| | 2 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠤᠲᠠ ᠶᠢᠨ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠯᠠᠭᠠᠨᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠬᠤᠷᠠᠯ ᠤᠨ ᠲᠥᠪ ᠲᠤ ᠬᠤᠷᠠᠯᠳᠤᠪᠠ᠃ | | | | | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ | ᠲᠡᠷᠢᠭᠦᠯᠡᠭᠴᠢ ᠶᠠᠩ ᠵᠢᠢ ᠫᠧᠩ᠂ ᠮᠠ ᠮᠧᠩ᠂ ᠯᠢ ᠱᠢ ᠬᠠᠢ᠂ ᠭᠧᠩ ᠴᠧᠩ᠂ ᠯᠢ ᠭᠦᠸᠧ ᠴᠢᠶᠠᠩ᠂ ᠸᠠᠩ ᠶᠢᠩ | ᠴᠢᠶᠦ᠋ᠨ᠂ ᠶᠢᠨ ᠳ᠋ᠢᠶᠠᠨ᠂ ᠯᠦᠸᠧ ᠶᠠᠨ ᠬᠤᠩ᠂ ᠵᠢᠶᠠᠩ ᠬᠤᠩ ᠵᠢᠶᠦ᠋ᠨ᠂ ᠵᠠᠩ ᠴᠢᠤᠸᠠᠨ ᠬᠤᠷᠠᠯ ᠳᠤ ᠣᠷᠣᠯᠴᠠᠨ | ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠵᠤ᠂ ᠰᠦᠩ ᠹᠸᠢ᠂ ᠯᠢᠦ ᠶᠢᠨ ᠪᠥᠸᠧ᠂ ᠸᠠᠩ ᠮᠢᠩ | ᠶᠠᠩ᠂ ᠪᠦᠦ ᠭᠦᠸᠧ ᠵᠦᠩ ᠵᠡᠷᠭᠡ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ | ᠲᠡᠷᠢᠭᠦᠯᠡᠭᠴᠢ ᠶᠢᠨ ᠲᠠᠶᠢᠰᠠᠨ᠎ᠠ ᠰᠠᠭᠠᠲᠠᠪᠠ᠃ | ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠠᠪᠤᠳᠤᠭᠠᠷ ᠬᠤᠷᠠᠯ ᠳᠤ ᠣᠷᠣᠯᠴᠠᠬᠤ ᠶᠣᠰᠣᠲᠠᠶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ 203 ᠬᠥᠮᠦᠨ᠂ ᠶᠡᠭᠡ ᠬᠤᠷᠠᠯ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ 178 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ | ᠨᠡᠶᠢᠴᠡᠨ᠎ᠡ᠃ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶ᠎ᠠ ᠶᠢᠨ ᠲᠠᠪᠤᠳᠤᠭᠠᠷ ᠬᠤᠷᠠᠯ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ | ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠬᠤ ᠬᠥᠮᠦᠰ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ᠂ ᠡᠯ᠎ᠡ ᠠᠷᠠᠳ ᠤᠨ ᠪᠦᠯᠬᠦᠮ᠂ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠭᠤᠤᠯᠳᠠᠯᠭ᠎ᠠ ᠲᠠᠢ | ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠠᠬᠠᠮᠠᠳ ᠺᠠᠳ᠋ᠷᠴᠤᠳ ᠤᠨ ᠲᠥᠯᠥᠭᠡᠯᠡᠭᠴᠢ ᠵᠡᠷᠭᠡ ᠶᠡᠭᠡ ᠬᠤᠷᠠᠯ ᠳᠤ | ᠰᠤᠯᠠ ᠣᠷᠣᠯᠴᠠᠪᠠ᠃ ᠬᠤᠪᠢᠶᠠᠷᠢ ᠬᠤᠷᠠᠯ ᠤᠨ ᠲᠠᠯᠠᠪᠠᠢ ᠶᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠪᠠ᠃ | ᠦᠳᠡ ᠶᠢᠨ ᠡᠮᠦᠨᠡᠬᠢ 10 ᠴᠠᠭ 10 ᠮᠢᠨᠦ᠋ᠲ ᠲᠤ᠂ ᠰᠦᠷ ᠵᠢᠪᠬᠤᠯᠠᠩᠲᠤ ᠤᠯᠤᠰ ᠤᠨ ᠰᠦᠯᠳᠡ | ᠳᠠᠭᠤᠤ ᠶᠢᠨ ᠠᠶᠠᠰ ᠳᠤᠮᠳᠠ᠂ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠡᠬᠢᠯᠡᠪᠡ᠃ ᠤᠯᠠᠭᠠᠨᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ ᠶᠡᠭᠡ ᠬᠤᠷᠠᠯ ᠳᠤ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠬᠢᠪᠠ᠃ | ᠮᠠ ᠮᠧᠩ᠂ ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠵᠠᠰᠠᠭ ᠤᠨ ᠣᠷᠳᠣᠨ ᠨᠠᠮ ᠤᠨ ᠬᠤᠷᠢᠳᠤᠭᠠᠷ | ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ᠂ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠶᠢᠮᠠᠭ ᠤᠨ ᠵᠠᠬᠢᠷᠭ᠎ᠠ ᠪᠠ ᠬᠤᠲᠠ ᠶᠢᠨ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠵᠢᠯᠣᠭᠤᠳᠣᠯᠭ᠎ᠠ ᠳᠣᠤᠷ᠎ᠠ᠂ ︽ᠬᠤᠶᠠᠷ ᠶᠡᠭᠡ | ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ | ᠨᠢᠭᠡᠳᠦᠯᠲᠡᠶ ᠲᠥᠯᠥᠪᠯᠡᠨ ᠠᠬᠢᠭᠤᠯᠵᠤ᠂ ︽ᠭᠤᠷᠪᠠᠨ ᠣᠷᠴᠢᠨ ᠲᠣᠭᠤᠷᠢᠨ︾ ᠢ ᠶᠡᠭᠡ ᠪᠠᠷ ᠰᠠᠶᠢᠵᠢᠷᠠᠭᠤᠯᠵᠤ᠂ | ᠠᠶᠢᠮᠠᠭ ᠤᠨ ᠵᠠᠰᠠᠭ ᠤᠨ ᠣᠷᠳᠣᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠴᠠ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯ ᠤᠨ ᠲᠣᠭᠲᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ | ᠡᠯ᠎ᠡ ᠵᠦᠢᠯ ᠤᠨ ᠠᠵᠢᠯ ᠦᠢᠯᠡᠰ ᠰᠢᠨ᠎ᠡ ᠦᠷ᠎ᠡ ᠪᠦᠲᠦᠮᠵᠢ ᠤᠯᠪᠠ ᠭᠡᠵᠦ ᠵᠢᠭᠠᠨ ᠭᠠᠷᠭᠠᠵᠠᠢ᠃ | ᠮᠠ ᠮᠧᠩ ᠠᠴᠠ᠂ ᠡᠨᠡ ᠵᠢᠯ ᠪᠣᠯ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠮᠥᠨᠴᠦ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠲᠡᠭᠦᠰᠬᠦ ᠵᠢᠯ ᠪᠣᠯᠤᠨ᠎ᠠ᠂ ᠪᠦᠬᠦ ᠵᠢᠯ ᠤᠨ ᠡᠯ᠎ᠡ | ᠵᠦᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃ ᠥᠷᠢᠰᠥᠯᠳᠦᠭᠡᠨ ᠪᠠ ᠠᠵᠠ ᠲᠣᠬᠢᠶᠠᠯ | ᠵᠡᠷᠭᠡᠪᠡᠷ ᠣᠷᠣᠰᠢᠵᠤ᠂ ᠳᠠᠷᠤᠯᠲᠠ ᠪᠠ ᠬᠥᠳᠡᠯᠭᠡᠬᠦ ᠬᠦᠴᠦᠨ ᠵᠡᠷᠭᠡᠪᠡᠷ ᠣᠷᠣᠰᠢᠵᠤ ᠪᠠᠶᠢᠨ᠎ᠠ᠃ ᠰᠢᠨ᠎ᠡ ᠡᠭᠦᠷᠭᠡ | ᠬᠠᠷᠢᠭᠤᠴᠠᠯᠭ᠎ᠠ ᠶᠢ ᠰᠢᠨ᠎ᠡ ᠡᠭᠦᠷᠭᠡᠯᠡᠯ᠂ ᠰᠢᠨ᠎ᠡ ᠠᠶᠠᠨ ᠵᠠᠮ ᠳᠤ ᠰᠢᠨ᠎ᠡ ᠠᠮᠵᠢᠯᠲᠠ ᠪᠦᠲᠦᠮᠵᠢ ᠤᠯᠤᠨ᠎ᠠ︕ ᠪᠢᠳᠡ | ᠡᠷᠬᠡᠪᠰᠢ ᠠᠵᠢᠯ ᠬᠢᠵᠦ ᠦᠢᠯᠡᠰ ᠪᠤᠰᠬᠠᠬᠤ ︽ᠴᠤᠭ ᠰᠦᠯᠳᠡ︾ ᠶᠢ ᠬᠥᠭᠵᠢᠭᠡᠵᠦ᠂ ᠡᠷᠡᠯᠬᠡᠭᠯᠡᠨ ᠲᠡᠮᠡᠴᠡᠬᠦ ︽ | ᠰᠢᠨ᠎ᠡ ᠵᠢᠳᠬᠦᠯ ᠴᠢᠷᠮᠠᠶᠢᠯᠭ᠎ᠠ︾ ᠶᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠮᠠ ᠮᠧᠩ᠂ ᠬᠤᠲᠠ ᠶᠢᠨ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ | ᠡᠨᠡ ᠵᠢᠯ ᠤᠨ ᠠᠵᠢᠯ ᠢ ᠰᠠᠶᠢᠲᠤᠷ ᠬᠢᠵᠦ᠂ ᠲᠥᠪ ᠪᠠ ᠪᠥᠬᠦ ᠣᠷᠣᠨ᠂ ᠪᠥᠬᠦ ᠠᠶᠢᠮᠠᠭ ᠤᠨ ᠠᠵᠤ ᠠᠬᠤᠶ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠮᠣᠩᠭᠤᠯ ᠮᠣᠷᠢᠨ ᠤ | ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠲᠠᠪᠤᠨ ᠶᠡᠭᠡ ᠡᠭᠦᠷᠭᠡ ᠶᠢ ᠦᠷᠭᠦᠯᠵᠢᠯᠡᠨ ᠠᠬᠢᠭᠤᠯᠵᠤ᠂ ︽ | ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ︽ᠲᠠᠪᠤᠨ ᠨᠢᠭᠡᠳᠦᠭᠡᠷ︾ ᠢ ᠰᠠᠶᠢᠲᠤᠷ ᠬᠢᠬᠦ ᠶᠢ ᠪᠠᠷᠢᠮᠲᠠᠯᠠᠵᠤ᠂ ︽ᠭᠤᠷᠪᠠᠨ ᠣᠷᠴᠢᠨ | ᠲᠣᠭᠤᠷᠢᠨ︾ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ ᠪᠠ ᠰᠢᠨ᠎ᠡ ᠵᠠᠮ ᠢ ᠨᠡᠭᠡᠬᠡᠵᠦ ᠳᠤᠮᠳᠠ ᠲᠥᠪᠰᠢᠨ ᠳᠤ ᠣᠷᠤᠬᠤ ᠳᠤ ᠤᠯᠠᠭᠠᠨᠬᠤᠲᠠ ᠶᠢᠨ ᠬᠦᠴᠦᠨ | ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃ | 2025 ᠣᠨ ᠳᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠵᠢᠱᠢᠯᠲᠡ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5% ᠠᠴᠠ ᠳᠡᠭᠡᠭᠰᠢ ᠨᠡᠮᠡᠭᠳᠡᠭᠦᠯᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ | ᠠᠳᠠᠯᠢ ᠪᠣᠯᠭᠠᠨ᠎ᠠ᠃ | ᠳᠡᠭᠡᠷ᠎ᠡ ᠳᠤᠷᠠᠳᠤᠭᠰᠠᠨ ᠰᠡᠳᠬᠢᠴᠡ ᠪᠣᠯᠤᠨ ᠬᠠᠷᠠᠯᠲᠠ ᠶᠢᠨ ᠲᠣᠭᠤᠷᠢᠨ ᠳᠤ᠂ ᠪᠢᠳᠡ ᠵᠢᠷᠭᠤᠭᠠᠨ | ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ᠨᠢᠭᠡ ᠳᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠬᠥᠳᠡᠯᠭᠡᠬᠦ ᠬᠦᠴᠦᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ | ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ | ᠬᠤᠶᠠᠷ ᠲᠤ᠂ ᠳᠣᠲᠣᠭᠠᠳᠤ ᠭᠠᠳᠠᠭᠠᠳᠤ ᠶᠢ ᠵᠡᠷᠭᠡ ᠪᠠᠷ ᠵᠠᠰᠠᠵᠤ᠂ ᠬᠤᠲᠠ ᠶᠢᠨ ᠰᠢᠨ᠎ᠡ ᠳᠦᠷᠢ ᠲᠥᠷᠬᠦ ᠶᠢ | ᠪᠤᠶ ᠪᠣᠯᠭᠠᠬᠤ ᠶᠢ ᠪᠠᠷᠢᠮᠲᠠᠯᠠᠵᠤ᠂ ︽ᠠᠷᠠᠳ ᠤᠨ ᠬᠤᠲᠠ︾ ᠶᠢᠨ ᠣᠶᠢᠯᠠᠭ᠋ᠭᠳᠠᠬᠤᠨ ᠢ ᠪᠦᠬᠦ ᠲᠠᠯ᠎ᠠ ᠪᠠᠷ | ᠦᠢᠯᠡᠳᠦᠯᠭᠡᠵᠢᠭᠦᠯᠵᠦ᠂ ᠣᠨᠤᠪᠴᠢᠲᠠᠢ ᠲᠦᠯᠦᠪᠵᠢᠭᠦᠯᠦᠨ᠂ ᠨᠠᠷᠢᠯᠢᠭ ᠪᠦᠲᠦᠭᠡᠨ ᠪᠠᠶᠢᠭᠤᠯᠵᠤ᠂ ᠨᠠᠷᠢᠨ ᠬᠠᠮᠢᠶᠠᠷᠴᠤ | ᠂ ᠬᠤᠲᠠ ᠶᠢᠨ ᠳᠠᠭᠠᠭᠠᠴᠠ ᠪᠠ ᠲᠠᠲᠠᠬᠤ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠤᠨ᠎ᠠ᠃ | ᠭᠤᠷᠪᠠ ᠳᠤ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠪᠠᠷᠢᠮᠲᠠᠯᠠᠵᠤ᠂ ᠠᠵᠤ | ᠦᠢᠯᠡᠳᠪᠦᠷᠢ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠵᠤ᠂ ᠪᠣᠳᠠᠲᠤ ᠴᠣᠭᠴᠠ ᠶᠢᠨ ᠠᠵᠤ | ᠠᠬᠤᠢ ᠶᠢ ᠴᠥᠬᠦᠷᠡᠰᠢ ᠦᠭᠡᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ | ᠬᠥᠭᠵᠢᠭᠦᠯᠦᠨ ᠰᠢᠯᠢᠳᠡᠭᠵᠢᠭᠦᠯᠵᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ | ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠵᠤ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠤᠨ᠎ᠠ᠃ | ᠲᠦᠷᠪᠡ ᠳᠤ᠂ ᠠᠵᠤ ᠦᠢᠯᠡᠰ ᠢᠶᠠᠷ ᠬᠥᠳᠡᠭᠡ ᠠᠵᠤ ᠠᠬᠤᠢ ᠶᠢ ᠬᠥᠭᠵᠢᠭᠦᠯᠬᠦ ᠶᠢ ᠪᠠᠷᠢᠮᠲᠠᠯᠠᠵᠤ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠬᠦᠴᠦᠯᠡᠨ ᠵᠢᠷᠤᠭᠯᠠᠵᠤ᠂ ︽ ᠮᠢᠩᠭ᠎ᠠ | ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠨᠠᠷᠢᠨ ᠬᠡᠷᠡᠭᠯᠡᠵᠦ᠂ ᠬᠥᠳᠡᠭᠡ ᠠᠵᠤ | ᠠᠬᠤᠢ ᠶᠢᠨ ᠰᠠᠭᠤᠷᠢ ᠶᠢ ᠨᠡᠩ ᠪᠠᠲᠤᠳᠬᠠᠵᠤ᠂ ᠬᠥᠳᠡᠭᠡ ᠲᠣᠰᠬᠤᠨ ᠤ ᠭᠠᠵᠠᠷ ᠣᠷᠣᠨ ᠢ ᠨᠡᠩ ᠴᠡᠴᠡᠭᠯᠡᠭᠦᠯᠦᠨ | ᠬᠥᠭᠵᠢᠭᠦᠯᠵᠦ᠂ ᠲᠠᠷᠢᠶᠠᠴᠢᠳ ᠤᠨ ᠠᠮᠢᠳᠤᠷᠠᠯ ᠢ ᠨᠡᠩ ᠬᠥᠭᠵᠢᠶᠡᠨ ᠲᠠᠢ ᠪᠣᠯᠭᠠᠬᠤ ᠶᠢ ᠠᠬᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠪᠦᠬᠦ ᠬᠦᠴᠦᠨ ᠢᠶᠠᠷ ᠲᠦᠷᠭᠡᠳᠬᠡᠨ᠎ᠡ᠃ | ᠲᠠᠪᠤ ᠳᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ | ᠭᠤᠷᠪᠠᠳᠤᠭᠠᠷ ᠠᠵᠤ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠵᠦ᠂ ᠬᠡᠷᠡᠭᠯᠡᠭᠡᠨ ᠤ | ᠢᠲᠡᠭᠡᠯ ᠵᠣᠷᠢᠭ ᠢ ᠪᠦᠬᠦ ᠲᠠᠯ᠎ᠠ ᠪᠠᠷ ᠬᠥᠪᠴᠢᠯᠡᠵᠦ᠂ ᠪᠦᠬᠦ ᠣᠷᠣᠨ ᠪᠦᠰᠡ ᠶᠢᠨ ᠵᠢᠭᠤᠯᠴᠢᠯᠠᠯ ᠢ ᠶᠡᠬᠡᠪᠡᠷ | ᠬᠥᠭᠵᠢᠭᠦᠯᠵᠦ᠂ ᠬᠠᠭᠤᠴᠢᠨ ᠢᠶᠠᠷ ᠰᠢᠨ᠎ᠡ ᠶᠢ ᠰᠣᠯᠢᠬᠤ᠂ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ | ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠬᠡᠷᠡᠭᠯᠡᠭᠡ ᠶᠢᠨ ᠣᠷᠭᠠᠨᠢᠭ ᠠᠭᠤᠰᠤᠯᠴᠠᠯ ᠢ ᠲᠦᠷᠭᠡᠳᠬᠡᠵᠦ᠂ ᠬᠡᠷᠡᠭᠯᠡᠭᠡᠨ ᠤ ᠳᠠᠯᠳᠠ | ᠬᠦᠴᠦᠨ ᠢ ᠨᠡᠩ ᠰᠠᠶᠢᠨ ᠪᠠᠳᠠᠷᠠᠭᠤᠯᠤᠨ᠎ᠠ᠃ | ᠵᠢᠷᠭᠤᠭ᠎ᠠ ᠳᠤ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ | ᠠᠵᠠ ᠵᠢᠷᠭᠠᠯ ᠤᠨ ᠰᠢᠨ᠎ᠡ ᠬᠠᠭᠤᠳᠠᠰᠤ ᠶᠢ ᠬᠦᠴᠦᠯᠡᠨ ᠪᠢᠴᠢᠭᠯᠡᠵᠦ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠨᠢᠭᠡ ᠪᠦᠯᠦᠭ ᠲᠥᠷᠥᠯ | ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ | ᠰᠢᠭᠤᠳ᠂ ᠬᠠᠮᠤᠭ ᠤᠨ ᠪᠣᠳᠠᠲᠠᠶ ᠠᠷᠠᠳ ᠤᠨ ᠠᠮᠢᠳᠤᠷᠠᠯ ᠤᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ | ᠣᠯᠠᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠨᠡᠮᠡᠭᠳᠡᠭᠦᠯᠬᠦ ᠬᠡᠷᠡᠭᠲᠡᠢ᠃ | ᠮᠠ ᠮᠧᠩ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠤᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠡᠷᠴᠢ ᠵᠣᠷᠢᠭ ᠢᠶᠠᠨ ᠬᠥᠪᠴᠢᠯᠡᠨ᠂ ᠡᠷᠡᠮᠡᠬᠡᠶᠢᠯᠡᠨ ᠤᠷᠤᠭᠰᠢᠯᠠᠵᠤ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ ᠤᠯᠠᠭᠠᠨᠬᠤᠲᠠ ᠶᠢᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠰᠢᠨ᠎ᠡ ᠬᠠᠭᠤᠳᠠᠰᠤ ᠶᠢ ᠪᠢᠴᠢᠭᠯᠡᠶ᠎ᠡ ᠭᠡᠵᠦ ᠴᠢᠬᠤᠯᠠᠴᠢᠯᠠᠵᠠᠢ᠃ | ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠱᠢ ᠬᠠᠶ ᠤᠯᠠᠭᠠᠨᠬᠤᠲᠠ ᠶᠢᠨ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ | ᠶᠡᠭᠡ ᠬᠤᠷᠠᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ | ᠮᠡᠳᠡᠭᠦᠯᠦᠯᠲᠡ ᠬᠢᠪᠡ᠃ | ᠯᠢ ᠱᠢ ᠬᠠᠶ ᠮᠡᠳᠡᠭᠦᠯᠦᠯᠲᠡ ᠳᠡᠭᠡᠨ ᠥᠩᠭᠡᠷᠡᠭᠰᠡᠨ ᠨᠢᠭᠡ ᠵᠢᠯ ᠤᠨ ᠤᠯᠠᠭᠠᠨᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠢ ᠡᠷᠭᠢᠴᠡᠭᠦᠯᠦᠭᠰᠡᠨ ᠪᠥᠭᠡᠳ | 2025 ᠣᠨ ᠤ ᠠᠵᠢᠯ ᠳᠤ ᠰᠠᠨᠠᠭᠤᠯᠭ᠎ᠠ ᠳᠤᠷᠠᠳᠪᠠ᠃ | ᠯᠢ ᠱᠢ ᠬᠠᠢ᠂ ᠨᠢᠭᠡ ᠵᠢᠯ ᠤᠨ ᠲᠤᠷᠰᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ | ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ | ᠴᠢᠬᠤᠯᠠ ᠶᠡᠭᠡ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ︽ᠨᠢᠭᠡ ᠭᠤᠣᠯ ᠰᠢᠵᠢᠮ︾ ᠢ | ᠲᠤᠭᠤᠰᠢᠯᠠᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠬᠦᠴᠦᠨ ᠨᠡᠮᠡᠷᠢᠯᠡᠵᠦ᠂ ︽ᠬᠤᠶᠠᠷ | ᠢᠨᠵᠧᠨᠧᠷᠢᠩ︾ ᠢ ᠬᠡᠷᠡᠭᠵᠢᠭᠦᠯᠬᠦ ᠭᠤᠣᠯ ᠶᠡᠭᠡ ᠲᠠᠯ᠎ᠠ ᠶᠢᠨ ᠲᠣᠭᠤᠷᠢᠨ ᠳᠤ ᠦᠨᠳᠦᠰᠦᠨ ᠬᠠᠤᠯᠢ ᠬᠠᠤᠯᠢ | ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠦᠬᠦ ᠬᠤᠲᠠ ᠶᠢᠨ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠪᠠ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠳᠤ | ᠬᠦᠴᠦᠨ ᠴᠢᠳᠠᠯ ᠢᠶᠠᠨ ᠡᠷᠭᠦᠪᠡ ᠭᠡᠵᠦ ᠵᠢᠭᠠᠵᠤ ᠭᠠᠷᠭᠠᠵᠠᠢ᠃ | ᠯᠢ ᠱᠢ ᠬᠠᠢ᠂ 2025 ᠣᠨ ᠳᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ | ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ | ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠤ᠂ ᠪᠦᠬᠦ ᠶᠠᠪᠤᠴᠠ ᠶᠢᠨ ᠠᠷᠠᠳ ᠤᠨ | ᠠᠷᠠᠳᠴᠢᠯᠠᠯ ᠢ ᠲᠠᠰᠤᠷᠠᠯᠲᠠ ᠦᠭᠡᠢ ᠬᠥᠭᠵᠢᠭᠦᠯᠵᠦ᠂ ᠠᠷᠠᠳ ᠤᠨ ᠠᠷᠠᠳᠴᠢᠯᠠᠯ ᠤᠨ ᠡᠷᠬᠡ ᠶᠢ ᠦᠨᠡᠨ ᠬᠦ | ᠪᠠᠲᠤᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ | ᠬᠥᠳᠡᠯᠭᠡᠬᠦ ᠬᠦᠴᠦᠨ ᠪᠣᠯᠭᠠᠵᠤ᠂ ᠬᠤᠳᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ | ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠶᠢ ᠴᠢᠷᠮᠠᠶᠢᠨ | ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ | ᠥᠷᠨᠢᠭᠦᠯᠬᠦ ᠶᠢ ᠠᠬᠢᠭᠤᠯᠵᠤ᠂ ︽ᠲᠠᠪᠤᠨ ᠨᠢᠭᠡᠳᠦᠭᠡᠷ︾ ᠢ ᠰᠠᠶᠢᠲᠤᠷ ᠬᠢᠬᠦ ᠶᠢ ᠪᠠᠷᠢᠮᠲᠠᠯᠠᠵᠤ᠂ ︽ᠭᠤᠷᠪᠠᠨ ᠣᠷᠴᠢᠨ | ᠲᠣᠭᠤᠷᠢᠨ︾ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ︽ᠬᠤᠶᠠᠷ ᠶᠡᠭᠡ ᠶᠠᠪᠤᠳᠠᠯ︾ | ᠪᠣᠯᠤᠨ ︽ᠰᠢᠨ᠎ᠡ ᠵᠠᠮ ᠢ ᠨᠡᠭᠡᠭᠡᠵᠦ᠂ ᠳᠤᠮᠳᠠ ᠲᠥᠪᠰᠢᠨ ᠳᠤ ᠣᠷᠣᠬᠤ︾ ᠶᠡᠭᠡ ᠲᠠᠯ᠎ᠠ ᠶᠢ ᠰᠠᠶᠢᠲᠤᠷ ᠬᠢᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢ ᠨᠡᠮᠡᠷᠢᠯᠡᠨ᠎ᠡ ᠭᠡᠵᠦ ᠴᠢᠬᠤᠯᠠᠴᠢᠯᠠᠵᠠᠢ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠯᠢ ᠱᠢ ᠬᠠᠢ ᠂ 2025 ᠣᠨ ᠳᠤ᠂ | ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠠᠮ ᠤᠨ | ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ | ᠪᠠᠲᠤᠳᠬᠠᠬᠤ ᠬᠡᠷᠡᠭᠲᠡᠢ᠃ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ | ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ | ᠲᠥᠯᠥᠭᠡᠯᠡᠭᠴᠢᠳ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠶᠠᠪᠤᠴᠠ ᠶᠢᠨ | ᠠᠷᠠᠳ ᠤᠨ ᠠᠷᠠᠳᠴᠢᠯᠠᠯ ᠢ ᠨᠡᠩ ᠰᠠᠶᠢᠲᠤᠷ ᠦᠢᠯᠡᠳᠦᠯᠭᠡᠵᠢᠭᠦᠯᠬᠦ ᠬᠡᠷᠡᠭᠲᠡᠢ᠃ ︽ᠲᠦᠷᠪᠡᠨ ᠪᠠᠶᠢᠭᠤᠯᠭ᠎ᠠ︾ ᠶᠢᠨ | ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ | ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠯᠢ ᠱᠢ ᠬᠠᠢ᠂ ᠪᠢᠳᠡ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠠᠴᠠ | ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠴᠤᠴᠠᠯᠲᠠ ᠦᠭᠡᠢ ᠤᠷᠤᠭᠰᠢᠯᠠᠬᠤ | ᠣᠪᠣᠷ ᠪᠠᠶᠢᠳᠠᠯ ᠢᠶᠠᠷ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠤᠭᠤᠷᠠᠰᠢ ᠦᠭᠡᠢ ᠵᠣᠷᠢᠭ | ᠰᠠᠨᠠᠭ᠎ᠠ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ ᠣᠪᠣᠷ ᠢᠶᠠᠷ | ᠡᠭᠦᠷᠭᠡᠯᠡᠨ ᠠᠵᠢᠯᠯᠠᠵᠤ᠂ ᠤᠯᠠᠭᠠᠨᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠪᠣᠯᠤᠨ | ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠬᠤ ᠳᠤ ᠤᠯᠠᠭᠠᠨᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠤᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠶ᠎ᠡ ᠭᠡᠵᠦ | ᠴᠢᠬᠤᠯᠠᠴᠢᠯᠠᠵᠠᠢ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ | ᠲᠡᠷᠢᠭᠦᠯᠡᠭᠴᠢ᠂ ᠶᠡᠭᠡ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠶᠢᠨ ᠳ᠋ᠢᠶᠠᠨ ᠬᠤᠷᠠᠯ ᠢ ᠡᠷᠬᠢᠯᠡᠪᠡ᠃ | ᠶᠡᠭᠡ ᠬᠤᠷᠠᠯ ᠠᠴᠠ ᠪᠠᠰᠠ ᠤᠯᠠᠭᠠᠨᠬᠤᠲᠠ ᠶᠢᠨ 2024 ᠣᠨ ᠤ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶ ᠶᠢᠨ ᠮᠡᠳᠡᠭᠦᠯᠦᠯᠲᠡ᠂ | ᠤᠯᠠᠭᠠᠨᠬᠤᠲᠠ ᠶᠢᠨ 2024 ᠣᠨ ᠤ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ 2025 | ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠤᠨ ᠮᠡᠳᠡᠭᠦᠯᠦᠯᠲᠡ ᠪᠠ 2024 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ | ᠠᠵᠢᠯ ᠤᠨ ᠮᠡᠳᠡᠭᠦᠯᠦᠯᠲᠡ ᠶᠢ ᠪᠢᠴᠢᠭ ᠤᠨ ᠬᠡᠯᠪᠡᠷᠢ ᠪᠠᠷ ᠮᠡᠳᠡᠭᠦᠯᠵᠡᠢ᠃ ᠤᠯᠠᠭᠠᠨᠬᠤᠲᠠ ᠶᠢᠨ 2024 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ | ᠪᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠣᠳᠣᠷᠬᠠᠶᠢᠯᠠᠯᠲᠠ᠂ | ᠰᠣᠩᠭᠤᠭᠤᠯᠢ ᠶᠢᠨ ᠠᠷᠭ᠎ᠠ ︵ᠲᠥᠰᠦᠯ︶ ᠶᠢᠨ ᠲᠣᠳᠣᠷᠬᠠᠶᠢᠯᠠᠯᠲᠠ ᠪᠠ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠤᠨ ᠲᠥᠯᠥᠭᠡᠯᠡᠭᠴᠢ ᠶᠢ ᠪᠢᠯᠧᠲ ᠥᠭᠴᠦ ᠲᠣᠭᠲᠠᠭᠠᠬᠤ ᠠᠷᠭ᠎ᠠ ︵ᠲᠥᠰᠦᠯ︶ ᠶᠢᠨ | ᠲᠣᠳᠣᠷᠬᠠᠶᠢᠯᠠᠯᠲᠠ ᠶᠢ ᠰᠣᠨᠣᠰᠪᠠ᠃ | | | | |