ᠤᠯᠠᠭᠠᠨᠬᠤᠲᠠ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/18
         ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 16 ᠤ ᠡᠳᠦᠷ᠂ ᠤᠯᠠᠭᠠᠨᠬᠤᠲᠠ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠶ ᠫᠧᠩ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠲᠠ ᠶᠢᠨ ᠤᠳᠤᠷᠢᠳᠤᠯᠭ᠎ᠠ ᠮᠠ ᠮᠧᠩ᠂ ᠯᠢᠦ ᠶᠢᠨ ᠪᠥᠸᠧ᠂ ᠼᠦᠢ ᠶᠠᠨ ᠪᠥᠸᠧ᠂ ᠸᠠᠩ ᠶᠦᠨ ᠯᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠬᠡᠰᠡᠭ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃        ᠬᠤᠷᠠᠯ ᠳᠡᠭᠡᠷ᠎ᠡ᠂ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢ ᠠᠵᠢᠯ ᠲᠥᠷᠥᠯ ᠤᠨ ᠬᠥᠭᠵᠢᠯᠲᠡ ᠶᠢᠨ ᠣᠳᠣᠬᠢ ᠪᠠᠶᠢᠳᠠᠯ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠶᠢᠨ ᠬᠦᠴᠢᠷ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠭᠰᠠᠨ ᠪᠥᠭᠡᠳ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠠᠢ᠂ ᠡᠨᠡᠬᠦ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠨᠢᠭᠡᠴᠢ ᠠᠴᠠ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠴᠦ᠂ ᠠᠵᠤ ᠠᠬᠤᠶᠢᠯᠠᠯ ᠢ ᠬᠠᠪᠰᠤᠷᠤᠨ ᠲᠥᠷᠥ ᠶᠢᠨ ᠪᠣᠳᠣᠯᠭ᠎ᠠ ᠶᠢ ᠡᠵᠡᠮᠰᠢᠭᠦᠯᠵᠦ᠂ ᠠᠰᠠᠭᠤᠳᠠᠯ ᠢ ᠰᠢᠢᠳᠪᠦᠷᠢᠯᠡᠪᠡ᠃        ᠬᠤᠷᠠᠯ ᠠᠴᠠ᠂ ᠭᠡᠷ ᠪᠠᠶᠢᠰᠢᠩ ᠭᠠᠵᠠᠷ ᠬᠥᠷᠥᠩᠭᠡ ᠨᠢ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠲᠠᠢ ᠬᠤᠯᠪᠣᠭᠳᠠᠨ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ ᠳᠠᠶᠢᠴᠢᠯᠠᠬᠤ᠂ ᠠᠵᠤ ᠠᠬᠤᠢ ᠶᠢᠨ ᠨᠡᠮᠡᠭᠳᠡᠯ ᠢ ᠪᠠᠲᠤᠯᠠᠬᠤ ᠲᠤᠯᠭᠠᠭᠤᠷᠢ ᠠᠵᠤ ᠦᠢᠯᠡᠰ ᠪᠣᠯᠤᠨ᠎ᠠ᠃ ᠪᠦᠬᠦ ᠬᠤᠳᠠ ᠪᠠᠷ ᠢᠶᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠠᠬᠤᠶᠢᠯᠠᠯ ᠤᠨ ᠠᠵᠢᠯᠯᠠᠭᠠᠨ ᠳᠤ ᠰᠠᠶᠢᠨ ᠰᠠᠶᠢᠬᠠᠨ ᠣᠷᠴᠢᠨ ᠲᠣᠭᠤᠷᠢᠨ᠂ ᠠᠰᠢᠭᠲᠠᠢ ᠨᠥᠬᠦᠴᠡᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠵᠢᠭᠠᠨ ᠭᠠᠷᠭᠠᠵᠠᠢ᠃        ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠦ ᠥᠷᠨᠢᠭᠦᠯᠬᠦ ᠶᠢᠨ ᠲᠣᠭᠤᠷᠢᠨ ᠳᠤ᠂ ᠰᠡᠳᠬᠢᠬᠦᠶ ᠶᠢ ᠲᠠᠶᠢᠯᠬᠤ᠂ ᠰᠡᠳᠬᠢᠬᠦᠶ ᠶᠢ ᠰᠢᠯᠢᠳᠡᠭᠵᠢᠭᠦᠯᠬᠦ ᠶᠢ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠠᠭ ᠬᠤᠭᠤᠴᠠᠭ᠎ᠠ ᠪᠠ ᠴᠢᠬᠤᠯᠠ ᠠᠵᠢᠯ ᠤᠨ ᠭᠤᠭᠴᠤᠭ᠎ᠠ ᠲᠠᠢ ᠬᠠᠷᠭᠤᠭᠤᠯᠵᠤ᠂ ᠠᠵᠢᠯ ᠤᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠣᠳᠣᠷᠬᠠᠶᠢᠯᠠᠵᠤ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠲᠥᠷᠥᠯ ᠵᠦᠢᠯ ᠤᠨ ᠤᠷᠤᠭᠰᠢᠲᠠᠶ ᠠᠵᠢᠯ ᠡᠬᠢᠯᠡᠭᠦᠯᠬᠦ᠂ ᠠᠵᠤ ᠠᠬᠤᠶᠢᠯᠠᠯ ᠤᠨ ᠡᠷᠡᠭᠦᠯ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠬᠤᠰᠢᠭᠤᠴᠢᠯᠠᠨ ᠦᠢᠯᠡᠴᠢᠯᠡᠵᠦ᠂ ᠭᠡᠷ ᠪᠠᠶᠢᠰᠢᠩ ᠤᠨ ᠠᠷᠠᠯᠵᠢᠶᠠᠨ ᠤ ᠴᠤᠭᠯᠠᠭᠠᠨ ᠵᠡᠷᠭᠡ ᠠᠵᠤ ᠠᠬᠤᠶᠢᠯᠠᠯ ᠢ ᠬᠠᠪᠰᠤᠷᠤᠨ ᠪᠣᠷᠣᠯᠠᠭᠤᠯᠬᠤ ᠠᠵᠢᠯᠯᠠᠭ᠎ᠠ ᠶᠢ ᠨᠠᠷᠢᠨ ᠨᠢᠮᠪᠠᠢ ᠰᠠᠶᠢᠲᠤᠷ ᠡᠷᠬᠢᠯᠡᠵᠦ᠂ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠡᠷᠢᠵᠦ᠂ ᠵᠠᠬ᠎ᠠ ᠳᠡᠯᠭᠡᠭᠦᠷ ᠢ ᠨᠢ ᠥᠷᠭᠡᠳᠬᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃ ᠡᠯ᠎ᠡ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠳ ᠬᠥᠭᠵᠢᠯᠲᠡ ᠶᠢᠨ ᠢᠲᠡᠭᠡᠯ ᠢᠶᠠᠨ ᠦᠷᠭᠦᠯᠵᠢᠯᠡᠨ ᠨᠡᠮᠡᠭᠳᠡᠭᠦᠯᠵᠦ᠂ ᠭᠡᠷ ᠪᠠᠶᠢᠰᠢᠩ ᠬᠤᠳᠠᠯᠳᠤᠨ ᠠᠪᠤᠭᠴᠢᠳ ᠤᠨ ᠣᠯᠠᠨ ᠶᠠᠩᠵᠤᠴᠢᠯᠠᠭᠰᠠᠨ᠂ ᠥᠪᠡᠷᠮᠢᠴᠡ ᠣᠷᠣᠨ ᠰᠠᠭᠤᠴᠠ ᠶᠢᠨ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠤᠯᠠᠭᠠᠨᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠰᠢᠨ᠎ᠡ ᠪᠠᠶᠢᠳᠠᠯ ᠢ ᠬᠠᠮᠲᠤᠪᠠᠷ ᠪᠤᠢ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠵᠠᠢ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号