| | 2 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠬᠤᠲᠠ ᠶᠢᠨ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠭᠤᠷᠪᠠᠳᠤᠭᠠᠷ | ᠪᠥᠬᠦᠳᠡ ᠬᠤᠷᠠᠯ ᠬᠤᠷᠠᠯᠳᠤᠭᠤᠯᠵᠤ᠂ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ | ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠠᠪᠤᠳᠤᠭᠠᠷ ᠬᠤᠷᠠᠯ ᠠᠮᠵᠢᠯᠲᠠ ᠲᠠᠢ ᠲᠡᠭᠦᠰᠪᠡ᠃ | | | | | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ | ᠲᠡᠷᠢᠭᠦᠯᠡᠭᠴᠢ ᠶᠠᠩ ᠵᠢᠢ ᠫᠧᠩ᠂ ᠮᠠ ᠮᠧᠩ᠂ ᠯᠢ ᠱᠢ ᠬᠠᠢ᠂ ᠭᠧᠩ ᠴᠧᠩ᠂ ᠯᠢ ᠭᠦᠸᠧ ᠴᠢᠶᠠᠩ᠂ ᠸᠠᠩ ᠶᠢᠩ | ᠴᠢᠶᠦ᠋ᠨ᠂ ᠶᠢᠨ ᠳ᠋ᠢᠶᠠᠨ᠂ ᠯᠦᠸᠧ ᠶᠠᠨ ᠬᠤᠩ᠂ ᠵᠢᠶᠠᠩ ᠬᠤᠩ ᠵᠢᠶᠦ᠋ᠨ᠂ ᠵᠠᠩ ᠴᠢᠤᠸᠠᠨ ᠬᠤᠷᠠᠯ ᠳᠤ ᠣᠷᠣᠯᠴᠠᠨ | ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠵᠤ᠂ ᠰᠦᠩ ᠹᠸᠢ᠂ ᠯᠢᠦ ᠶᠢᠨ ᠪᠥᠸᠧ᠂ ᠸᠠᠩ ᠮᠢᠩ | ᠶᠠᠩ᠂ ᠪᠦᠦ ᠭᠦᠸᠧ ᠵᠦᠩ ᠵᠡᠷᠭᠡ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ | ᠲᠡᠷᠢᠭᠦᠯᠡᠭᠴᠢ ᠶᠢᠨ ᠲᠠᠶᠢᠰᠠᠨ᠎ᠠ ᠰᠠᠭᠠᠲᠠᠪᠠ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ | ᠲᠡᠷᠢᠭᠦᠯᠡᠭᠴᠢ ᠶᠢᠨ ᠳ᠋ᠢᠶᠠᠨ᠂ ᠵᠢᠶᠠᠩ ᠬᠤᠩ ᠵᠢᠶᠦ᠋ᠨ᠂ ᠵᠠᠩ ᠴᠢᠤᠸᠠᠨ ᠬᠤᠷᠠᠯ ᠢ ᠡᠷᠬᠢᠯᠡᠪᠡ᠃ | ᠶᠡᠭᠡ ᠬᠤᠷᠠᠯ ᠳᠤ ᠣᠷᠣᠯᠴᠠᠬᠤ ᠶᠣᠰᠣᠲᠠᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ 203 ᠬᠥᠮᠦᠨ᠂ ᠶᠡᠭᠡ ᠬᠤᠷᠠᠯ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ 178 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ | ᠨᠡᠶᠢᠴᠡᠪᠡ᠃ | ᠶᠡᠭᠡ ᠬᠤᠷᠠᠯ ᠠᠴᠠ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ | ᠤᠨ ᠬᠠᠨᠤᠮᠵᠢ ᠶᠢᠨ ᠬᠡᠮᠵᠢᠶ᠎ᠡ ᠶᠢ ᠬᠡᠮᠵᠢᠨ ᠲᠣᠭᠲᠠᠭᠠᠵᠤ᠂ ᠪᠢᠯᠧᠲ ᠥᠭᠴᠦ 2025 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠲᠣᠭᠲᠠᠭᠠᠪᠠ᠃ ᠪᠢᠯᠧᠲ ᠢᠶᠠᠷ ᠳᠡᠮᠵᠢᠨ᠂ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ᠂ ᠲᠠᠷᠢᠶᠠᠯᠠᠩ ᠤᠨ ᠶᠠᠰᠤ ᠴᠢᠨᠠᠷ ᠢ | ᠳᠡᠭᠡᠭᠰᠢᠯᠡᠭᠦᠯᠵᠦ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠲᠥᠷᠥᠯ ᠵᠦᠢᠯ᠂ ᠤᠶᠤᠨᠲᠤ ᠵᠠᠮ ᠤᠨ | ᠳ᠋ᠧᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠲᠠᠰ ᠳᠡᠪᠰᠢᠭᠦᠯᠬᠦ ᠲᠥᠷᠥᠯ ᠵᠦᠢᠯ᠂ ᠠᠶᠢᠭᠦ᠋ᠸᠧ ᠬᠤᠶᠠᠳᠤᠭᠠᠷ ᠪᠠᠭ᠎ᠠ ᠰᠤᠷᠭᠠᠭᠤᠯᠢ ᠶᠢᠨ ᠵᠢᠭᠠᠨ | ᠰᠤᠷᠭᠠᠯᠲᠠ ᠶᠢᠨ ᠠᠰᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ 2025 ᠣᠨ ᠳᠤ ᠬᠡᠷᠡᠭᠵᠢᠭᠦᠯᠬᠦ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢᠶᠠᠷ ᠲᠣᠭᠲᠠᠭᠠᠪᠠ᠃ | ᠶᠡᠭᠡ ᠬᠤᠷᠠᠯ ᠠᠴᠠ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠤᠯᠠᠭᠠᠨᠬᠤᠲᠠ ᠶᠢᠨ | ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠭᠡᠰᠢᠭᠦᠨ᠂ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠶᠢ | ᠨᠥᠬᠦᠨ ᠰᠣᠩᠭᠤᠵᠤ ᠭᠠᠷᠭᠠᠪᠠ᠃ | ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠱᠢ ᠬᠠᠶ ᠰᠢᠨ᠎ᠡ ᠪᠠᠷ ᠰᠣᠩᠭᠤᠭᠳᠠᠭᠰᠠᠨ ᠬᠥᠮᠦᠰ ᠲᠤ | ᠰᠣᠩᠭᠤᠭᠳᠠᠭᠰᠠᠨ ᠦᠨᠡᠮᠯᠡᠯ ᠣᠯᠭᠤᠪᠠ᠃ | ᠶᠡᠭᠡ ᠬᠤᠷᠠᠯ ᠠᠴᠠ ᠪᠠᠰᠠ ᠰᠢᠨ᠎ᠡ ᠪᠠᠷ ᠰᠣᠩᠭᠤᠭᠳᠠᠭᠰᠠᠨ ᠬᠥᠮᠦᠰ ᠤᠨ ᠦᠨᠳᠦᠰᠦᠨ ᠬᠠᠤᠯᠢ ᠳᠤ | ᠲᠠᠩᠭᠠᠷᠢᠭᠯᠠᠬᠤ ᠶᠣᠰᠣᠯᠠᠯ ᠶᠠᠪᠤᠭᠤᠯᠵᠠᠢ᠃ | ᠶᠡᠭᠡ ᠬᠤᠷᠠᠯ ᠠᠴᠠ ᠤᠯᠠᠭᠠᠨᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢ ᠬᠢᠨᠠᠨ ᠪᠠᠶᠢᠴᠠᠭᠠᠭᠰᠠᠨ ᠮᠡᠳᠡᠭᠦᠯᠦᠯᠲᠡ᠂ ᠤᠯᠠᠭᠠᠨᠬᠤᠲᠠ ᠶᠢᠨ ᠡᠳ᠋ ᠤᠨ | ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ ᠪᠠᠶᠢᠴᠠᠭᠠᠭᠰᠠᠨ ᠲᠤᠬᠠᠶ ᠮᠡᠳᠡᠭᠦᠯᠦᠯᠲᠡ ᠶᠢ | ᠰᠣᠨᠣᠰᠪᠠ᠃ ᠵᠥᠪᠯᠡᠯᠭᠡ ᠶᠢ ᠬᠢᠨᠠᠨ ᠪᠠᠶᠢᠴᠠᠭᠠᠭᠰᠠᠨ ᠮᠡᠳᠡᠭᠦᠯᠦᠯᠲᠡ᠂ ︽ᠤᠯᠠᠭᠠᠨᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠲᠤᠬᠠᠢ ᠰᠢᠢᠳᠪᠦᠷᠢ︾᠂ ︽ᠤᠯᠠᠭᠠᠨᠬᠤᠲᠠ ᠶᠢᠨ 2024 | ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ | ᠪᠠᠶᠢᠳᠠᠯ ᠪᠠ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢᠨ ᠲᠤᠬᠠᠢ ᠰᠢᠢᠳᠪᠦᠷᠢ︾᠂ ︽ᠤᠯᠠᠭᠠᠨᠬᠤᠲᠠ ᠶᠢᠨ 2024 ᠣᠨ ᠤ ᠲᠥᠰᠦᠪ ᠢ ᠭᠦᠢᠴᠡᠳᠬᠡᠭᠰᠡᠨ | ᠪᠠᠶᠢᠳᠠᠯ ᠪᠠ 2025 ᠣᠨ ᠤ ᠡᠳ᠋ ᠤᠨ ᠵᠠᠰᠠᠭ ᠤᠨ ᠲᠥᠰᠦᠪ ᠤᠨ ᠲᠤᠬᠠᠢ ᠰᠢᠢᠳᠪᠦᠷᠢ︾᠂ ︽ᠤᠯᠠᠭᠠᠨᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ | ᠲᠤᠬᠠᠢ ᠰᠢᠢᠳᠪᠦᠷᠢ︾᠂ ︽ᠤᠯᠠᠭᠠᠨᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ | ᠲᠤᠬᠠᠢ ᠰᠢᠢᠳᠪᠦᠷᠢ︾ ᠪᠠ ︽ᠤᠯᠠᠭᠠᠨᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ | ᠮᠡᠳᠡᠭᠦᠯᠦᠯᠲᠡ ᠶᠢᠨ ᠲᠤᠬᠠᠢ ᠰᠢᠢᠳᠪᠦᠷᠢ︾ ᠶᠢ ᠪᠠᠲᠤᠯᠠᠪᠠ᠃ | ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠱᠢ ᠬᠠᠶ ᠬᠤᠷᠠᠯ ᠲᠡᠭᠦᠰᠬᠦ ᠶᠠᠷᠢᠶ᠎ᠠ ᠲᠠᠯᠪᠢᠪᠠ᠃ | ᠯᠢ ᠱᠢ ᠬᠠᠢ ᠠᠴᠠ᠂ ᠪᠦᠬᠦ ᠲᠥᠯᠥᠭᠡᠯᠡᠭᠴᠢᠳ ᠪᠣᠯᠤᠨ ᠬᠤᠷᠠᠯ ᠳᠤ ᠣᠷᠣᠯᠴᠠᠭᠰᠠᠳ ᠤᠨ ᠬᠠᠮᠲᠤ ᠶᠢᠨ | ᠴᠢᠷᠮᠠᠶᠢᠯᠭ᠎ᠠ ᠪᠠᠷ ᠬᠤᠳᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠠᠪᠤᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ ᠭᠡᠵᠦ ᠵᠢᠭᠠᠵᠠᠢ᠃ | | 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ | ᠬᠤᠷᠢᠶᠠᠬᠤ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠲᠥᠯᠥᠪᠵᠢᠭᠦᠯᠭᠡ ᠶᠢᠨ ᠵᠢᠯ ᠮᠥᠨ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠪᠦᠬᠦ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠹᠷᠣᠨᠲ ᠤᠨ | ᠺᠠᠳ᠋ᠷ ᠠᠵᠢᠯᠳᠠᠨ ᠠᠵᠢᠯᠴᠢᠨ ᠢ ᠪᠦᠯᠬᠦᠮᠳᠡᠭᠦᠯᠦᠨ ᠳᠠᠭᠠᠭᠤᠯᠵᠤ᠂ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠵᠢᠴᠢ ᠲᠤᠰ ᠤᠳᠠᠭᠠᠨ ᠤ ᠬᠤᠷᠠᠯ ᠠᠴᠠ ᠲᠣᠭᠲᠠᠭᠠᠭᠰᠠᠨ ᠬᠠᠷᠠᠯᠲᠠ ᠶᠢᠨ | ᠲᠣᠭᠤᠷᠢᠨ ᠳᠤ᠂ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠴᠢᠩᠭ᠎ᠠ ᠪᠣᠳᠠᠲᠠᠢ ᠠᠵᠢᠯ ᠤᠨ | ᠰᠤᠷᠲᠠᠯ ᠢᠶᠠᠷ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠰᠠᠶᠢᠲᠤᠷ ᠪᠡᠶᠡᠯᠡᠭᠦᠯᠦᠨ᠎ᠡ᠃ | ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ | ᠲᠤᠬᠠᠢ ᠯᠢ ᠱᠢ ᠬᠠᠢ ᠠᠴᠠ᠂ ᠨᠢᠭᠡ ᠳᠤ᠂ ᠨᠠᠮ ᠳᠠᠭᠠᠨ ᠢᠮᠠᠭᠲᠠ ᠦᠨᠡᠨᠴᠢ ᠰᠢᠳᠤᠷᠭᠤ ᠪᠠᠶᠢᠵᠤ᠂ ᠵᠥᠪ | ᠣᠨᠣᠪᠴᠢᠲᠠᠢ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠰᠠᠨ | ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠲᠣᠭᠲᠠᠭᠠᠬᠰᠠᠨ︾ | ᠲᠤᠬᠠᠢ ᠳᠡᠭᠡᠳᠦ ᠬᠡᠮᠵᠢᠶᠡᠨ ᠤ ᠤᠯᠤᠰ ᠲᠦᠷᠦ ᠶᠢᠨ ᠮᠡᠳᠡᠷᠡᠮᠵᠢ ᠶᠢ ︽ᠬᠤᠶᠠᠷ ᠢ ᠬᠠᠮᠠᠭᠠᠯᠠᠬᠤ︾ ᠶᠢ | ᠦᠢᠯᠡᠳᠦᠯᠭᠡᠵᠢᠭᠦᠯᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠬᠤᠶᠠᠷ ᠲᠤ᠂ ᠬᠠᠤᠯᠢ ᠶᠣᠰᠣᠭᠠᠷ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠵᠢᠳᠬᠦᠯ ᠴᠢᠷᠮᠠᠶᠢᠯᠭ᠎ᠠ | ᠭᠠᠷᠭᠠᠵᠤ᠂ ᠪᠦᠬᠦ ᠬᠤᠲᠠ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠨᠡᠬᠦ ᠭᠤᠣᠯ ᠠᠵᠢᠯ ᠪᠣᠯᠤᠨ | ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ | ᠰᠢᠵᠢᠮ ᠲᠠᠢ ᠨᠢᠭᠲᠠ ᠤᠶᠠᠯᠳᠤᠭᠤᠯᠤᠨ᠂ ᠳᠠᠷᠤᠯᠲᠠ ᠪᠠ ᠬᠦᠴᠦ ᠨᠡᠮᠡᠵᠦ᠂ ᠦᠨᠡᠨ ᠬᠦ ᠠᠳᠬᠤᠨ ᠪᠣᠳᠠᠲᠠᠢ | ᠠᠵᠢᠯᠯᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ︽ᠵᠢᠷᠭᠤᠭᠠᠨ ᠢᠨᠵᠧᠨᠧᠷᠢᠩ︾ ᠢ ᠰᠠᠶᠢᠲᠤᠷ | ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠬᠤᠶᠠᠷ ᠶᠡᠭᠡ ᠶᠠᠪᠤᠳᠠᠯ | ︾ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠳᠤ ᠪᠦᠬᠦ ᠬᠦᠴᠦᠨ ᠢᠶᠠᠷ ᠢᠶᠠᠨ ᠠᠩᠬᠠᠷᠤᠯ ᠢᠶᠠᠨ | ᠲᠥᠪᠯᠡᠷᠡᠭᠦᠯᠵᠦ᠂ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠰᠠᠶᠢᠲᠤᠷ ᠭᠦᠢᠴᠡᠳᠬᠡᠵᠦ᠂ | ᠤᠯᠠᠭᠠᠨᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤᠯᠠᠭ᠎ᠠ ᠬᠠᠩᠭᠠᠬᠤ ᠬᠡᠷᠡᠭᠲᠡᠢ᠃ | ᠭᠤᠷᠪᠠ ᠳᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠲᠥᠯᠥᠭᠡ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠠᠯᠠᠭᠤᠨ ᠳᠤᠯᠠᠭᠠᠨ ᠪᠠᠶᠢᠬᠤ ᠶᠢ ᠪᠡᠶᠡᠯᠡᠭᠦᠯᠵᠦ᠂ ᠠᠷᠠᠳ ᠲᠦᠮᠡᠨ ᠤ | ᠵᠣᠭᠰᠣᠯᠲᠠ ᠶᠢ ᠪᠠᠲᠤ ᠵᠣᠭᠰᠣᠵᠤ᠂ ᠤᠯᠠᠨ ᠲᠦᠮᠡᠨ ᠯᠦᠭᠡ ᠶᠢᠨ ᠤᠯᠤᠯᠴᠠᠭ᠎ᠠ ᠪᠠᠨ ᠴᠢᠩᠭᠠᠳᠬᠠᠵᠤ᠂ | ᠲᠥᠯᠥᠭᠡᠯᠡᠭᠴᠢ ᠶᠢᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠲᠦᠷᠦ ᠶᠢᠨ | ᠪᠤᠳᠤᠯᠭ᠎ᠠ ᠶᠢᠨ ᠤᠬᠠᠭᠤᠯᠤᠨ ᠲᠠᠶᠢᠯᠪᠤᠷᠢᠯᠠᠭᠴᠢ᠂ ᠵᠥᠷᠢᠴᠡᠯ ᠢ ᠰᠢᠢᠳᠪᠦᠷᠢᠯᠡᠬᠦ ᠡᠶᠡᠳᠡᠭᠦᠯᠦᠭᠴᠢ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠬᠢᠨᠠᠯᠲᠠ ᠲᠠᠯᠪᠢᠭᠴᠢ ᠪᠤᠯᠵᠤ᠂ ᠲᠥᠯᠥᠭᠡᠯᠡᠭᠴᠢᠳ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠳᠤ ᠲᠦᠰᠢᠭᠯᠡᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠢᠯᠡᠳᠬᠡᠬᠦ ᠠᠷᠭ᠎ᠠ ᠵᠠᠮ ᠢ ᠤᠯᠠᠮ ᠴᠢᠨᠠᠭᠰᠢᠳᠠ ᠰᠢᠯᠤᠭᠤᠳᠬᠠᠵᠤ᠂ ᠤᠯᠠᠨ ᠲᠦᠮᠡᠨ ᠤ ︽ᠠᠮᠤᠷ ᠲᠦᠪᠰᠢᠨ | ᠬᠠᠯᠠᠭᠤᠨ ᠬᠦᠢᠲᠡᠨ︾ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠤᠯᠠᠨ ᠲᠦᠮᠡᠨ ᠤ ︽ᠪᠠᠴᠢᠮᠳᠠᠵᠤ | ᠲᠦᠪᠡᠭᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠠᠶᠢᠲᠤᠷ ᠠᠩᠬᠠᠷᠬᠤ ᠬᠡᠷᠡᠭᠲᠡᠢ᠃ ᠲᠦᠷᠪᠡ ᠳᠤ᠂ | ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠦᠨᠳᠦᠰᠦᠨ ᠬᠠᠤᠯᠢ ᠪᠠ | ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠦᠷᠭᠦᠯᠵᠢᠯᠡᠨ | ᠰᠦᠪᠡᠭᠴᠢᠯᠡᠨ ᠰᠢᠨ᠎ᠡ ᠶᠢ ᠡᠭᠦᠳᠴᠦ᠂ ᠠᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠪᠠᠶᠢᠭᠤᠯᠭ᠎ᠠ︾ ᠶᠢᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ | ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠠᠷᠠᠳ ᠤᠯᠠᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠥᠭᠡᠷᠡᠴᠢᠯᠡᠯᠲᠡ ᠬᠥᠭᠵᠢᠯᠲᠡ᠂ ᠬᠠᠤᠯᠢᠵᠢᠯ ᠤᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠵᠡᠷᠭᠡ ᠵᠠᠩᠭᠢᠯᠠᠭ᠎ᠠ ᠶᠢᠨ ᠬᠦᠷᠢᠶᠡᠨ ᠳᠤ ᠨᠡᠩ ᠶᠡᠭᠡ ᠦᠢᠯᠡᠳᠦᠯ ᠦᠵᠡᠭᠦᠯᠵᠦ᠂ ᠯᠠᠪᠳᠠᠭᠤᠨ ᠪᠠᠲᠤᠲᠠᠢ | ᠬᠠᠲᠠᠭᠤ ᠴᠢᠩᠭ᠎ᠠ ᠰᠤᠷᠲᠠᠯ ᠢᠶᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠯᠢ ᠱᠢ ᠬᠠᠢ ᠠᠴᠠ᠂ ᠪᠢᠳᠡ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠤᠷ᠎ᠠ᠂ ᠨᠠᠩ ᠪᠠᠲᠤ ᠴᠢᠩᠭ᠎ᠠ ᠢᠲᠡᠭᠡᠯ ᠵᠣᠷᠢᠭ ᠢᠶᠠᠷ ᠴᠢᠭᠯᠡᠯ ᠢᠶᠠᠨ ᠲᠣᠭᠲᠠᠭᠠᠵᠤ᠂ ᠨᠠᠩ ᠪᠣᠳᠠᠲᠠᠶ ᠶᠢ ᠡᠷᠬᠢᠮᠯᠡᠬᠦ | ᠰᠤᠷᠲᠠᠯ ᠢᠶᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ | ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ | ᠵᠦᠢᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠯᠠᠭᠠᠨᠬᠤᠲᠠ ᠶᠢᠨ ᠰᠢᠨ᠎ᠡ ᠬᠠᠭᠤᠳᠠᠰᠤ ᠶᠢ ᠰᠠᠶᠢᠲᠤᠷ | ᠪᠢᠴᠢᠭᠯᠡᠬᠦ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ ᠃ | ᠡᠴᠦᠰ ᠲᠤ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ | ᠠᠮᠵᠢᠯᠲᠠ ᠲᠠᠢ ᠲᠡᠭᠦᠰᠪᠡ᠃ | | | |