ᠤᠯᠠᠭᠠᠨᠬᠤᠳᠠ ᠲᠦᠷᠢᠶᠡᠰᠦᠨ ᠮᠠᠰᠢᠨ ᠤ ᠠᠵᠢᠯ ᠲᠦᠷᠦᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠵᠡᠢ
ᠨᠡᠶᠢᠲᠡᠯᠡᠭᠰᠡᠨ ᠴᠠᠭ᠄
2025/2/12
          ᠤᠶᠢᠷ᠎ᠠ ᠶᠢᠨ ᠡᠳᠦᠷ᠂ ᠬᠢᠨᠭ᠍ᠭᠠᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠬᠦ ᠰᠠᠯᠪᠦᠷᠢ ᠠᠩᠬᠢ ᠶᠢᠨ ᠤᠯᠠᠭᠠᠨᠬᠤᠳᠠ ᠶᠢᠨ ᠰᠢᠭᠤᠳ ᠬᠠᠷᠢᠶ᠎ᠠ ᠬᠠᠤᠯᠢ ᠬᠡᠷᠡᠭᠵᠢᠬᠦᠯᠬᠦ ᠶᠡᠭᠡ ᠠᠩᠬᠢ ᠤᠯᠠᠭᠠᠨᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠲᠠᠢ ᠬᠠᠮᠳᠤᠷᠠᠨ᠂ ᠪᠦᠬᠦ ᠬᠤᠳᠠ ᠶᠢᠨ ᠬᠡᠪᠴᠢᠶᠡᠨ ᠳᠤ ᠲᠦᠷᠢᠶᠡᠰᠦᠨ ᠮᠠᠰᠢᠨ ᠤ ᠠᠵᠢᠯ ᠲᠦᠷᠦᠯ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠵᠦ᠂ ᠡᠵᠡᠩᠨᠡᠯᠳᠡ ᠶᠢᠨ ᠵᠦᠪᠰᠢᠶᠡᠷᠡᠯ ᠦᠬᠡᠢ ᠪᠠᠷ ᠲᠤᠷᠠᠪᠡᠷ ᠰᠦᠯᠵᠢᠶᠡᠨ ᠲᠡᠭᠡᠷ᠎ᠡ ᠪᠤᠯᠵᠤᠬᠤ ᠡᠵᠡᠩᠨᠡᠯᠳᠡ ᠶᠢᠨ ᠠᠵᠢᠯᠯᠠᠭ᠎ᠠ ᠬᠢᠬᠦ ᠵᠢᠴᠢ ᠲᠦᠷᠢᠶᠡᠰᠦᠨ ᠮᠠᠰᠢᠨ ᠵᠤᠴᠢᠨ ᠲᠤᠰᠬᠤ᠂ ᠵᠤᠴᠢᠨ ᠬᠠᠶᠠᠬᠤ᠂ ᠵᠤᠴᠢᠨ ᠠᠴᠢᠬᠤ ᠶᠢ ᠲᠡᠪᠴᠢᠬᠦ᠂ ᠬᠠᠨᠭ᠍ᠰᠢ ᠪᠤᠳᠤᠬᠤ ᠬᠡᠷᠡᠭᠯᠡᠬᠦᠷ ᠢ ᠲᠦᠷᠢᠮᠵᠢᠬᠦᠨ ᠪᠤᠰᠤ ᠪᠠᠷ ᠬᠡᠷᠡᠭᠯᠡᠬᠦ ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠲᠦᠪᠯᠡᠷᠡᠬᠦᠯᠦᠨ ᠴᠡᠭᠴᠡᠯᠡᠨ ᠵᠠᠰᠠᠵᠠᠢ᠃     ᠠᠵᠢᠯᠯᠠᠭ᠎ᠠ ᠳᠤ᠂ ᠬᠠᠤᠯᠢ ᠬᠡᠷᠡᠭᠵᠢᠬᠦᠯᠦᠭᠴᠢ ᠲᠤᠭᠤᠷᠢᠨ ᠪᠠᠶᠢᠴᠠᠭᠠᠬᠤ᠂ ᠬᠠᠮᠳᠤᠷᠠᠨ ᠬᠠᠤᠯᠢ ᠬᠡᠷᠡᠭᠵᠢᠬᠦᠯᠬᠦ ᠠᠷᠭ᠎ᠠ ᠪᠠᠷ ᠭᠠᠯᠳᠤ ᠲᠡᠷᠬᠡᠨ ᠦᠷᠳᠡᠭᠡ᠂ ᠮᠠᠰᠢᠨ ᠲᠡᠷᠬᠡ ᠶᠢᠨ ᠦᠷᠳᠡᠭᠡ᠂ ᠨᠢᠰᠬᠡᠯ ᠤᠨ ᠪᠠᠭᠤᠳᠠᠯ᠂ ᠰᠤᠷᠭᠠᠭᠤᠯᠢ᠂ ᠴᠢᠯᠦᠬᠡᠳᠦ ᠲᠡᠯᠬᠡᠬᠦᠷ᠂ ᠬᠤᠳᠠᠯᠳᠤᠭᠠᠨ ᠤ ᠲᠠᠯᠠᠪᠠᠢ᠂ ᠵᠢᠭᠤᠯᠴᠢᠯᠠᠯ ᠤᠨ ᠦᠵᠡᠮᠵᠢ ᠶᠢᠨ ᠤᠷᠤᠨ ᠵᠡᠷᠭᠡ ᠤᠯᠠᠨ ᠬᠦᠮᠦᠨ ᠴᠤᠬᠯᠠᠷᠠᠬᠰᠠᠨ ᠭᠠᠵᠠᠷ ᠢᠶᠠᠷ ᠬᠠᠤᠯᠢ ᠬᠡᠷᠡᠭᠵᠢᠬᠦᠯᠬᠦ ᠲᠤᠭᠤᠷᠢᠨ ᠪᠠᠶᠢᠴᠠᠭᠠᠬᠤ ᠬᠦᠴᠦᠯᠡᠴᠡ ᠪᠠᠨ ᠨᠡᠮᠡᠭᠳᠡᠬᠦᠯᠵᠦ᠂ ᠬᠠᠤᠯᠢ ᠪᠤᠰᠤ ᠪᠠᠷ ᠰᠦᠯᠵᠢᠶ᠎ᠡ ᠪᠠᠷ ᠲᠡᠷᠬᠡ ᠪᠤᠯᠵᠤᠬᠤ ᠪᠠ ᠬᠠᠤᠯᠢ ᠪᠤᠰᠤ ᠪᠠᠷ ᠡᠵᠡᠩᠨᠡᠯᠳᠡ ᠬᠢᠵᠦ ᠪᠠᠶᠢᠭ᠎ᠠ ᠲᠦᠷᠢᠶᠡᠰᠦᠨ ᠮᠠᠰᠢᠨ ᠳᠤ ᠴᠢᠩᠭ᠎ᠠ ᠰᠢᠳᠬᠡᠯ ᠦᠭᠴᠦ᠂ ᠡᠷᠬᠡ ᠲᠡᠭᠰᠢ ᠦᠷᠢᠰᠦᠯᠳᠦᠬᠡᠨ ᠤ ᠵᠠᠬ᠎ᠠ ᠲᠡᠯᠬᠡᠬᠦᠷ ᠤᠨ ᠡᠮᠬᠢ ᠲᠢᠭᠯᠢᠮ ᠪᠠ ᠬᠠᠤᠯᠢ ᠶᠤᠰᠤᠭᠠᠷ ᠡᠵᠡᠩᠨᠡᠯᠳᠡ ᠬᠢᠭᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠭᠰᠠᠨ ᠪᠠᠶᠢᠨ᠎ᠠ᠃     ᠬᠠᠤᠯᠢ ᠬᠡᠷᠡᠭᠵᠢᠬᠦᠯᠦᠭᠴᠢ ᠪᠠᠰᠠ ᠬᠠᠤᠯᠢ ᠲᠦᠬᠡᠮᠡᠯᠵᠢᠬᠦᠯᠬᠦ ᠤᠬᠠᠭᠤᠯᠭ᠎ᠠ ᠬᠦᠮᠦᠵᠢᠯ ᠢ ᠵᠠᠮ ᠬᠠᠷᠢᠯᠴᠠᠭᠠᠨ ᠤ ᠬᠠᠤᠯᠢ ᠬᠡᠷᠡᠭᠵᠢᠬᠦᠯᠬᠦ ᠪᠦᠬᠦ ᠶᠠᠪᠤᠴᠠ ᠳᠤ ᠲᠤᠭᠤᠰᠢᠯᠠᠭᠤᠯᠵᠦ᠂ ᠲᠦᠷᠢᠶᠡᠰᠦᠨ ᠮᠠᠰᠢᠨ ᠤ ᠡᠵᠡᠩᠨᠡᠭᠴᠢ ᠪᠠ ᠵᠤᠴᠢᠳ ᠲᠤ ᠤᠬᠠᠭᠤᠯᠭ᠎ᠠ ᠬᠢᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠡᠷᠬᠢᠯᠡᠭᠴᠢᠳ ᠤᠨ ᠬᠠᠤᠯᠢ ᠶᠤᠰᠤᠭᠠᠷ ᠡᠵᠡᠩᠨᠡᠯᠳᠡ ᠬᠢᠬᠦ ᠶᠢ ᠬᠦᠳᠦᠯᠦᠨ ᠵᠢᠯᠤᠭᠤᠳᠴᠦ᠂ ᠤᠯᠠᠨ ᠲᠦᠮᠡᠨ ᠳᠤ ᠪᠤᠯᠪᠠᠰᠦᠨ ᠦᠢᠯᠡᠴᠢᠯᠡᠭᠡ ᠬᠠᠨᠭ᠍ᠭᠠᠬᠤ ᠶᠢ ᠰᠠᠨᠠᠭᠠᠴᠢᠯᠠᠵᠠᠢ᠃     ᠤᠶᠢᠯᠠᠭᠠᠬᠰᠠᠨ ᠢᠶᠠᠷ᠂ ᠤᠯᠠᠨ ᠲᠦᠮᠡᠨ ᠪᠠᠰᠠ 12328 ᠬᠠᠯᠠᠮᠰᠢᠯ ᠤᠳᠠᠰᠦ ᠪᠠᠷ ᠲᠠᠮᠵᠢᠭᠤᠯᠤᠨ ᠬᠠᠤᠯᠢ ᠪᠤᠰᠤ ᠰᠦᠯᠵᠢᠶ᠎ᠡ ᠪᠠᠷ ᠪᠤᠯᠵᠤᠬᠤ ᠲᠦᠷᠢᠶᠡᠰᠦᠨ ᠮᠠᠰᠢᠨ ᠪᠠ ᠲᠦᠷᠢᠶᠡᠰᠦᠨ ᠮᠠᠰᠢᠨ ᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠵᠦ ᠪᠤᠯᠬᠤ ᠪᠦᠭᠡᠳ ᠤᠯᠠᠭᠠᠨᠬᠤᠳᠠ ᠶᠢᠨ ᠰᠢᠭᠤᠳ ᠬᠠᠷᠢᠶ᠎ᠠ ᠬᠠᠤᠯᠢ ᠬᠡᠷᠡᠭᠵᠢᠬᠦᠯᠬᠦ ᠶᠡᠭᠡ ᠠᠩᠬᠢ ᠶᠢᠨ ᠬᠢᠨ ᠤᠯᠠᠨ ᠲᠦᠮᠡᠨ ᠤ ᠲᠤᠰᠬᠠᠬᠰᠠᠨ ᠬᠠᠤᠯᠢ ᠠᠴᠠ ᠵᠦᠷᠢᠴᠡᠭᠰᠡᠨ ᠮᠠᠰᠢᠨ ᠲᠡᠷᠬᠡᠨ ᠤ ᠰᠤᠷᠠᠭ ᠵᠠᠩᠬᠢ ᠶᠢ ᠴᠠᠭ ᠲᠤᠬᠠᠢ ᠳᠤᠨᠢ ᠨᠡᠬᠡᠮᠵᠢᠯᠡᠨ ᠪᠠᠶᠢᠴᠠᠭᠠᠵᠦ᠂ ᠴᠠᠭ ᠲᠤᠬᠠᠢ ᠳᠤᠨᠢ ᠰᠶᠢᠳᠪᠦᠷᠢᠯᠡᠬᠦ ᠪᠤᠯᠤᠨ᠎ᠠ᠃ ᠡᠬᠦᠨ ᠤ ᠬᠠᠮᠳᠤ ᠪᠠᠰᠠ ᠬᠠᠤᠯᠢ ᠪᠤᠰᠤ ᠪᠠᠷ ᠡᠵᠡᠩᠨᠡᠭᠰᠡᠨ ᠲᠤᠭ᠎ᠠ ᠪᠠᠷᠢᠮᠳᠠ ᠶᠢ ᠲᠤᠬᠳᠠᠬᠰᠠᠨ ᠬᠤᠭᠤᠴᠠᠭ᠎ᠠ ᠲᠠᠢ ᠨᠡᠶᠢᠳᠡᠯᠡᠵᠦ᠂ ᠠᠵᠢᠯ ᠡᠷᠬᠢᠯᠡᠭᠴᠢᠳ ᠤᠨ ᠬᠠᠤᠯᠢ ᠶᠢ ᠰᠠᠬᠢᠬᠤ ᠤᠬᠠᠮᠰᠠᠷ ᠢ ᠲᠡᠭᠡᠭᠰᠢᠯᠡᠬᠦᠯᠬᠦ ᠪᠤᠯᠤᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号