| 2 ᠰᠠᠷ᠎ᠠ ᠶᠢᠨ 14 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠤᠯᠠᠭᠠᠨᠬᠤᠲᠠ ᠶᠢᠨ ᠠᠷᠪᠠᠨ | ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ | ᠠᠮᠵᠢᠯᠲᠠ ᠲᠠᠢ ᠪᠡᠶᠡᠯᠡᠭᠦᠯᠵᠦ ᠠᠮᠵᠢᠯᠲᠠ ᠲᠠᠢ ᠲᠡᠭᠦᠰᠪᠡ᠃ | | | | | ᠤᠯᠠᠭᠠᠨᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠡᠷᠢᠭᠦᠯᠡᠭᠴᠢ ᠭᠧᠩ ᠴᠧᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠳᠡᠳ᠋ ᠱᠦᠵᠢ ᠰᠥᠩ ᠹᠸᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠦ᠋ ᠪᠦᠦ ᠱᠠᠨ᠂ ᠸᠠᠩ ᠴᠢᠦ᠂ ᠭᠦᠸᠧ ᠵᠢᠶᠠ ᠴᠧᠩ᠂ ᠸᠠᠩ ᠶᠦᠨ ᠯᠢᠩ᠂ ᠠᠶᠢᠮᠠᠭ ᠬᠤᠲᠠ ᠶᠢᠨ | ᠤᠳᠤᠷᠢᠳᠤᠯᠭ᠎ᠠ ᠶᠠᠩ ᠵᠢᠶ ᠫᠧᠩ᠂ ᠮᠠ ᠮᠧᠩ᠂ ᠯᠢ ᠭᠦᠸᠧ ᠴᠢᠶᠠᠩ᠂ ᠯᠢᠦ ᠶᠢᠨ ᠪᠥᠸᠧ᠂ ᠸᠠᠩ ᠮᠢᠩ ᠶᠠᠩ᠂ | ᠪᠦᠦ ᠭᠦᠸᠧ ᠵᠥᠩ᠂ ᠸᠠᠩ ᠶᠢᠩ ᠴᠢᠶᠦ᠋ᠨ ᠨᠠᠷ ᠲᠡᠭᠦᠰᠬᠦ ᠶᠣᠰᠣᠯᠠᠯ ᠳᠤ ᠣᠷᠣᠯᠴᠨ ᠲᠡᠷᠢᠭᠦᠯᠡᠭᠴᠢ ᠶᠢᠨ ᠲᠠᠶᠢᠰᠠᠨ᠎ᠠ | ᠰᠠᠭᠠᠲᠠᠪᠠ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ | ᠱᠦᠵᠢ᠂ ᠳᠡᠳ᠋ ᠲᠡᠷᠢᠭᠦᠯᠡᠭᠴᠢ ᠦ᠋ ᠪᠦᠦ ᠱᠠᠨ ᠶᠡᠭᠡ ᠬᠤᠷᠠᠯ ᠤᠨ ᠰᠣᠩᠭᠤᠭᠤᠯᠢ ᠶᠢ ᠡᠷᠭᠢᠯᠡᠪᠡ᠃ | ᠬᠤᠷᠠᠯ ᠠᠴᠠ ᠡᠩ ᠲᠡᠷᠢᠭᠦᠨ ᠳᠤ ︽ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠤᠯᠠᠭᠠᠨᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠤᠨ | ᠰᠣᠩᠭᠤᠭᠤᠯᠢ ᠶᠢᠨ ᠠᠷᠭ᠎ᠠ︾ ᠶᠢ ᠪᠠᠲᠤᠯᠠᠪᠠ᠂ ᠶᠡᠭᠡ ᠬᠤᠷᠠᠯ ᠤᠨ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ | ᠂ ᠶᠡᠷᠦᠩᠬᠡᠢ ᠪᠢᠯᠧᠲ ᠪᠦᠷᠢᠳᠬᠡᠭᠴᠢ᠂ ᠪᠢᠯᠧᠲ ᠪᠦᠷᠢᠳᠬᠡᠭᠴᠢ ᠶᠢᠨ ᠨᠡᠷᠡᠰ ᠢ ᠪᠠᠲᠤᠯᠠᠪᠠ᠃ | ᠲᠠᠷᠠᠭ᠎ᠠ ᠨᠢ᠂ ᠬᠤᠷᠠᠯ ᠠᠴᠠ ᠨᠡᠷ᠎ᠡ ᠲᠡᠮᠳᠡᠭᠯᠡᠬᠦ ᠦᠭᠡᠢ ᠰᠣᠩᠭᠤᠭᠤᠯᠢ ᠶᠢᠨ ᠬᠡᠯᠪᠡᠷᠢ ᠪᠠᠷ ᠤᠯᠤᠰ | ᠲᠦᠷᠦ ᠶᠢᠨ ᠵᠥᠪᠯᠡᠯᠭᠡᠨ ᠤ ᠤᠯᠠᠭᠠᠨᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠡᠳ᠋ | ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ᠂ ᠪᠠᠶᠢᠩᠭᠤ ᠶᠢᠨ ᠭᠡᠰᠢᠭᠦᠨ ᠢ ᠨᠥᠬᠦᠨ ᠰᠣᠩᠭᠤᠪᠠ᠃ | ᠶᠡᠭᠡ ᠬᠤᠷᠠᠯ ᠤᠨ ᠰᠣᠩᠭᠤᠭᠤᠯᠢ ᠪᠠᠷ ᠳᠠᠮᠵᠢᠨ᠂ ᠭᠦᠸᠧ ᠵᠢᠶᠠ ᠴᠧᠩ᠂ ᠸᠠᠩ ᠶᠦᠨ ᠯᠢᠩ ᠤᠯᠤᠰ | ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠡᠳ᠋ | ᠲᠡᠷᠢᠭᠦᠯᠡᠭᠴᠢ ᠪᠠᠷ ᠰᠣᠩᠭᠤᠭᠳᠠᠪᠠ᠂ ᠸᠠᠩ ᠬᠤᠩ ᠢᠦᠶ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ | ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠪᠠᠷ ᠰᠣᠩᠭᠤᠭᠳᠠᠪᠠ᠂ ᠵᠢᠤᠢ | ᠶᠠᠨ ᠬᠤᠢ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠢᠶᠠᠷ ᠰᠣᠩᠭᠤᠭᠳᠠᠪᠠ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ ᠵᠢᠶᠠ ᠴᠧᠩ ᠲᠡᠭᠦᠰᠬᠦ | ᠶᠣᠰᠣᠯᠠᠯ ᠢ ᠡᠷᠭᠢᠯᠡᠪᠡ᠃ | ᠬᠤᠷᠠᠯ ᠠᠴᠠ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ | ᠠᠵᠢᠯ ᠤᠨ ᠮᠡᠳᠡᠭᠦᠯᠦᠯᠲᠡ ᠶᠢᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ ᠠᠷᠪᠠᠨ | ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠤᠨ ᠰᠢᠢᠳᠪᠦᠷᠢ᠂ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ | ᠪᠠᠶᠢᠳᠠᠯ ᠤᠨ ᠮᠡᠳᠡᠭᠦᠯᠦᠯᠲᠡ ᠶᠢᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ ᠠᠷᠪᠠᠨ | ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠤᠨ ᠰᠢᠢᠳᠪᠦᠷᠢ᠂ ᠤᠯᠤᠰ ᠲᠥᠷᠥ ᠶᠢᠨ | ᠵᠥᠪᠯᠡᠯᠭᠡᠨ ᠤ ᠤᠯᠠᠭᠠᠨᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠤᠨ | ᠤᠯᠤᠰ ᠲᠥᠷᠥ ᠶᠢᠨ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠭᠧᠩ ᠴᠧᠩ ᠲᠡᠭᠦᠰᠬᠦ ᠶᠣᠰᠣᠯᠠᠯ ᠳᠡᠭᠡᠷ᠎ᠡ ᠶᠠᠷᠢᠶ᠎ᠠ ᠲᠠᠯᠪᠢᠪᠠ᠃ | ᠭᠧᠩ ᠴᠧᠩ᠂ ᠲᠤᠰ ᠤᠳᠠᠭᠠᠨ ᠤ ᠶᠡᠭᠡ ᠬᠤᠷᠠᠯ ᠪᠣᠯ ᠪᠦᠬᠦ ᠬᠤᠳᠠ ᠪᠠᠷ ᠢᠶᠠᠨ ᠳᠤᠮᠳᠠᠳᠤ ᠤᠯᠤᠰ ᠤᠨ | ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ | ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠤᠯᠠᠭᠠᠨᠬᠤᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ | ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ ᠭᠡᠵᠦ ᠵᠢᠭᠠᠨ | ᠭᠠᠷᠭᠠᠵᠠᠢ᠃ | ᠭᠧᠩ ᠴᠧᠩ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ | ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 | ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠬᠤᠳᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠬᠤ᠂ ︽ᠵᠢᠷᠭᠤᠭᠠᠨ | ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ | ᠥᠷᠨᠢᠭᠦᠯᠬᠦ ᠶᠢᠨ ᠲᠣᠭᠤᠷᠢᠨ ᠳᠤ ᠵᠠᠰᠠᠭ ᠤᠨ ᠶᠠᠪᠤᠳᠠᠯ ᠢ ᠵᠥᠪᠯᠡᠨ ᠰᠠᠨᠠᠯ ᠵᠥᠪᠯᠡᠯᠭᠡ ᠳᠤᠷᠠᠳᠴᠤ᠂ ᠬᠥᠮᠦᠰ ᠤᠨ | ᠰᠡᠳᠬᠢᠯ ᠢ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ ᠨᠢᠭᠲᠠᠷᠠᠭᠤᠯᠵᠤ᠂ | ᠬᠦᠴᠦᠨ ᠴᠢᠳᠠᠯ ᠢ ᠨᠢᠭᠲᠠᠷᠠᠭᠤᠯᠤᠨ᠂ ᠤᠯᠠᠭᠠᠨᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ | ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ | ᠴᠢᠬᠤᠯᠠᠴᠢᠯᠠᠵᠠᠢ᠃ | ᠨᠢᠭᠡ ᠳᠤ᠂ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠶᠢ | ᠪᠠᠬᠢᠵᠢᠭᠦᠯᠬᠦ ᠬᠡᠷᠡᠭᠲᠡᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢ ᠤᠯᠤᠰ ᠲᠦᠷᠦ ᠶᠢᠨ | ᠵᠥᠪᠯᠡᠯᠭᠡᠨ ᠤ ᠠᠵᠢᠯ ᠤᠨ ᠦᠨᠳᠦᠰᠦᠨ ᠵᠠᠷᠴᠢᠮ ᠪᠣᠯᠭᠠᠵᠤ᠂ ᠤᠬᠠᠮᠰᠠᠷ ᠠᠴᠠ ᠪᠠᠨ ᠨᠠᠮ ᠤᠨ ᠴᠢᠭᠯᠡᠯᠲᠡ ᠲᠦᠷᠦ ᠶᠢᠨ | ᠪᠤᠳᠤᠯᠭ᠎ᠠ ᠶᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ᠃ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ | ᠢᠮᠠᠭᠲᠠ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢᠶᠠᠷ ᠯᠠᠪᠳᠠᠭᠤᠨ ᠢᠶᠠᠷ ᠤᠷᠤᠭᠰᠢᠯᠠᠬᠤ ᠶᠢ ᠪᠠᠲᠤᠯᠠᠵᠤ᠂ | ᠪᠦᠬᠦ ᠬᠤᠳᠠ ᠶᠢᠨ ᠬᠥᠭᠵᠢᠯᠲᠡ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ | | ᠬᠤᠶᠠᠷ ᠲᠤ᠂ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠡᠭᠦᠷᠭᠡ ᠬᠠᠷᠢᠭᠤᠴᠠᠯᠭ᠎ᠠ ᠪᠠᠨ | ᠢᠳᠡᠪᠬᠢᠲᠡᠢ ᠭᠦᠢᠴᠡᠳᠬᠡᠬᠦ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ | ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠡᠷᠭᠡ | ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ | ᠥᠷᠨᠢᠭᠦᠯᠵᠦ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠢ᠃ ᠤᠯᠤᠰ | ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠤ ᠦᠷ᠎ᠡ ᠪᠦᠲᠦᠭᠡᠯ ᠢ ᠬᠥᠭᠵᠢᠯᠲᠡ ᠶᠢ ᠠᠬᠢᠭᠤᠯᠬᠤ ᠬᠦᠴᠦᠷᠬᠡᠭ | ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠤᠨᠤᠯ ᠤᠨ ᠦᠷ᠎ᠡ ᠪᠦᠲᠦᠭᠡᠯ ᠢ ᠬᠥᠭᠵᠢᠯᠲᠡ ᠶᠢᠨ ᠪᠣᠳᠠᠲᠤ | ᠦᠷ᠎ᠡ ᠪᠦᠲᠦᠮᠵᠢ ᠪᠣᠯᠭᠠᠨ ᠨᠠᠶᠢᠳᠠᠪᠤᠷᠢᠵᠢᠭᠤᠯᠬᠤ ᠬᠡᠷᠡᠭᠲᠡᠢ᠃ | ᠭᠤᠷᠪᠠ ᠳᠤ᠂ ᠡᠯ᠎ᠡ ᠡᠲᠡᠭᠡᠳ ᠤᠨ ᠬᠦᠴᠦᠨ ᠢ ᠨᠢᠭᠲᠠᠷᠠᠭᠤᠯᠵᠤ᠂ ᠡᠷᠡᠮᠡᠬᠡᠶᠢᠯᠡᠨ ᠤᠷᠤᠭᠰᠢᠯᠠᠬᠤ | ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ ᠤᠯᠤᠰ ᠲᠥᠷᠥ ᠶᠢᠨ ᠵᠥᠪᠯᠡᠯᠭᠡᠨ ᠤ ᠬᠠᠷᠢᠯᠴᠠᠭ᠎ᠠ ᠥᠷᠭᠡᠨ ᠳᠡᠯᠭᠡᠷ | ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠡᠯ᠎ᠡ ᠡᠲᠡᠭᠡᠳ ᠤᠨ ᠣᠯᠠᠨ | ᠲᠦᠮᠡᠨ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠡᠯ᠎ᠡ ᠡᠲᠡᠭᠡᠳ ᠤᠨ ᠬᠠᠮᠲᠤ ᠶᠢᠨ | ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠦᠵᠡᠯ ᠰᠠᠨᠠᠭ᠎ᠠ ᠪᠠᠨ ᠬᠠᠮᠤᠭ ᠤᠨ ᠶᠡᠭᠡ ᠬᠡᠮᠵᠢᠶ᠎ᠡ ᠪᠠᠷ ᠨᠢᠭᠡᠳᠬᠡᠵᠦ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠤᠯᠠᠭᠠᠨᠬᠤᠲᠠ ᠶᠢᠨ ᠬᠥᠭᠵᠢᠯᠲᠡ ᠶᠢ ᠠᠬᠢᠭᠤᠯᠬᠤ | ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ | ᠲᠦᠷᠪᠡ ᠳᠤ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠥᠷᠥᠯ ᠤᠨ ᠰᠤᠷᠤᠯᠴᠠᠯᠭ᠎ᠠ | ᠪᠣᠯᠪᠠᠰᠤᠷᠠᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠤᠯᠤᠰ ᠲᠥᠷᠥ ᠶᠢᠨ ᠡᠵᠡᠮᠳᠡᠬᠦ ᠴᠢᠳᠠᠪᠤᠷᠢ᠂ | ᠪᠠᠶᠢᠴᠠᠭᠠᠨ ᠰᠤᠳᠤᠯᠬᠤ ᠴᠢᠳᠠᠪᠤᠷᠢ᠂ ᠣᠯᠠᠨ ᠲᠦᠮᠡᠨ ᠲᠠᠢ ᠬᠠᠷᠢᠯᠴᠠᠬᠤ ᠴᠢᠳᠠᠪᠤᠷᠢ᠂ ᠬᠠᠮᠲᠤᠷᠠᠨ ᠠᠵᠢᠯᠯᠠᠬᠤ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ | ᠪᠠᠶᠢᠭᠤᠯᠭ᠎ᠠ ᠶᠢᠨ ᠬᠢᠨ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠢᠶᠠᠨ | ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠣᠯᠤᠨ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ | ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠰᠢᠨ᠎ᠡ ᠴᠠᠭ | ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠱᠠᠭᠠᠷᠳᠠᠯᠭ᠎ᠠ ᠳᠤ ᠵᠣᠬᠢᠴᠠᠭᠤᠯᠬᠤ ᠬᠡᠷᠡᠭᠲᠡᠢ᠃ | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠠᠮᠵᠢᠯᠲᠠ ᠲᠠᠢ | ᠲᠡᠭᠦᠰᠪᠡ᠃ | |