| — ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠤᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠶᠢ | ᠲᠡᠮᠵᠢᠬᠦ ᠠᠷᠭ᠎ᠠ ᠬᠡᠮᠵᠢᠶ᠎ᠠ ᠶᠢᠨ ᠲᠤᠬᠠᠢ ᠲᠠᠶᠢᠯᠤᠮᠵᠢ ︵ᠲᠡᠭᠡᠳᠤ︶ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠶᠢᠷ᠎ᠠ ᠳᠤ ︽ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠤᠨ ᠲᠤᠬᠠᠶ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 9 ᠵᠦᠢᠯ ᠤᠨ ᠠᠷᠭ᠎ᠠ ᠬᠡᠮᠵᠢᠶ᠎ᠠ ᠲᠤᠷᠠᠳᠤᠭᠰᠠᠨ ᠪᠦᠬᠡᠳ ᠡᠯ᠎ᠡ ᠭᠠᠵᠠᠷ | ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠱᠠᠭᠠᠷᠳᠠᠵᠠᠢ᠃ | ᠵᠤᠷᠢᠯᠳᠠ᠄ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠳᠤᠲᠠᠭᠤᠳᠠᠯ ᠢ ᠲᠦᠷᠭᠡᠳᠭᠡᠨ ᠨᠥᠬᠦᠪᠥᠷᠢᠯᠡᠵᠦ᠂ | ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠲᠦᠷᠦᠯ ᠲᠡᠮᠳᠡᠭᠵᠢᠭᠰᠡᠨ ᠬᠦᠭᠵᠢᠯᠳᠡ ᠶᠢ ᠠᠬᠢᠭᠤᠯᠤᠨ᠂ ᠮᠠᠯ ᠠᠵᠤ | ᠠᠬᠤᠶ ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ ᠲᠦᠮᠡᠨ ᠳ᠋ᠦᠩᠰᠢᠭᠤᠷ | ᠲᠥᠭᠦᠷᠢᠭ ᠠᠴᠠ ᠳᠠᠪᠠᠭᠤᠯᠬᠤ ᠶᠢ ᠲᠦᠷᠭᠡᠳᠬᠡᠨ ᠪᠡᠶᠡᠯᠡᠭᠦᠯᠵᠦ᠂ ᠮᠠᠯ ᠠᠵᠤ ᠠᠬᠤᠶ ᠲᠠᠷᠢᠶᠠᠯᠠᠩ ᠢ ᠭᠠᠷᠤᠯᠲᠠ ᠶᠢᠨ | ᠲᠣᠮᠣ ᠣᠷᠣᠨ ᠠᠴᠠ ᠠᠵᠤ ᠦᠢᠯᠡᠰ ᠤᠨ ᠬᠦᠴᠦᠷᠬᠡᠭ ᠣᠷᠣᠨ ᠲᠠᠶᠢᠰᠢ ᠬᠤᠪᠢᠷᠠᠭᠤᠯᠬᠤ ᠶᠢ ᠠᠬᠢᠭᠤᠯᠤᠨ᠎ᠠ᠃ | ᠠᠷᠭ᠎ᠠ ᠬᠡᠮᠵᠢᠶ᠎ᠠ ① | ᠣᠳᠣ ᠶᠢᠨ ᠪᠠᠶᠢᠭ᠎ᠠ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠡᠳᠬᠦᠨ᠎ᠡ | 2024 ᠣᠨ ᠵᠢᠴᠢ ᠲᠡᠬᠦᠨ ᠠᠴᠠ ᠬᠤᠶᠢᠰᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ | ᠬᠡᠪᠴᠢᠶ᠎ᠡ ᠪᠠᠨ ᠥᠷᠭᠡᠳᠭᠡᠨ ᠦᠢᠯᠡᠳᠪᠦᠷᠢᠯᠡᠯ ᠢᠶᠠᠨ ᠨᠡᠮᠡᠭᠳᠡᠭᠦᠯᠬᠦ ᠵᠡᠷᠭᠡ ᠠᠷᠭ᠎ᠠ ᠬᠡᠯᠪᠡᠷᠢ ᠪᠠᠷ ᠳᠡᠮᠵᠢᠨ ᠵᠢᠯ ᠤᠨ | ᠭᠤᠤᠯ ᠲᠤᠬᠠᠶᠢᠯᠠᠭᠰᠠᠨ ᠠᠵᠢᠯ ᠤᠨ ᠣᠷᠣᠯᠭ᠎ᠠ ᠪᠠᠨ 2 ᠳ᠋ᠦᠩᠰᠢᠭᠤᠷ ᠲᠥᠭᠦᠷᠢᠭ ᠢ ᠳᠠᠪᠠᠭᠤᠯᠤᠭᠰᠠᠨ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠠᠵᠤ ᠠᠬᠤᠶᠢᠯᠠᠯ ᠳᠤ ᠤᠯᠤᠰ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠥᠪᠰᠢᠶᠡᠷᠡᠨ ᠪᠠᠶᠢᠭᠤᠯᠤᠭᠰᠠᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠭᠦᠢᠯᠭᠡᠭᠡᠨ ᠤ ᠪᠠᠯᠠ ᠮᠥᠩᠭᠦ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠤᠨ ᠨᠡᠬᠡᠬᠡᠯᠳᠡ ᠶᠢᠨ ᠪᠠᠯᠠ ᠮᠥᠩᠭᠦ ᠵᠢᠭᠡᠯᠡᠭᠦᠯᠵᠦ᠂ ᠨᠢᠭᠡ ᠵᠢᠯ ᠤᠨ ᠬᠤᠭᠤᠴᠠᠭ᠎ᠠ ᠪᠦᠬᠦᠢ | ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠬᠦᠦ ᠮᠦᠡᠭᠬᠦ ᠶᠢᠨ ᠨᠣᠷᠮ᠎ᠠ ︵LPR︶ ᠶᠢᠨ 70% ᠪᠠᠷ᠂ ᠲᠡᠷᠡᠴᠢᠯᠡᠨ | 2% ᠠᠴᠠ ᠦᠯᠦ ᠳᠠᠪᠠᠭᠤᠯᠬᠤ ᠬᠦᠦ ᠮᠥᠩᠭᠦ ᠶᠢᠨ ᠨᠤᠷᠮ᠎ᠠ ᠪᠠᠷ ᠵᠢᠯ ᠪᠦᠷᠢ 200 ᠲᠦᠮᠡᠨ ᠲᠥᠭᠦᠷᠢᠭ ᠠᠴᠠ | ᠦᠯᠤ ᠲᠠᠪᠠᠭ᠋ᠤ ᠬᠦᠦ ᠮᠦᠡᠭᠬᠦ ᠶᠢᠨ ᠨᠦᠬᠦᠪᠦᠷᠢ ᠶᠢᠨ ᠳᠡᠮᠵᠢᠯᠭᠡ ᠦᠵᠡᠭᠦᠯᠵᠦ᠂ ᠠᠵᠤ ᠠᠬᠤᠶᠢᠯᠠᠯ ᠤᠨ | ᠲᠠᠷᠢᠶᠠᠯᠠᠩ ᠤᠨ ᠠᠵᠤ ᠦᠢᠯᠡᠰᠵᠢᠯᠳᠠ ᠶᠢᠨ ᠤᠯᠤᠰ ᠤᠨ ᠭᠤᠤᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠪᠠ | ᠥᠪᠡᠷᠲᠡᠭᠡᠨ ᠵᠠᠰᠠᠬᠤ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠡ ᠶᠢᠨ ᠵᠢᠱᠢᠶ᠎ᠡ | ᠦᠵᠡᠭᠦᠯᠬᠦ ᠬᠤᠯᠪᠤᠭᠠᠲᠤ ᠴᠤᠭᠴᠠ ᠪᠠᠷ ᠬᠢᠨᠠᠨ ᠲᠤᠭᠳᠠᠭᠠᠯᠭᠠᠬᠤ ᠶᠢ ᠵᠤᠷᠢᠭᠵᠢᠭᠤᠯᠤᠨ᠎ᠠ᠃ ᠰᠢᠨ᠎ᠡ ᠪᠠᠷ ᠬᠢᠨᠠᠨ | ᠲᠤᠭᠳᠠᠭᠠᠭᠳᠠᠭᠰᠠᠨ ᠲᠠᠷᠢᠶᠠᠯᠠᠩ ᠤᠨ ᠠᠵᠤ ᠦᠢᠯᠡᠰᠵᠢᠯᠳᠠ ᠶᠢᠨ ᠤᠯᠤᠰ ᠤᠨ ᠭᠤᠣᠯᠳᠠᠯᠭ᠎ᠠ ᠲᠠᠢ ᠲᠠᠭᠠᠭᠤᠯᠤᠭᠴᠢ | ᠠᠵᠤ ᠠᠬᠤᠶᠢᠯᠠᠯ ᠳᠤ ᠨᠢᠭᠡ ᠯᠠ ᠤᠳᠠᠭ᠎ᠠ ᠶᠢᠨ ᠴᠢᠨᠠᠷᠲᠠᠢ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ᠤᠯᠤᠰ ᠤᠨ ᠲᠠᠰ ᠤᠨ ᠠᠵᠤ ᠦᠢᠯᠡᠰᠵᠢᠯᠳᠠ ᠶᠢᠨ ᠳᠠᠭᠠᠭᠤᠯᠤᠭᠴᠢ ᠠᠵᠤ ᠠᠬᠤᠶᠢᠯᠠᠯ ᠢ ᠨᠢᠭᠡᠳ ᠨᠢᠭᠡ ᠪᠠᠷ | ᠲᠡᠳᠬᠦᠬᠦ ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ᠂ ︽ᠨᠢᠭᠡ ᠠᠵᠤ | ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ︾ ᠶᠢ ᠬᠡᠷᠡᠭᠵᠢᠭᠦᠯᠵᠤ ᠪᠠᠶᠢᠭᠠᠳ ᠠᠵᠤ ᠠᠬᠤᠶᠢᠯᠠᠯ ᠳᠤ | ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠨ᠎ᠡ᠃ | ᠠᠷᠭ᠎ᠠ ᠬᠡᠮᠵᠢᠶ᠎ᠠ ② | ᠨᠠᠷᠢᠯᠢᠭ ᠪᠤᠯᠪᠠᠰᠤᠷᠠᠭᠤᠯᠬᠤ ᠠᠵᠤ ᠠᠬᠤᠶᠢᠯᠠᠯ ᠢ ᠬᠦᠴᠦᠯᠡᠨ ᠪᠤᠶᠢᠵᠢᠭᠤᠯᠤᠨ᠎ᠠ | ᠣᠷᠣᠨ ᠨᠤᠲᠤᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠥᠬᠦᠶ ᠪᠠᠯᠠ | ᠮᠥᠩᠭᠦ ᠶᠢ ᠨᠢᠭᠡᠳᠦᠯᠲᠡᠶ ᠲᠥᠯᠥᠪᠵᠢᠭᠦᠯᠬᠦ ᠶᠢ ᠵᠣᠷᠢᠭᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠶᠢ ᠳᠡᠮᠵᠢᠬᠦ ᠶᠢᠨ ᠬᠠᠮᠲᠤ ᠮᠠᠯᠴᠢᠨ ᠲᠠᠷᠢᠶᠠᠴᠢᠨ ᠲᠠᠢ ᠬᠤᠯᠪᠣᠭᠠᠯᠠᠨ | ᠮᠠᠯᠴᠢᠨ ᠲᠠᠷᠢᠶᠠᠴᠢᠨ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠰᠢᠨ᠎ᠡ ᠪᠠᠷ ᠳᠠᠩᠰᠠᠯᠠᠭᠤᠯᠤᠭᠰᠠᠨ ᠮᠥᠷᠲᠡᠭᠡᠨ ᠵᠢᠯ ᠤᠨ ᠭᠤᠤᠯ ᠲᠤᠬᠠᠶᠢᠯᠠᠭᠰᠠᠨ ᠠᠵᠢᠯ ᠤᠨ ᠣᠷᠣᠯᠭ᠎ᠠ ᠨᠢ | 2 ᠳ᠋ᠦᠡᠭᠰᠢᠭᠤᠷ ᠲᠥᠭᠦᠷᠢᠭ ᠢ ᠳᠠᠪᠠᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠨᠠᠷᠢᠯᠢᠭ | ᠪᠤᠯᠪᠠᠰᠤᠷᠠᠭᠤᠯᠬᠤ ᠠᠵᠤ ᠠᠬᠤᠶᠢᠯᠠᠯ ᠳᠤ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ | ᠭᠦᠢᠯᠭᠡᠭᠡᠨ ᠤ ᠪᠠᠯᠠ ᠮᠥᠩᠭᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠬᠡᠬᠡᠯᠳᠡ ᠶᠢᠨ ᠪᠠᠯᠠ | ᠮᠥᠩᠭᠦ ᠵᠢᠭᠡᠯᠡᠭᠦᠯᠵᠦ᠂ ᠨᠢᠭᠡ ᠵᠢᠯ ᠤᠨ ᠬᠤᠭᠤᠴᠠᠭ᠎ᠠ ᠪᠦᠬᠦᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠬᠦᠦ ᠮᠦᠡᠭᠬᠦ | ᠶᠢᠨ ᠨᠣᠷᠮ᠎ᠠ ︵LPR︶ ᠶᠢᠨ 70% ᠪᠠᠷ᠂ ᠲᠡᠷᠡᠴᠢᠯᠡᠨ 2% ᠠᠴᠠ ᠦᠯᠦ ᠳᠠᠪᠠᠭᠤᠯᠬᠤ ᠬᠦᠦ ᠮᠥᠩᠭᠦ ᠶᠢᠨ | ᠨᠤᠷᠮ᠎ᠠ ᠪᠠᠷ ᠵᠢᠯ ᠪᠦᠷᠢ 200 ᠲᠦᠮᠡᠨ ᠲᠥᠭᠦᠷᠢᠭ ᠠᠴᠠ ᠦᠯᠤ ᠲᠠᠪᠠᠭ᠋ᠤ ᠬᠦᠦ ᠮᠥᠩᠭᠦ ᠶᠢᠨ ᠨᠦᠬᠦᠪᠦᠷᠢ ᠶᠢᠨ | ᠳᠡᠮᠵᠢᠯᠭᠡ ᠦᠵᠡᠭᠦᠯᠦᠨ᠎ᠡ᠃ | ᠠᠷᠭ᠎ᠠ ᠬᠡᠮᠵᠢᠶ᠎ᠠ ③ | ᠨᠠᠷᠢᠯᠢᠭ ᠪᠤᠯᠪᠠᠰᠤᠷᠠᠭᠤᠯᠬᠤ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ | 2024 ᠣᠨ ᠠᠴᠠ ᠬᠤᠶᠢᠰᠢᠬᠢ ᠵᠢᠯ ᠤᠨ ᠭᠤᠤᠯ ᠲᠤᠬᠠᠶᠢᠯᠠᠭᠰᠠᠨ ᠠᠵᠢᠯ ᠤᠨ ᠣᠷᠣᠯᠭ᠎ᠠ ᠨᠢ 1.6 | ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠰᠢᠨ᠎ᠡ ᠪᠠᠷ | ᠪᠠᠶᠢᠭᠤᠯᠬᠤ ᠪᠠ ᠦᠭᠡᠷᠡᠴᠢᠯᠡᠨ ᠳᠡᠰ ᠳᠡᠪᠰᠢᠭᠦᠯᠬᠦ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠢ | ᠨᠠᠷᠢᠯᠢᠭ ᠪᠤᠯᠪᠠᠰᠤᠷᠠᠭᠤᠯᠬᠤ ᠲᠦᠷᠦᠯ ᠵᠦᠢᠯ ᠤᠨ ᠵᠢᠭᠡᠯᠡᠯᠭᠡ ᠠᠪᠤᠭᠰᠠᠨ ᠠᠵᠤ ᠠᠬᠤᠶᠢᠯᠠᠯ ᠳᠤ ᠨᠢᠭᠡ ᠵᠢᠯ ᠤᠨ | ᠬᠤᠭᠤᠴᠠᠭ᠎ᠠ ᠪᠦᠬᠦᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠬᠦᠦ ᠮᠦᠡᠭᠬᠦ ᠶᠢᠨ ᠨᠣᠷᠮ᠎ᠠ ︵LPR︶ ᠢᠢᠨ | 70% ᠪᠠᠷ᠂ ᠲᠡᠷᠡᠴᠢᠯᠡᠨ 2% ᠠᠴᠠ ᠦᠯᠦ ᠳᠠᠪᠠᠭᠤᠯᠬᠤ ᠬᠦᠦ ᠮᠥᠩᠭᠦ ᠶᠢᠨ ᠨᠤᠷᠮ᠎ᠠ ᠪᠠᠷ ᠵᠢᠯ ᠪᠦᠷᠢ 300 | ᠲᠦᠮᠡᠨ ᠲᠥᠭᠦᠷᠢᠭ ᠠᠴᠠ ᠦᠯᠤ ᠲᠠᠪᠠᠭ᠋ᠤ ᠬᠦᠦ ᠮᠦ᠋ᠩᠬᠦ ᠶᠢᠨ ᠨᠦᠬᠦᠪᠦᠷᠢ ᠶᠢᠨ ᠳᠡᠮᠵᠢᠯᠭᠡ ᠦᠵᠡᠭᠦᠯᠦᠨ᠎ᠡ᠃ | ᠵᠢᠯ ᠳᠤ 2 ᠲᠦᠮᠡ ᠠᠴᠠ ᠲᠠᠬᠡᠭᠰᠢ ᠦᠬᠡᠷ ᠨᠢᠳᠤᠯᠤᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠠᠪᠤᠭᠰᠠᠨ | ᠪᠤᠷᠳᠤᠨ ᠲᠠᠷᠭᠤᠯᠠᠭᠤᠯᠤᠭᠰᠠᠨ ᠦᠭᠡᠷ ᠬᠤᠳᠠᠯᠳᠤᠨ ᠠᠪᠬᠤ ᠭᠦᠢᠯᠭᠡᠭᠡᠨ ᠤ ᠪᠡᠯᠡ ᠮᠦᠡᠭᠬᠦ ᠶᠢᠨ ᠵᠢᠬᠡᠯᠡᠯᠬᠡ ᠳᠤ ᠨᠢᠭᠡ | ᠵᠢᠯ ᠤᠨ ᠬᠤᠭᠤᠴᠠᠭ᠎ᠠ ᠪᠦᠬᠦᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠬᠦᠦ ᠮᠦᠡᠭᠬᠦ ᠶᠢᠨ ᠨᠣᠷᠮ᠎ᠠ ︵LPR︶ | ᠢᠢᠨ 70% ᠪᠠᠷ᠂ ᠲᠡᠷᠡᠴᠢᠯᠡᠨ 2% ᠠᠴᠠ ᠦᠯᠦ ᠳᠠᠪᠠᠭᠤᠯᠬᠤ ᠬᠦᠦ ᠮᠥᠩᠭᠦ ᠶᠢᠨ ᠨᠤᠷᠮ᠎ᠠ ᠪᠠᠷ ᠵᠢᠯ ᠪᠦᠷᠢ | 600 ᠲᠦᠮᠡᠨ ᠲᠥᠭᠦᠷᠢᠭ ᠠᠴᠠ ᠦᠯᠤ ᠲᠠᠪᠠᠭ᠋ᠤ ᠬᠦᠦ ᠮᠦᠡᠭᠬᠦ ᠢᠢᠨ ᠨᠦᠬᠦᠪᠦᠷᠢ ᠶᠢᠨ ᠳᠡᠮᠵᠢᠯᠭᠡ ᠦᠵᠡᠭᠦᠯᠦᠨ᠎ᠡ᠃ | ᠮᠢᠬᠠᠨ ᠤ ᠦᠬᠡᠷ ᠤᠨ ᠠᠵᠤ ᠠᠬᠤᠶᠢᠯᠠᠯ ᠤᠨ ᠦᠬᠡᠷ ᠤᠨ ᠮᠢᠬᠠᠨ ᠤ ᠪᠡᠯᠡᠨ ᠵᠠᠭᠤᠰᠢ᠂ ᠪᠤᠳᠤᠩ ᠲᠠᠢ | ᠪᠦᠲᠦᠭᠡᠭᠳᠡᠬᠦᠨ᠂ ᠡᠷᠡᠭᠦᠯᠵᠢᠯ ᠤᠨ ᠡᠳ᠋᠂ ᠢᠳᠡᠪᠬᠢ ᠢᠰᠭᠡᠭᠦᠷ ᠵᠡᠷᠭᠡ ᠰᠢᠨ᠎ᠡ ᠪᠦᠲᠦᠭᠡᠭᠳᠡᠭᠦᠨ ᠰᠢᠨ᠎ᠡ ᠮᠡᠷᠭᠡᠵᠢᠯ ᠢ | ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠲᠣᠮᠣ ᠬᠡᠯᠪᠡᠷᠢ ᠢᠢᠨ ᠨᠡᠷᠡᠲᠦ | ᠠᠵᠤ ᠠᠬᠤᠶᠢᠯᠠᠯ ᠤᠨ ᠮᠢᠬᠠᠨ ᠤ ᠦᠬᠡᠷ ᠤᠨ ᠠᠵᠤ ᠦᠢᠯᠡᠰ ᠡᠷᠬᠢᠯᠡᠬᠦ ᠶᠢ ᠵᠣᠷᠢᠭᠵᠢᠭᠤᠯᠵᠤ᠂ ᠨᠠᠷᠠᠳᠤ ᠠᠵᠤ | ᠠᠬᠤᠶᠢᠯᠠᠯ ᠤᠨ ᠪᠣᠷᠣᠯᠠᠭᠤᠯᠭ᠎ᠠ ᠶᠢᠨ ᠠᠷᠭ᠎ᠠ ᠵᠠᠮ᠂ ᠲᠥᠷᠥᠯ ᠲᠡᠮᠳᠡᠭ ᠤᠨ ᠳᠠᠪᠠᠭᠤᠯᠢᠭ ᠪᠠ ᠬᠠᠮᠢᠶᠠᠷᠤᠯᠲᠠ ᠢᠢᠨ | ᠲᠦᠪᠰᠢᠨ ᠳᠤ ᠲᠦᠰᠢᠭᠯᠡᠨ ᠪᠥᠬᠦ ᠣᠷᠣᠨ ᠤ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ | ᠴᠢᠳᠠᠪᠬᠢ ᠶᠢ ᠳᠡᠭᠡᠭᠰᠢᠯᠡᠭᠦᠯᠦᠨ᠎ᠡ᠃ | ︵︽ᠦᠪᠤᠷ ᠮᠤᠩᠭᠤᠯ ᠤᠨ ᠡᠳᠤᠷ ᠤᠨ ᠰᠤᠨᠢᠨ︾ ᠠᠴᠠ ᠰᠢᠯᠵᠢᠬᠦᠯᠪᠡ︶ | | | | | |