| 2 ᠰᠠᠷ᠎ᠠ ᠶᠢᠨ 13 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠬᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠪᠦᠷᠢᠨ ᠪᠦᠲᠦᠨ | ᠤᠨᠤᠴᠠᠳᠠᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠠᠢ ᠢᠳᠡᠪᠬᠢᠳᠡᠢ ᠠᠭᠤᠰᠤᠯᠴᠠᠭᠤᠯᠵᠦ᠂ ᠨᠢᠭᠡᠳᠦᠭᠡᠷ ᠠᠵᠤ ᠦᠢᠯᠡᠰ ᠢ | ᠦᠷᠭᠦᠯᠵᠢᠯᠡᠨ ᠪᠤᠵᠠᠭᠠᠶᠢᠷᠠᠭᠤᠯᠵᠤ᠂ ᠬᠤᠶᠠᠳᠤᠭᠠᠷ ᠠᠵᠤ ᠦᠢᠯᠡᠰ ᠢ ᠬᠦᠴᠦᠷᠬᠡᠭᠵᠢᠭᠦᠯᠵᠦ᠂ ᠭᠤᠷᠪᠠᠳᠤᠭᠠᠷ ᠠᠵᠦ | ᠦᠢᠯᠡᠰ ᠢ ᠰᠢᠯᠢᠳᠡᠭᠵᠢᠬᠦᠯᠬᠦ ᠬᠡᠷᠡᠭᠳᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠰᠧᠴᠤᠸᠠᠨ ᠤ ᠢ ᠪᠢᠨ ᠬᠤᠲᠠ ᠶᠢᠨ ᠵᠢᠶᠦ᠋ᠨ | ᠯᠢᠶᠠᠨ ᠰᠢᠶᠠᠨ ᠳᠤ ᠠᠭᠤᠯᠠ ᠶᠡᠭᠦᠷᠡᠭᠰᠡᠨ ᠲᠤᠬᠠᠢ ᠦᠭᠬᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠬᠤᠷᠢᠭ᠎ᠠ ᠱᠤᠭᠤᠮ ᠤᠨ ᠰᠡᠳᠭᠢᠬᠦᠢ ᠪᠠ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ | ᠪᠤᠢ ᠪᠣᠯᠭᠠᠵᠤ᠂ ᠡᠯ᠎ᠡ ᠲᠦᠷᠦᠯ ᠤᠨ ᠭᠠᠢ ᠭᠠᠮᠰᠢᠭ ᠪᠠ ᠠᠶᠤᠯᠬᠦᠢ ᠦᠢᠯᠡᠳᠪᠦᠷᠢᠯᠡᠯ ᠤᠨ ᠭᠡᠮ ᠰᠤᠭᠤᠭ ᠢ | ᠲᠠᠷᠠᠭᠠᠯᠠᠨ ᠪᠠᠶᠢᠴᠠᠭᠠᠬᠤ ᠶᠢ ᠴᠢᠩᠭᠠᠳᠬᠠᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠳᠤᠷᠠᠨ ᠬᠥᠳᠡᠯᠦᠯᠴᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠰᠤᠷᠢᠯᠳᠠ ᠶᠢ ᠴᠢᠩᠭᠠᠳᠬᠠᠵᠦ᠂ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠲᠡᠭᠡᠭᠰᠢᠯᠡᠬᠦᠯᠵᠦ᠂ ᠠᠷᠠᠳ ᠤᠯᠠᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠡᠢ᠃ | ᠬᠤᠷᠠᠯ ᠠᠴᠠ 1 ᠰᠠᠷ᠎ᠠ ᠶᠢᠨ 20 ᠤ ᠡᠳᠦᠷ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠤᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠦ᠂ | ᠠᠵᠤ ᠠᠬᠤᠶ ᠶᠢ ᠬᠦᠭᠵᠢᠬᠦᠯᠬᠦ᠂ ᠬᠦᠭᠵᠢᠯᠳᠡ ᠶᠢ ᠠᠳᠬᠤᠬᠤ ᠬᠠᠷᠢᠭᠤᠴᠠᠯᠭᠠᠳᠦ ᠰᠡᠳᠬᠢᠯᠭᠡ ᠪᠠᠨ ᠤᠯᠠᠮ ᠨᠢᠭᠡ | ᠠᠯᠬᠤᠮ ᠴᠢᠩᠭᠠᠳᠬᠠᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠶᠡᠬᠡᠪᠡᠷ ᠬᠥᠭᠵᠢᠭᠦᠯᠵᠦ᠂ | ᠵᠢᠱᠢᠶ᠎ᠡ ᠦᠵᠡᠭᠦᠯᠬᠦ ᠴᠢᠨᠠᠷᠲᠠᠶ᠂ ᠳᠠᠶᠢᠴᠢᠯᠠᠬᠤ ᠴᠢᠨᠠᠷ ᠢᠶᠠᠷ ᠴᠢᠩᠭ᠎ᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠪᠣᠳᠠᠲᠠᠶ ᠬᠡᠷᠡᠭᠵᠢᠭᠦᠯᠬᠦ ᠶᠢ ᠲᠦᠷᠭᠡᠳᠭᠡᠨ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠵᠠᠢ᠃ | ᠬᠤᠷᠠᠯ ᠠᠴᠠ 2 ᠰᠠᠷ᠎ᠠ ᠶᠢᠨ 10 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠡᠷᠡᠭᠯᠡᠭᠡ ᠶᠢ ᠳᠡᠭᠡᠭᠰᠢᠯᠡᠭᠦᠯᠬᠦ ᠶᠠᠪᠤᠳᠠᠯ ᠢ ᠨᠡᠩ | ᠲᠣᠪᠤᠶᠢᠮ᠎ᠠ ᠪᠠᠶᠢᠷᠢᠨ ᠳᠤ ᠲᠠᠯᠪᠢᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ | ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠬᠡᠷᠡᠭᠯᠡᠭᠡᠨ ᠤ ᠠᠬᠤᠶ | ᠪᠠᠶᠢᠳᠠᠯ ᠢ ᠦᠷᠭᠦᠯᠵᠢᠯᠡᠨ ᠪᠠᠶᠠᠯᠢᠭᠵᠢᠭᠤᠯᠵᠤ᠂ ᠬᠡᠷᠡᠭᠯᠡᠭᠡ ᠶᠢᠨ ᠬᠦᠷᠢᠶ᠎ᠡ ᠬᠡᠪᠴᠢᠶ᠎ᠡ ᠶᠢ ᠦᠷᠭᠡᠳᠭᠡᠨ ᠲᠡᠭᠡᠭᠰᠢᠯᠡᠬᠦᠯᠬᠦ | ᠬᠡᠷᠡᠭᠳᠡᠢ ᠭᠡᠵᠦ ᠴᠢᠬᠤᠯᠠᠴᠢᠯᠠᠭᠰᠠᠨ ᠪᠠᠶᠢᠨ᠎ᠠ᠃ | ᠬᠤᠷᠠᠯ ᠠᠴᠠ ︽ᠬᠢᠩᠭᠠᠨ ᠠᠶᠢᠮᠠᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠲᠦᠷᠦ ᠶᠢᠨ | ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠬᠢᠩᠭᠠᠨ ᠠᠶᠢᠮᠠᠭ ᠤᠨ ᠰᠠᠯᠬᠢ ᠪᠠ ᠭᠡᠷᠡᠯ ᠴᠡᠨᠡᠭ ᠤᠨ ᠡᠬᠢ | ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠪᠣᠯᠤᠨ ᠠᠵᠤ | ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠵᠠᠩ ᠸᠧᠶ ᠨᠠᠨ︶ |