠨᠡᠶᠢᠲᠡ 3.56 ᠳ᠋ᠦᠩᠰᠢᠭᠤᠷ ᠲᠥᠭᠦᠷᠢᠭ ᠤᠯᠵᠦ᠂ ᠮᠠᠨ ᠤ ᠠᠶᠢᠮᠠᠭ ᠤᠨ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠬᠤ ᠳᠤ ᠬᠦᠴᠦᠨ ᠨᠡᠮᠡᠷᠢᠯᠡᠵᠦ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠬᠦ ᠳᠤ ᠬᠢᠩᠭᠠᠨ ᠤ ᠬᠦᠴᠦᠨ ᠴᠢᠳᠠᠯ ᠢᠶᠠᠨ ᠡᠷᠬᠦᠬᠦ ᠪᠤᠯᠤᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号