ᠠᠷᠠᠳ ᠤᠨ ᠠᠮᠢᠳᠤᠷᠠᠯ ᠢ ᠤᠮᠳᠠᠯᠠᠭᠰᠠᠨ ᠤᠰᠤᠨ ᠠᠰᠢᠭᠯᠠᠯᠳᠠ ᠶᠢᠨ ᠦᠢᠯᠡᠰ
ᠨᠡᠶᠢᠲᠡᠯᠡᠭᠰᠡᠨ ᠴᠠᠭ᠄
2025/2/18
        ᠤᠰᠤᠨ ᠠᠰᠢᠭᠯᠠᠯᠳᠠ ᠶᠢᠨ ᠦᠢᠯᠡᠰ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠤᠭᠳᠠᠨ᠎ᠠ ᠃ 2024 ᠣᠨ ᠠᠴᠠ ᠨᠠᠭᠠᠰᠢ᠂ ᠬᠢᠩᠭᠠᠨ ᠠᠶᠢᠮᠠᠭ ᠤᠨ ᠤᠰᠤᠨ ᠠᠰᠢᠭᠯᠠᠯᠳᠠ ᠶᠢᠨ ᠲᠤᠪᠴᠢᠶ᠎ᠠ ᠶᠡᠷᠦᠩᠭᠡᠢ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠬᠦᠨ ᠳᠤ ᠲᠠᠯᠪᠢᠬᠤ᠂ ᠤᠷᠤᠨ ᠵᠠᠢ ᠶᠢ ᠲᠡᠩᠴᠡᠬᠦᠷᠢᠳᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠪᠤᠯᠤᠨ ᠤᠰᠤ ᠶᠢ ᠵᠠᠰᠠᠬᠤ ᠲᠤᠬᠠᠢ ᠴᠢᠬᠤᠯᠠ ᠦᠬᠦᠯᠡᠯᠳᠡ ᠶᠢᠨ ᠵᠤᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠡᠯ᠎ᠡ ᠲᠦᠷᠦᠯ ᠤᠨ ᠠᠵᠢᠯ ᠨᠢ ᠦᠯᠡᠮᠵᠢ ᠦᠷ᠎ᠠ ᠪᠦᠳᠦᠮᠵᠢ ᠤᠯᠪᠠ᠃        ᠲᠤᠮᠤ ᠲᠤᠮᠳᠠ ᠵᠢᠵᠢᠭ ᠤᠰᠤᠨ ᠠᠰᠢᠭᠯᠠᠯᠲᠠ ᠶᠢᠨ ᠢᠨᠵᠧᠨᠧᠷᠢᠩ ᠠᠴᠠ ᠪᠤᠰᠤᠳ ᠤᠰᠤᠨ ᠠᠰᠢᠭᠯᠠᠯᠳᠠ ᠶᠢᠨ ᠢᠨᠵᠧᠨᠧᠷᠢᠩ ᠢ 87 ᠬᠡᠷᠡᠭᠵᠢᠭᠦᠯᠪᠡ        2024 ᠤᠨ ᠳᠤ ᠲᠤᠮᠦ ᠲᠤᠮᠳᠠ ᠵᠢᠵᠢᠭ ᠤᠰᠤᠨ ᠠᠰᠢᠭᠯᠠᠯᠳᠠ ᠶᠢᠨ ᠢᠨᠵᠧᠨᠧᠷᠢᠩ ᠠᠴᠠ ᠪᠤᠰᠤᠳ ᠤᠰᠤᠨ ᠠᠰᠢᠭᠯᠠᠯᠳᠠ ᠶᠢᠨ ᠢᠨᠵᠧᠨᠧᠷᠢᠩ ᠢ 87 ᠬᠡᠷᠡᠭᠵᠢᠬᠦᠯᠵᠦ᠂ 9.53 ᠳ᠋ᠦᠩᠰᠢᠭᠤᠷ ᠲᠦᠭᠦᠷᠢᠭ ᠢ ᠪᠤᠳᠠᠳᠠᠢ ᠨᠠᠶᠢᠳᠠᠪᠤᠷᠢᠵᠢᠭᠤᠯᠵᠦ᠂ ᠦᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ 213% ᠪᠠᠷ ᠨᠡᠮᠡᠭᠳᠡᠨ᠂ ᠪᠥᠬᠦ ᠣᠷᠣᠨ ᠳᠤ ᠭᠤᠷᠪᠠᠳᠤᠭᠠᠷ ᠲᠤ ᠣᠷᠣᠪᠠ︔ ᠴᠤᠤᠯ ᠭᠤᠤᠯ ᠤᠨ ᠤᠰᠤ ᠶᠢ ᠲᠠᠳᠠᠵᠦ ᠯᠢᠶᠣᠤᠾᠧ ᠤᠷᠤᠨ ᠢ ᠲᠤᠰᠠᠯᠠᠬᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠳᠤ 23 ᠳ᠋ᠦᠩᠰᠢᠭᠤᠷ ᠲᠦᠭᠦᠷᠢᠭ ᠢ ᠪᠤᠳᠠᠳᠠᠢ ᠨᠠᠶᠢᠳᠠᠪᠤᠷᠢᠵᠢᠭᠤᠯᠵᠦ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠳᠤ 4 ᠳ᠋ᠦᠩᠰᠢᠭᠤᠷ ᠲᠦᠭᠦᠷᠢᠭ ᠢ ᠪᠤᠳᠠᠳᠠᠢ ᠨᠠᠶᠢᠳᠠᠪᠤᠷᠢᠵᠢᠭᠤᠯᠪᠠ᠃ ᠨᠡᠶᠢᠳᠡ 37.31 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠦ᠂ ᠡᠬᠦᠨ ᠳᠤ ᠲᠤᠮᠦ ᠲᠤᠮᠳᠠ ᠵᠢᠵᠢᠭ ᠤᠰᠤᠨ ᠠᠰᠢᠭᠯᠠᠯᠳᠠ ᠶᠢᠨ ᠢᠨᠵᠧᠨᠧᠷᠢᠩ ᠠᠴᠠ ᠪᠤᠰᠤᠳ ᠤᠰᠤᠨ ᠠᠰᠢᠭᠯᠠᠯᠳᠠ ᠶᠢᠨ ᠢᠨᠵᠧᠨᠧᠷᠢᠩ ᠤᠨ ᠪᠡᠯᠡ ᠤᠷᠤᠭᠤᠯᠤᠯᠳᠠ 8.92 ᠳ᠋ᠦᠩᠰᠢᠭᠤᠷ ᠲᠦᠭᠦᠷᠢᠭ ᠬᠦᠷᠴᠦ᠂ ᠴᠤᠤᠯ ᠭᠤᠤᠯ ᠤᠨ ᠤᠰᠤ ᠶᠢ ᠲᠠᠳᠠᠵᠦ ᠯᠢᠶᠤᠤᠾᠧ ᠤᠷᠤᠨ ᠢ ᠲᠤᠰᠠᠯᠠᠬᠤ ᠢᠨᠵᠧᠨᠧᠷᠢᠩ ᠤᠨ ᠪᠡᠯᠡ ᠤᠷᠤᠭᠤᠯᠤᠯᠳᠠ 28.39 ᠳ᠋ᠦᠩᠰᠢᠭᠤᠷ ᠲᠦᠭᠦᠷᠢᠭ ᠬᠦᠷᠪᠡ᠃        14 ᠭᠤᠤᠯᠳᠠᠯᠭ᠎ᠠ ᠲᠠᠢ ᠲᠦᠷᠦᠯ ᠵᠦᠢᠯ ᠢ ᠲᠦᠪᠯᠡᠷᠡᠬᠦᠯᠦᠨ ᠬᠢᠨᠠᠨ ᠵᠦᠪᠰᠢᠶᠡᠷᠡᠵᠦ᠂ ᠪᠡᠶᠡᠯᠡᠬᠦᠯᠦᠭᠰᠡᠨ ᠨᠤᠷᠮ᠎ᠠ ᠨᠢ 100% ᠬᠦᠷᠪᠡ︔ 18 ᠲᠦᠷᠦᠯ ᠵᠦᠢᠯ ᠢ ᠨᠦᠭᠡᠴᠡᠯᠡᠬᠦ ᠠᠵᠢᠯ ᠢ ᠭᠤᠤᠯᠳᠠᠯᠭ᠎ᠠ ᠲᠠᠢ ᠠᠬᠢᠭᠤᠯᠵᠦ᠂ ᠶᠡᠷᠦᠩᠭᠡᠢ ᠪᠡᠯᠡ ᠤᠷᠤᠭᠤᠯᠤᠯᠳᠠ ᠨᠢ 88.9 ᠳ᠋ᠦᠩᠰᠢᠭᠤᠷ ᠲᠦᠭᠦᠷᠢᠭ ᠲᠤ ᠬᠦᠷᠪᠡ᠃ 2024 ᠤᠨ ᠳᠤ᠂ ᠭᠠᠳᠠᠭᠰᠢ ᠭᠠᠷᠴᠦ 12 ᠤᠳᠠᠭ᠎ᠠ ᠠᠷᠠᠯᠵᠢᠶᠠᠴᠢᠨ ᠤᠷᠢᠵᠦ ᠪᠡᠯᠡ ᠤᠷᠤᠭᠤᠯᠪᠠ᠃        ᠴᠠᠬᠢᠯᠭᠠᠨ ᠭᠠᠷᠭᠠᠭᠰᠠᠨ ᠬᠡᠮᠵᠢᠶ᠎ᠡ 1.1 ᠳ᠋ᠦᠩᠰᠢᠭᠤᠷ ᠺᠢᠯᠣᠸᠠᠲ ᠴᠠᠭ ᠬᠦᠷᠪᠡ        ᠴᠤᠤᠯ ᠭᠤᠣᠯ ᠤᠨ ᠤᠰᠦ ᠶᠢ ᠲᠠᠳᠠᠵᠦ ᠯᠢᠶᠤᠤᠾᠧ ᠤᠷᠤᠨ ᠢ ᠲᠤᠰᠠᠯᠠᠬᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠤᠰᠤᠨ ᠴᠦᠬᠦᠷᠦᠮ ᠤᠨ ᠪᠠᠶᠢᠭᠤᠯᠤᠯᠳᠠ ᠶᠢ ᠦᠨᠳᠦᠰᠦᠨ ᠳᠡᠭᠡᠨ ᠪᠡᠶᠡᠯᠡᠬᠦᠯᠵᠦ᠂ ᠮᠠᠰᠢᠨ ᠴᠤᠭᠴᠠᠯᠠᠪᠤᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 1.1 ᠳ᠋ᠦᠩᠰᠢᠭᠤᠷ ᠺᠢᠯᠣᠸᠠᠲ ᠴᠠᠭ ᠬᠦᠷᠴᠦ᠂ ᠨᠦᠭᠡᠨ ᠵᠠᠮ ᠤᠨ ᠬᠡᠰᠡᠭ ᠢ ᠪᠦᠬᠦ ᠱᠤᠭᠤᠮ ᠢᠶᠠᠷ ᠨᠡᠪᠳᠡᠷᠡᠬᠦᠯᠪᠡ᠃ 2024 ᠣᠨ ᠳᠤ 5.39 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ 134% ᠳᠤ ᠬᠥᠷᠪᠡ︔ ᠤᠰᠤ ᠬᠦᠷᠲᠡᠬᠦ 4 ᠣᠷᠣᠨ ᠤ ᠤᠰᠤᠨ ᠤ ᠦᠢᠯᠡᠳᠪᠦᠷᠢ ᠶᠢᠨ ᠰᠤᠳᠤᠯᠵᠤ ᠪᠤᠯᠬᠤᠶᠢᠴᠠ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃        ᠤᠰᠤᠯᠠᠯᠲᠠ ᠶᠢᠨ ᠣᠷᠣᠨ ᠤ ᠪᠠᠶᠢᠭᠤᠯᠤᠯᠳᠠ ᠶᠢ ᠲᠦᠷᠭᠡᠳᠭᠡᠪᠡ        3 ᠲᠦᠮᠡᠨ ᠮᠤ᠋ ᠬᠠᠯᠠᠭᠠᠢ ᠤᠰᠤᠯᠠᠯᠳᠠ ᠶᠢᠨ ᠤᠷᠤᠨ᠂ 5 ᠲᠦᠮᠡᠨ ᠮᠤ ᠲᠤᠭᠠᠴᠢᠯᠠᠭᠰᠠᠨ ᠤᠰᠤᠯᠠᠯᠲᠠ ᠶᠢᠨ ᠣᠷᠣᠨ ᠤ ᠪᠦᠳᠤᠭᠡᠨ ᠪᠠᠶᠢᠭᠤᠯᠤᠯᠳᠠ ᠶᠢ ᠪᠦᠬᠦᠨ ᠢ ᠪᠠᠶᠡᠯᠡᠬᠦᠯᠵᠤ ᠠᠰᠢᠭᠯᠠᠯᠲᠠ ᠳᠤ ᠤᠷᠤᠭᠤᠯᠪᠠ ︔ 31 ᠲᠦᠮᠡᠨ ᠮᠥ ᠦᠨᠳᠡᠭᠡᠨ ᠤᠰᠤᠯᠠᠯᠳᠠ ᠶᠢᠨ ᠤᠷᠤᠨ ᠤ ᠶᠡᠷᠦᠩᠬᠡᠶ ᠪᠠᠯᠠ ᠣᠷᠣᠭᠤᠯᠤᠯᠲᠠ 20.75 ᠳ᠋ᠦᠩᠰᠢᠭᠤᠷ ᠲᠥᠭᠦᠷᠢᠭ ᠲᠤ ᠬᠦᠷᠴᠦ᠂ ᠰᠤᠳᠤᠯᠵᠦ ᠪᠤᠯᠬᠤᠶᠢᠴᠠ ᠮᠡᠳᠡᠭᠦᠯᠦᠯᠲᠡ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠵᠦ᠂ ᠬᠢᠨᠠᠨ ᠪᠠᠶᠢᠴᠠᠭᠠᠭᠰᠠᠨ ᠰᠠᠨᠠᠯ ᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠪᠡ︔ 30 ᠲᠦᠮᠡᠨ ᠮᠥ ᠴᠠᠷᠠᠰᠤᠨ ᠤ ᠲᠣᠮᠣ ᠬᠡᠯᠪᠡᠷᠢ ᠶᠢᠨ ᠤᠰᠤᠯᠠᠯᠲᠠ ᠶᠢᠨ ᠣᠷᠣᠨ ᠤ ᠥᠭᠡᠷᠡᠴᠢᠯᠡᠯᠲᠡ᠂ 22.5 ᠲᠦᠮᠡᠨ ᠮᠥ ᠪᠤᠬ᠎ᠠ ᠶᠢᠨ ᠵᠤ ᠲᠤᠮᠳᠠ ᠬᠡᠯᠪᠡᠷᠢ ᠶᠢᠨ ᠤᠰᠤᠯᠠᠯᠳᠠ ᠶᠢᠨ ᠤᠷᠤᠨ ᠤ ᠦᠭᠡᠷᠡᠴᠢᠯᠡᠯᠳᠡ ᠶᠢ ᠬᠡᠷᠡᠭᠵᠢᠬᠦᠯᠬᠦ ᠲᠦᠰᠦᠯ ᠢ ᠨᠠᠶᠢᠷᠠᠭᠤᠯᠤᠨ ᠵᠤᠬᠢᠶᠠᠵᠦ ᠲᠠᠭᠤᠰᠬᠠᠵᠦ ᠂ ᠤᠳᠤ ᠶᠠᠭ ᠤᠷᠳᠦ ᠬᠤᠭᠤᠴᠠᠭᠠᠨ ᠤ ᠤᠯᠤᠰ ᠤᠨ ᠵᠢᠭᠡᠯᠡᠯᠭᠡ ᠶᠢ ᠭᠤᠶᠤᠴᠢᠯᠠᠨ ᠤᠯᠬᠤ ᠪᠠᠷ ᠴᠢᠷᠮᠠᠶᠢᠵᠦ ᠪᠠᠶᠢᠨ᠎ᠠ᠃        ᠭᠤᠤᠯ ᠤᠨ ᠤᠷᠤᠰᠬᠠᠯ ᠳᠤ ᠵᠠᠰᠠᠯᠳᠠ ᠬᠢᠭᠰᠡᠨ ᠬᠡᠮᠵᠢᠶ᠎ᠡ 13.61 ᠺᠢᠯᠤᠮᠧᠲᠷ ᠬᠦᠷᠪᠡ        ᠲᠦᠮᠡᠨ ᠭᠤᠣᠯ ᠢ ᠵᠠᠰᠠᠬᠤ ᠢᠨᠵᠧᠨᠧᠷᠢᠩ ᠳᠤ ᠨᠢᠭᠡᠨᠲᠡ 1500 ᠲᠦᠮᠡᠨ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠦ᠂ ᠵᠠᠰᠠᠯᠲᠠ ᠬᠢᠭᠰᠡᠨ ᠬᠡᠮᠵᠢᠶ᠎ᠡ 13.61 ᠺᠢᠯᠣᠮᠧᠲᠷ ᠲᠤ ᠬᠦᠷᠴᠡᠢ︔ ᠶᠡᠷᠦᠩᠬᠡᠢ ᠪᠡᠯᠡ ᠣᠷᠣᠭᠤᠯᠤᠯᠲᠠ 0.81 ᠳ᠋ᠦᠩᠰᠢᠭᠤᠷ ᠲᠥᠭᠦᠷᠢᠭ ᠤᠨ ᠬᠦ᠋ ᠴᠧᠩ ᠽᠢ ᠭᠤᠤᠯ᠂ ᠬᠠᠳᠠᠮᠠᠯ ᠭᠤᠤᠯ ᠢ ᠵᠠᠰᠠᠬᠤ ᠢᠨᠵᠧᠨᠧᠷᠢᠩ ᠤᠨ ᠪᠡᠯᠡ ᠮᠦᠩᠬᠦ ᠶᠢ ᠪᠦᠬᠦᠨ ᠢ ᠪᠤᠳᠠᠳᠠᠢ ᠨᠠᠶᠢᠳᠠᠪᠤᠷᠢᠵᠢᠭᠤᠯᠵᠦ᠂ 2025 ᠤᠨ ᠤ 4 ᠰᠠᠷ᠎ᠠ ᠳᠤ ᠠᠵᠢᠯ ᠢ ᠨᠢ ᠡᠬᠢᠯᠡᠬᠦᠯᠬᠦ ᠪᠤᠯᠤᠨ᠎ᠠ︔ ᠡᠯ ᠯᠦᠩ ᠲᠤᠤ ᠭᠤᠤᠯ ᠤᠨ ᠬᠤᠶᠠᠳᠤᠭᠠᠷ ᠬᠤᠭᠤᠴᠠᠭ᠎ᠠ᠂ ᠬᠠᠳᠠᠶᠢᠬᠠᠨ ᠭᠤᠤᠯ ᠤᠨ ᠬᠤᠶᠠᠳᠤᠭᠠᠷ ᠬᠤᠭᠤᠴᠠᠭ᠎ᠠ᠂ ᠬᠤᠤᠯᠢᠨ ᠭᠤᠤᠯ᠂ ᠲᠤᠭᠤᠷ ᠤᠨ ᠭᠤᠤᠯ ᠤᠨ ᠷᠠᠰᠢᠶᠠᠨ ᠤ ᠬᠡᠰᠡᠭ ᠤᠨ ᠭᠤᠤᠯ ᠤᠨ ᠤᠷᠤᠰᠬᠠᠯ ᠢ ᠵᠠᠰᠠᠬᠤ ᠠᠩᠬ᠎ᠠ ᠠᠯᠬᠤᠮ ᠤᠨ ᠵᠢᠷᠤᠭ ᠲᠦᠯᠦᠪᠯᠡᠭᠡ ᠶᠢ ᠨᠢᠭᠡᠨᠳᠡ ᠪᠡᠶᠡᠯᠡᠬᠦᠯᠦᠭᠰᠡᠨ ᠪᠦᠭᠡᠳ ᠦᠪᠡᠷᠳᠡᠭᠡᠨ ᠵᠠᠰᠠᠬᠤ ᠤᠷᠤᠨ ᠤ ᠤᠰᠤᠨ ᠠᠰᠢᠭᠯᠠᠯᠳᠠ ᠶᠢᠨ ᠲᠢᠩᠬᠢᠮ ᠤᠨ ᠬᠢᠨᠠᠨ ᠪᠠᠶᠢᠴᠠᠭᠠᠯᠳᠠ ᠳᠤ ᠬᠢᠷᠢ ᠲᠡᠩᠴᠡᠵᠦ᠂ ᠪᠡᠯᠡ ᠮᠦᠩᠬᠦ ᠶᠢ ᠪᠤᠳᠠᠳᠠᠢ ᠨᠠᠶᠢᠳᠠᠪᠤᠷᠢᠵᠢᠭᠤᠯᠤᠭᠰᠠᠨ ᠤ ᠲᠠᠷᠠᠭ᠎ᠠ ᠡᠬᠢᠯᠡᠨ ᠬᠡᠷᠡᠭᠵᠢᠬᠦᠯᠬᠦ ᠪᠤᠯᠤᠨ᠎ᠠ᠃        ᠨᠡᠶᠢᠲᠡ 1.09 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ        ᠱᠤᠸᠠᠩ ᠴᠧᠩ ᠪᠣᠯᠤᠨ ᠵᠢᠦ ᠯᠦᠩ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠪᠦᠬᠦ ᠵᠢᠯ ᠤᠨ ᠪᠠᠯᠠ ᠣᠷᠣᠭᠤᠯᠤᠯᠲᠠ ᠲᠣᠰ ᠲᠣᠰ 0.73 ᠳ᠋ᠦᠩᠰᠢᠭᠤᠷ ᠲᠦᠭᠦᠷᠢᠭ ᠪᠠ 0.33 ᠳ᠋ᠦᠩᠰᠢᠭᠤᠷ ᠲᠦᠭᠦᠷᠢᠭ ᠲᠤ ᠬᠦᠷᠴᠦ᠂ ᠨᠡᠶᠢᠲᠡ 1.06 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠳᠠᠯᠠᠨ ᠬᠠᠷ᠎ᠠ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠠᠵᠢᠯ ᠢ ᠨᠢᠭᠡᠨᠲᠡ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠤᠰᠤᠨ ᠠᠰᠢᠭᠯᠠᠯᠲᠠ ᠶᠢᠨ ᠶᠠᠮᠤᠨ ᠤ ᠭᠤᠷᠪᠠᠨ ᠵᠢᠯ ᠤᠨ ᠳᠡᠮᠵᠢᠯᠭᠡ ᠶᠢᠨ ᠲᠥᠯᠥᠪᠯᠡᠭᠡ ᠳᠤ ᠣᠷᠣᠭᠤᠯᠪᠠ︔ ᠬᠢᠩᠭᠠᠨ ᠤᠰᠤᠨ ᠴᠥᠭᠦᠷᠥᠮ ᠤᠨ ᠯᠠᠭ ᠰᠢᠪᠠᠷ ᠢ ᠠᠷᠢᠯᠭᠠᠬᠤ ᠲᠥᠷᠥᠯ ᠵᠦᠢᠯ ᠤᠨ ᠵᠢᠯ ᠤᠨ ᠪᠠᠯᠠ ᠣᠷᠣᠭᠤᠯᠤᠯᠲᠠ 0.3 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ 100% ᠳᠤ ᠬᠦᠷᠪᠡ᠂ 2025 ᠣᠨ ᠳᠤ ᠬᠦ᠋ ᠵᠶᠢ ᠤᠰᠤᠨ ᠴᠥᠭᠦᠷᠥᠮ ᠤᠨ ᠯᠠᠭ ᠰᠢᠪᠠᠷ ᠢ ᠠᠷᠢᠯᠭᠠᠬᠤ ᠠᠵᠢᠯ ᠢ ᠡᠬᠢᠯᠡᠬᠦᠯᠬᠦ ᠪᠠᠷ ᠴᠢᠷᠮᠠᠶᠢᠨ᠎ᠠ︔ ᠦᠪᠦᠷᠵᠢᠯᠠᠭ᠎ᠠ ᠤᠰᠤᠨ ᠴᠥᠭᠦᠷᠥᠮ ᠢ ᠨᠢᠭᠡᠨᠲᠡ 2025 ᠣᠨ ᠤ ︽ᠬᠤᠶᠠᠷ ᠴᠢᠬᠤᠯᠠ︾ ᠲᠥᠷᠥᠯ ᠵᠦᠢᠯ ᠤᠨ ᠨᠠᠷᠢᠨ ᠲᠠᠩᠰᠠᠨ ᠳᠤ ᠣᠷᠣᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 12.5 ᠳ᠋ᠦᠩᠰᠢᠭᠤᠷ ᠲᠥᠭᠦᠷᠢᠭ ᠲᠤ ᠬᠦᠷᠴᠦ᠂ ᠰᠤᠳᠤᠯᠵᠦ ᠪᠤᠯᠬᠤᠶᠢᠴᠠ ᠮᠡᠷᠭᠡᠵᠢᠯ ᠤᠨ ᠬᠢᠨᠠᠨ ᠪᠠᠶᠢᠴᠠᠭᠠᠯᠳᠠ ᠳᠤ ᠬᠢᠷᠢ ᠲᠡᠩᠴᠡᠪᠡ᠃        ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠡᠭᠦᠷᠭᠡ ᠶᠢ 113% ᠪᠠᠷ ᠪᠡᠶᠡᠯᠡᠭᠦᠯᠪᠡ        ᠠᠭᠤᠯᠠᠨ ᠦᠶᠡᠷ ᠤᠨ 4 ᠭᠤᠤ᠂ 8 ᠵᠢᠵᠢᠭ ᠰᠠᠪᠠ ᠭᠠᠵᠠᠷ᠂ 1254 ᠢᠳᠡᠭᠳᠡᠯ ᠤᠨ ᠭᠤᠤ ᠶᠢ ᠵᠠᠰᠠᠵᠦ ᠂ 6.46 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠶᠡᠷᠦᠩᠭᠡᠢ ᠪᠡᠯᠡ ᠤᠷᠤᠭᠤᠯᠤᠯᠳᠠ ᠶᠢᠨ 97% ᠳᠤ ᠬᠦᠷᠪᠡ᠃ ᠬᠥᠷᠥᠰᠥ ᠰᠢᠷᠣᠶ ᠶᠢᠨ ᠢᠳᠡᠭᠳᠡᠯ ᠤᠨ ᠬᠡᠮᠵᠢᠶ᠎ᠡ ᠶᠢ ᠨᠡᠶᠢᠲᠡ 94 ᠲᠦᠮᠡᠨ ᠲᠣᠨ ᠪᠠᠭᠠᠰᠬᠠᠵᠤ᠂ ᠪᠥᠬᠦ ᠵᠢᠯ ᠳᠤ ᠨᠡᠶᠢᠲᠡ 3068 ᠲᠦᠮᠡᠨ ᠲᠥᠭᠦᠷᠢᠭ ᠤᠨ ᠤᠰᠤᠨ ᠤ ᠬᠠᠮᠠᠭᠠᠯᠠᠯᠲᠠ ᠶᠢᠨ ᠨᠥᠬᠦᠪᠥᠷᠢ ᠰᠦᠢᠳᠭᠡᠯ ᠬᠤᠷᠢᠶᠠᠵᠤ᠂ 98.59 ᠲᠦᠮᠡᠨ ᠮᠥ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠠᠵᠢᠯ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠡᠭᠦᠷᠭᠡ ᠶᠢ 113% ᠪᠠᠷ ᠪᠡᠶᠡᠯᠡᠭᠦᠯᠪᠡ᠃        ᠡᠯ᠎ᠡ ᠲᠦᠷᠦᠯ ᠤᠨ ᠤᠰᠤ ᠬᠠᠩᠭᠠᠬᠤ ᠪᠠᠳᠤᠯᠠᠭ᠎ᠠ ᠶᠢᠨ ᠢᠨᠵᠤᠨᠤᠷᠢᠩ ᠤᠨ ᠶᠡᠷᠦᠩᠭᠡᠢ ᠪᠡᠯᠡ ᠤᠷᠤᠭᠤᠯᠤᠯᠳᠠ 2650 ᠲᠦᠮᠡᠨ ᠲᠦᠭᠦᠷᠢᠭ ᠲᠤ ᠬᠦᠷᠪᠡ        ᠡᠯ᠎ᠡ ᠲᠥᠷᠥᠯ ᠤᠨ ᠤᠰᠤ ᠬᠠᠩᠭᠠᠬᠤ ᠪᠠᠳᠤᠯᠠᠭ᠎ᠠ ᠶᠢᠨ ᠢᠨᠵᠧᠨᠧᠷᠢᠩ ᠤᠨ ᠶᠡᠷᠦᠩᠭᠡᠢ ᠪᠡᠯᠡ ᠤᠷᠤᠭᠤᠯᠤᠯᠳᠠ 2650 ᠲᠦᠮᠡᠨ ᠲᠥᠭᠦᠷᠢᠭ ᠬᠦᠷᠴᠦ᠂ ᠬᠡᠪᠴᠢᠶᠡᠵᠢᠭᠦᠯᠦᠨ ᠤᠰᠤ ᠬᠠᠩᠭᠠᠬᠤ ᠢᠨᠵᠧᠨᠧᠷᠢᠩ ᠢ 1 ᠶᠠᠪᠤᠭᠳᠠᠭᠤᠯᠵᠦ᠂ ᠬᠢᠯᠢ ᠬᠢᠵᠠᠭᠠᠷ ᠤᠨ ᠮᠠᠯᠵᠢᠬᠤ ᠣᠷᠣᠨ ᠤ ᠲᠠᠷᠠᠬᠠᠶ ᠤᠰᠤᠨ ᠰᠤᠷᠪᠤᠯᠵᠢ ᠶᠢᠨ ᠢᠨᠵᠧᠨᠧᠷᠢᠩ ᠢ 95 ᠶᠠᠪᠤᠭᠳᠠᠭᠤᠯᠵᠦ᠂ ᠰᠡᠯᠪᠢᠨ ᠵᠠᠰᠠᠵᠤ ᠬᠠᠮᠠᠭᠠᠯᠠᠬᠤ ᠢᠨᠵᠧᠨᠧᠷᠢᠩ ᠢ 120 ᠶᠠᠪᠤᠭᠳᠠᠭᠤᠯᠵᠦ᠂ 6 ᠬᠤᠰᠢᠭᠤ ᠰᠢᠶᠠᠨ ᠬᠤᠲᠠ᠂ 35 ᠰᠤᠮᠤ ᠰᠢᠶᠠᠩ ᠪᠠᠯᠭᠠᠰᠤ᠂ 10.63 ᠲᠦᠮᠡᠨ ᠬᠥᠮᠦᠨ ᠤ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠪᠠ᠃ ᠬᠤᠰᠢᠭᠤ ᠰᠢᠶᠠᠨ ᠳᠤ ︽3+1︾ ᠶᠢᠨ ᠪᠠᠷᠢᠮᠵᠢᠶᠠᠵᠢᠭᠤᠯᠤᠭᠰᠠᠨ ᠪᠥᠲᠥᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠵᠠᠭᠪᠤᠷ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠦᠨ ᠠᠮᠠ ᠶᠢ ᠬᠠᠮᠤᠷᠤᠭᠰᠠᠨ ᠬᠤᠰᠢᠭᠤ ᠰᠢᠶᠠᠨ ᠤ ᠬᠡᠪᠴᠢᠶᠡᠨ ᠤ ᠨᠢᠭᠡᠳᠦᠯᠲᠡᠶ ᠬᠠᠮᠢᠶᠠᠷᠤᠯᠲᠠ ᠶᠢᠨ ᠤᠰᠤ ᠬᠠᠩᠭᠠᠬᠤ ᠬᠠᠷᠢᠴᠠᠯ ᠨᠢ 100% ᠳᠤ ᠬᠦᠷᠪᠡ᠃        ᠤᠰᠤᠨ ᠠᠰᠢᠭᠯᠠᠯᠲᠠ ᠶᠢᠨ ᠲᠣᠣᠷ ᠤᠨ ᠲᠥᠯᠥᠪᠵᠢᠭᠦᠯᠭᠡ ᠶᠢ ᠠᠩᠬ᠎ᠠ ᠠᠯᠬᠤᠮ ᠪᠦᠷᠢᠯᠳᠦᠬᠦᠯᠪᠡ        ︽ᠨᠢᠭᠡ ᠬᠥᠨᠳᠡᠯᠡᠨ ᠭᠤᠷᠪᠠᠨ ᠭᠤᠯᠳᠤ ᠪᠠᠷ ᠨᠠᠢᠮᠠᠨ ᠤᠰᠤ ᠶᠢ ᠬᠤᠯᠪᠣᠵᠤ᠂ ᠣᠯᠠᠨ ᠴᠥᠭᠦᠷᠥᠮ ᠢᠶᠠᠷ ᠬᠢᠩᠭᠠᠨ ᠣᠷᠣᠨ ᠢ ᠤᠮᠳᠠᠯᠠᠬᠤ︾ ᠤᠰᠤᠨ ᠠᠰᠢᠭᠯᠠᠯᠳᠠ ᠶᠢᠨ ᠲᠤᠤᠷ ᠤᠨ ᠶᠡᠷᠦᠩᠭᠡᠢ ᠪᠠᠶᠢᠷᠢᠰᠢᠭᠤᠯᠤᠯᠳᠠ ᠶᠢ ᠠᠩᠬ᠎ᠠ ᠠᠯᠬᠤᠮ ᠪᠦᠷᠢᠯᠳᠦᠭᠦᠯᠵᠦ᠂ ᠣᠲᠣ ᠶᠠᠭ ᠬᠤᠶᠠᠳᠤᠭᠠᠷ ᠪᠦᠯᠦᠭ ᠤᠨ ᠠᠶᠢᠮᠠᠭ ᠬᠤᠲᠠ ᠶᠢᠨ ᠤᠰᠤᠨ ᠠᠰᠢᠭᠯᠠᠯᠳᠠ ᠶᠢᠨ ᠲᠣᠤᠷ ᠤᠨ ᠬᠤᠰᠢᠭᠤᠴᠢ ᠣᠷᠣᠨ ᠤ ᠪᠥᠲᠥᠭᠡᠨ ᠪᠠᠶᠢᠭᠤᠯᠤᠯᠲᠠ ᠳᠤ ᠣᠷᠣᠭᠤᠯᠬᠤ ᠪᠠᠷ ᠢᠳᠡᠪᠬᠢᠲᠡᠶ ᠴᠢᠷᠮᠠᠶᠢᠵᠤ ᠪᠠᠶᠢᠨ᠎ᠠ᠃ ᠤᠰᠤ ᠠᠷᠪᠢᠯᠠᠬᠤ 20 ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ 2024 ᠣᠨ ᠤ ᠪᠦᠬᠦ ᠵᠢᠯ ᠤᠨ ᠲᠠᠷᠢᠶᠠᠯᠠᠩ ᠳᠤ ᠬᠡᠷᠡᠭᠯᠡᠬᠦ ᠤᠰᠤᠨ ᠤ ᠬᠡᠮᠵᠢᠶ᠎ᠡ 11 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ 2024 ᠣᠨ ᠤ ᠡᠬᠢᠨ ᠤ ᠲᠥᠯᠥᠪᠯᠡᠭᠡ ᠶᠢᠨ 12.64 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠵᠢᠭᠠᠯᠳᠠ ᠲᠤᠭ᠎ᠠ ᠠᠴᠠ 13% ᠪᠠᠷ ᠪᠠᠭᠠᠰᠪᠠ᠃ ᠲᠠᠷᠢᠶᠠᠨ ᠭᠠᠵᠠᠷ ᠤᠨ ᠤᠰᠤᠯᠠᠯᠳᠠ ᠶᠢᠨ ᠤᠰᠤ ᠶᠢ ᠪᠦᠳᠦᠮᠵᠢᠳᠡᠢ ᠠᠰᠢᠭᠯᠠᠬᠤ ᠢᠯᠡᠳᠭᠡᠮᠵᠢ ᠳᠤᠭ᠎ᠠ ᠦᠷᠬᠦᠯᠵᠢᠯᠡᠨ ᠲᠡᠭᠡᠭᠰᠢᠯᠡᠵᠦ᠂ 2024 ᠣᠨ ᠤ 0.572 ᠠᠴᠠ 0.576 ᠪᠣᠯᠲᠠᠯ᠎ᠠ ᠲᠡᠭᠡᠭᠰᠢᠯᠡᠪᠡ︔ ᠤᠰᠤ ᠠᠪᠬᠤ 310 ᠭᠠᠵᠠᠷ ᠲᠤ ᠬᠢᠨᠠᠨ ᠬᠡᠮᠵᠢᠬᠦ ᠲᠦᠬᠦᠭᠡᠷᠦᠮᠵᠢ ᠶᠢ ᠤᠭᠰᠠᠷᠠᠭᠤᠯᠤᠨ ᠳᠠᠭᠤᠰᠬᠠᠵᠤ᠂ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠰᠤᠪᠠᠭ ᠲᠤ ᠰᠦᠯᠵᠢᠶᠡᠨ ᠲᠡᠭᠡᠷ᠎ᠠ ᠬᠢᠨᠠᠨ ᠬᠡᠮᠵᠢᠯᠲᠡ ᠬᠢᠬᠦ ᠶᠢ ᠪᠦᠷᠬᠦᠭᠦᠯᠵᠡᠢ︔ ︽ᠴᠠᠬᠢᠯᠭᠠᠨ ᠢᠶᠠᠷ ᠤᠰᠤ ᠶᠢ ᠨᠤᠭᠤᠯᠬᠤ︾ ᠶᠢ ᠬᠡᠷᠡᠭᠯᠡᠭᠰᠡᠨ ᠲᠠᠯᠠᠪᠠᠢ 500 ᠲᠦᠮᠡᠨ ᠮᠤ᠋ ᠬᠦᠷᠪᠡ︔ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠤᠰᠤᠨ ᠤ ᠰᠦᠢᠳᠭᠡᠯ ᠢ ᠬᠤᠷᠢᠶᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠨᠡᠶᠢᠲᠡ 189 ᠲᠦᠮᠡᠨ ᠲᠥᠭᠦᠷᠢᠭ ᠤᠨ ᠤᠰᠤᠨ ᠤ ᠰᠦᠢᠳᠭᠡᠯ ᠬᠤᠷᠢᠶᠠᠪᠠ᠃        ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ 2020 ᠣᠨ ᠤ ᠬᠢ ᠠᠴᠠ 20% ᠪᠠᠷ ᠪᠠᠭᠤᠷᠠᠪᠠ᠃ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠶᠢᠨ ᠪᠠᠭᠤᠷᠠᠯᠲᠠ ᠶᠢᠨ ᠨᠣᠷᠮ᠎ᠠ 18% ᠪᠠᠶᠢᠵᠤ᠂ ᠥᠪᠡᠷᠲᠡᠭᠡᠨ ᠵᠠᠰᠠᠬᠤ ᠣᠷᠣᠨ ᠤ 13.6% ᠶᠢᠨ ᠬᠠᠮᠢᠶᠠᠷᠤᠨ ᠡᠵᠡᠮᠳᠡᠬᠦ ᠭᠦᠢᠴᠡᠳᠭᠡᠯ ᠲᠤᠭ᠎ᠠ ᠠᠴᠠ ᠦᠨᠳᠦᠷ ᠪᠤᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠲᠦᠬᠦᠭᠡᠷᠦᠮᠵᠢ ᠶᠢ ᠪᠦᠬᠦᠨ ᠢ ᠤᠭᠰᠠᠷᠠᠵᠤ ᠳᠠᠭᠤᠰᠬᠠᠨ᠂ ᠲᠤᠭ᠎ᠠ ᠪᠠᠷᠢᠮᠳᠠ ᠶᠢ ᠰᠦᠯᠵᠢᠶᠡᠨ ᠳᠤ ᠤᠷᠤᠭᠤᠯᠤᠭᠰᠠᠨ ᠨᠤᠷᠮ᠎ᠠ 100% ᠬᠦᠷᠪᠡ︔ ᠳ᠋ᠧ ᠶᠤᠸᠠᠨ ᠤᠮᠳᠠᠭᠠᠨ ᠤ ᠠᠵᠦ ᠠᠬᠤᠶᠢᠯᠠᠯ ᠦᠪᠡᠷᠳᠡᠭᠡᠨ ᠵᠠᠰᠠᠬᠤ ᠤᠷᠤᠨ ᠤ ᠲᠡᠰ ᠤᠨ ᠤᠰᠤ ᠠᠷᠪᠢᠯᠠᠬᠤ ᠶᠢ ᠡᠬᠦᠳᠦᠨ ᠪᠠᠶᠢᠭᠤᠯᠬᠤ ᠠᠵᠢᠯ ᠢ ᠪᠡᠶᠡᠯᠡᠬᠦᠯᠵᠦ᠂ ᠪᠥᠸᠧ ᠶᠤᠸᠠᠨ ᠺᠤᠮᠫᠠᠨᠢ 2024 ᠣᠨ ᠤ ᠤᠯᠤᠰ ᠤᠨ ᠲᠠᠰ ᠤᠨ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠠᠵᠦ ᠠᠬᠤᠶᠢᠯᠠᠯ ᠢᠶᠠᠷ ᠦᠨᠡᠯᠡᠭᠳᠡᠵᠦ᠂ ᠲᠦᠴᠢᠦᠸᠠᠨ ᠰᠢᠶᠠᠨ ᠪᠣᠯᠤᠨ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠨᠢᠭᠡᠨᠲᠡ ᠪᠠᠶᠢᠭᠤᠯᠪᠠ᠃ ᠲᠦᠷᠪᠡᠨ ᠱᠠᠳᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠭᠤᠤᠯ ᠮᠦᠷᠡᠨ ᠨᠠᠭᠤᠷ ᠴᠦᠬᠦᠷᠦᠮ ᠢᠶᠠᠷ ᠲᠤᠭᠤᠷᠢᠨ ᠴᠠᠭᠳᠠᠭᠰᠠᠨ ᠬᠡᠮᠵᠢᠶ᠎ᠡ ᠨᠡᠶᠢᠳᠡ 25142 ᠬᠥᠮᠦᠨ ᠤᠳᠠᠭ᠎ᠠ ᠳᠤ ᠬᠦᠷᠴᠦ᠂ ︽ᠭᠤᠣᠯ ᠮᠥᠷᠡᠨ ᠨᠠᠭᠤᠷ ᠴᠦᠬᠦᠷᠤᠮ ᠤᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭ᠎ᠠ ᠶᠢᠨ ᠳᠠᠷᠤᠭ᠎ᠠ︾ ᠶᠢᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠡᠷᠤᠢ ᠬᠤᠷᠤᠢ ᠦᠭᠡᠢ︾ ᠠᠰᠠᠭᠤᠳᠠᠯ ᠢ 54 ᠰᠢᠢᠳᠪᠦᠷᠢᠯᠡᠪᠡ᠃ ᠭᠤᠣᠯᠳᠠᠯᠭ᠎ᠠ ᠲᠠᠢ ᠭᠤᠣᠯ ᠮᠥᠷᠡᠨ ︵ᠴᠤᠤᠯ ᠭᠤᠣᠯ᠂ ᠬᠤᠣᠯᠢᠨ ᠭᠤᠣᠯ᠂ ᠲᠤᠭᠤᠷ ᠤᠨ ᠭᠤᠣᠯ᠂ ᠬᠦᠢᠯᠡᠷ ᠭᠤᠣᠯ᠂ ᠶᠠᠯᠦ ᠭᠤᠣᠯ︶ ᠢ ᠴᠡᠪᠡᠷᠯᠡᠬᠦ ᠠᠵᠢᠯᠯᠠᠭ᠎ᠠ ᠶᠢᠨ ︽ᠨᠢᠭᠡ ᠱᠤᠭᠤᠮ ᠬᠤᠶᠠᠷ ᠣᠷᠣᠨ︾ ᠢ ᠲᠣᠭᠲᠠᠭᠠᠬᠤ ᠠᠵᠢᠯ ᠢ ᠨᠢᠭᠡᠨᠲᠡ ᠳᠠᠭᠤᠰᠬᠠᠪᠠ︔ ᠰᠢᠯᠢ ᠶᠢᠨ ᠭᠤᠤᠯ ᠠᠶᠢᠮᠠᠭ ᠯᠤᠭ᠎ᠠ ᠠᠶᠢᠮᠠᠭ ᠠᠯᠤᠰᠯᠠᠭᠰᠠᠨ ᠭᠤᠤᠯ ᠮᠥᠷᠡᠨ ᠤ ᠰᠠᠪᠠ ᠭᠠᠵᠠᠷ ᠢ ᠵᠠᠰᠠᠵᠤ ᠬᠠᠮᠠᠭᠠᠯᠠᠬᠤ ᠵᠥᠪᠯᠡᠯᠴᠡᠭᠡᠷ ᠲᠤ ᠭᠠᠷ ᠤᠨ ᠥᠰᠥᠭ ᠵᠢᠷᠤᠵᠤ᠂ ᠡᠷᠬᠢᠨ ᠲᠣᠭᠤᠷᠢᠨ ᠤ ᠠᠶᠢᠮᠠᠭ ᠬᠤᠲᠠ ᠯᠤᠭ᠎ᠠ ᠣᠷᠣᠨ ᠪᠦᠰᠡ ᠠᠯᠤᠰᠯᠠᠨ ᠬᠠᠮᠵᠢᠯᠴᠠᠨ ᠵᠠᠰᠠᠬᠤ ᠶᠢ ᠪᠦᠬᠦᠨ ᠢ ᠬᠠᠮᠤᠷᠬᠤ ᠶᠢ ᠪᠡᠶᠡᠯᠡᠬᠦᠯᠵᠡᠢ︔ ᠴᠤᠤᠯ ᠭᠤᠣᠯ ᠢ ᠲᠠᠲᠠᠵᠤ ᠯᠢᠶᠣᠤᠾᠧ ᠤᠷᠤᠨ ᠢ ᠲᠤᠰᠠᠯᠠᠬᠤ ᠭᠤᠣᠯ ᠱᠤᠭᠤᠮ ᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠨᠢᠭᠡᠨᠲᠡ ᠬᠡᠷᠡᠭᠵᠢᠭᠦᠯᠪᠡ︔ 120 ᠵᠤᠷᠪᠤᠰ ᠭᠤᠤᠯ᠂ 6 ᠨᠠᠭᠤᠷ ᠴᠥᠭᠦᠷᠥᠮ ᠤᠨ ᠡᠷᠡᠭᠦᠯ ᠮᠡᠨᠳᠦ ᠶᠢᠨ ᠦᠨᠡᠯᠡᠯᠲᠡ ᠶᠢ ᠨᠢᠭᠡᠨᠲᠡ ᠪᠡᠶᠡᠯᠡᠭᠦᠯᠪᠡ︔ ᠴᠤᠤᠯ ᠭᠤᠣᠯ᠂ ᠲᠤᠭᠤᠷ ᠤᠨ ᠭᠤᠣᠯ᠂ ᠬᠤᠣᠯᠢᠨ ᠭᠤᠣᠯ᠂ ᠬᠠᠯᠬ᠎ᠠ ᠭᠤᠣᠯ ᠵᠡᠷᠭᠡ ︽ᠨᠢᠭᠡ ᠭᠤᠣᠯ ᠨᠢᠭᠡ ᠪᠣᠳᠣᠯᠭ᠎ᠠ︾ ᠶᠢᠨ ᠲᠥᠰᠦᠯ ᠢ ᠨᠢᠭᠡᠨᠲᠡ ᠨᠠᠶᠢᠷᠠᠭᠤᠯᠤᠨ ᠵᠤᠬᠢᠶᠠᠵᠦ ᠲᠠᠭᠤᠰᠬᠠᠪᠠ᠃ ᠬᠤᠶᠠᠷ ᠵᠦᠢᠯ ᠤᠨ ᠲᠦᠪᠡᠭᠲᠡᠶ ᠠᠵᠢᠯ ᠢ ᠢᠳᠡᠪᠬᠢᠲᠡᠶ ᠳᠥᠯᠭᠢᠨ ᠠᠬᠢᠭᠤᠯᠵᠤ᠂ ᠰᠤᠩᠭᠠᠷᠢ ᠮᠦᠷᠡᠨ ᠯᠢᠶᠣᠤᠾᠧ ᠭᠤᠤᠯ ᠤᠨ ᠠᠵᠢᠯ ᠤᠨ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠵᠥᠪᠰᠢᠶᠡᠷᠡᠯ ᠢᠶᠠᠷ ᠳᠤᠰ ᠠᠵᠢᠯ ᠢ 2025 ᠣᠨ ᠤ ᠡᠴᠦᠰ ᠪᠣᠯᠲᠠᠯ᠎ᠠ ᠤᠷᠲᠤᠳᠬᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠢᠨᠠᠨ ᠰᠢᠯᠭᠠᠯᠲᠠ ᠳᠤ ᠬᠤᠪᠢ ᠬᠠᠰᠤᠬᠤ ᠥᠬᠡᠶ ᠪᠤᠯᠭᠠᠪᠠ᠃ · ᠵᠠᠩ ᠴᠢᠶᠠᠩ ᠲᠤᠯᠭᠠᠭᠤᠷᠢ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号