| ᠤᠶᠢᠷ᠎ᠠ ᠳᠤ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ᠣᠶᠢᠯᠠᠭᠠᠭᠰᠠᠨ ᠢᠶᠠᠷ᠂ ᠨᠢᠳᠤᠨᠤᠨ ᠮᠠᠨ ᠤ ᠤᠷᠤᠨ ᠣᠯᠠᠨ ᠲᠦᠮᠡᠨ ᠤ ᠡᠪᠡᠳᠴᠢᠨ ᠦᠵᠡᠭᠦᠯᠬᠦ | ᠬᠠᠨᠤᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ 115 ᠡᠮᠴᠢᠯᠡᠭᠡᠨ ᠤ ᠪᠠᠶᠢᠭᠤᠯᠤᠮᠵᠢ ︽ᠢᠨᠲ᠋ᠧᠷ | ᠰᠦᠯᠵᠢᠶ᠎ᠡ + ᠰᠤᠪᠢᠯᠠᠬᠤ ᠦᠢᠯᠡᠴᠢᠯᠡᠭᠡ︾ ᠶᠢᠨ ᠦᠷᠭᠦᠯᠵᠢᠯᠡᠯᠳᠦ ᠴᠢᠨᠠᠷᠲᠠᠢ 68 ᠲᠥᠷᠥᠯ ᠵᠦᠢᠯ ᠢ ᠬᠠᠩᠭᠠᠵᠤ᠂ | ᠢᠨᠲ᠋ᠧᠷ ᠰᠦᠯᠵᠢᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠰᠡᠨ ᠬᠥᠮᠦᠨ ᠤ ᠲᠤᠭ᠎ᠠ 54 ᠲᠦᠮᠡ ᠭᠠᠷᠤᠢ | ᠬᠥᠮᠦᠨ ᠤᠳᠠᠭ᠎ᠠ ᠳᠤ ᠬᠦᠷᠴᠡᠢ᠃ | ᠲᠠᠨᠢᠯᠴᠠᠭᠤᠯᠤᠭᠰᠠᠨ ᠢᠶᠠᠷ᠂ 2024 ᠣᠨ ᠳᠤ ᠮᠠᠨ ᠤ ᠤᠷᠤᠨ ᠨᠢᠭᠡᠨᠲᠡ ᠪᠦᠬᠦ ᠠᠷᠠᠳ ᠤᠨ ᠡᠷᠡᠭᠦᠯ | ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠢ ᠪᠦᠬᠦ ᠲᠠᠯ᠎ᠠ ᠪᠠᠷ ᠪᠦᠷᠬᠦᠭᠦᠯᠬᠦ ᠶᠢ ᠪᠡᠶᠡᠯᠡᠭᠦᠯᠵᠦ᠂ ᠬᠥᠬᠡᠬᠤᠲᠠ᠂ | ᠪᠤᠭᠤᠲᠤ᠂ ᠣᠷᠳᠣᠰ᠂ ᠦᠬᠠᠢ 4 ᠠᠶᠢᠮᠠᠭ ᠬᠤᠲᠠ ᠳᠦᠷᠰᠦᠳᠦ ᠡᠭᠦᠯᠡᠨ ᠰᠢᠰᠲ᠋ᠧᠮ ᠢ ᠪᠠᠶᠢᠷᠢᠯᠠᠭᠤᠯᠵᠤ᠂ 8 | ᠠᠶᠢᠮᠠᠭ ᠬᠤᠲᠠ ᠪᠦᠷ ᠡᠷᠡᠭᠦᠯ ᠮᠡᠨᠳᠦ ᠶᠢᠨ ᠡᠯᠧᠺᠲᠷᠣᠨ ᠳᠠᠩᠰᠠ ᠡᠪᠬᠡᠮᠡᠯ ᠢ ᠪᠠᠶᠢᠭᠤᠯᠵᠤ᠂ ᠰᠠᠭᠤᠭᠠᠯᠢ ᠠᠷᠠᠳ ᠲᠤ | ᠵᠢᠷᠤᠮᠵᠢᠭᠰᠠᠨ ᠯᠠᠪᠯᠠᠭ᠎ᠠ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ ᠪᠦᠬᠦ ᠣᠷᠣᠨ ᠤ ᠬᠤᠶᠠᠳᠤᠭᠠᠷ ᠳᠡᠰ ᠠᠴᠠ | ᠳᠡᠭᠡᠭᠰᠢᠬᠢ ᠡᠮᠨᠡᠯᠭᠡ ᠶᠢᠨ ᠬᠤᠷᠢᠶ᠎ᠠ ᠶᠢ ᠵᠢᠯᠣᠭᠤᠳᠴᠤ ᠪᠠᠶᠢᠭᠠᠳ ︽ᠨᠢᠭᠡ ᠥᠷᠲᠡᠭᠡ ᠮᠠᠶ᠋ᠢᠭ︾ ᠤᠨ ᠡᠮᠨᠡᠯᠭᠡ ᠳᠤ | ᠰᠠᠭᠤᠬᠤ ᠡᠮᠨᠡᠯᠭᠡ ᠠᠴᠠ ᠭᠠᠷᠬᠤ ᠦᠢᠯᠡᠴᠢᠯᠡᠭᠡᠨ ᠤ ᠲᠥᠪ ᠢ ᠪᠠᠶᠢᠭᠤᠯᠵᠤ᠂ ᠪᠦᠬᠦ ᠰᠢᠰᠲ᠋ᠧᠮ ᠤᠨ ᠳᠤᠳᠤᠷ᠎ᠠ ︽ | ᠡᠪᠡᠳᠴᠢᠨ ᠦᠵᠡᠭᠦᠯᠬᠦ ᠲᠥᠷᠥᠭᠳᠡᠯ ᠢ ᠰᠠᠶᠢᠵᠢᠷᠠᠭᠤᠯᠬᠤ︾ ᠪᠠ ︽ᠬᠡᠷᠪᠡ ᠪᠢ ᠨᠢᠭᠡ ᠡᠪᠡᠳᠴᠢᠲᠡᠨ ᠪᠣᠯᠤᠭᠰᠠᠨ ᠪᠤᠯ | ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠬᠦ ᠶᠠᠪᠤᠴᠠ ᠪᠠᠷ ᠨᠢ ᠳᠠᠭᠠᠭᠤᠯᠤᠨ | ᠵᠠᠮᠴᠢᠯᠠᠬᠤ ᠰᠠᠶᠢᠨ ᠳᠤᠷ᠎ᠠ ᠶᠢᠨ ᠦᠢᠯᠡᠴᠢᠯᠡᠭᠡ᠂ ᠣᠨᠣᠰᠢᠯᠠᠭ᠎ᠠ ᠶᠢᠨ ᠲᠠᠰᠤᠯᠭ᠎ᠠ ᠶᠢᠨ ᠳᠠᠰᠤᠯᠤᠨ ᠪᠣᠳᠣᠯᠲᠠ ᠵᠡᠷᠭᠡ | ᠠᠷᠠᠳ ᠲᠤ ᠳᠥᠭᠦᠮ ᠦᠵᠡᠭᠦᠯᠬᠦ 358 ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠡᠮᠴᠢᠯᠡᠭᠡᠨ ᠤ | ᠰᠤᠷᠲᠠᠯ ᠤᠨ ᠪᠠᠶᠢᠭᠤᠯᠤᠯᠲᠠ ᠣᠯᠠᠨ ᠲᠦᠮᠡᠨ ᠤ ᠡᠪᠡᠳᠴᠢᠨ ᠦᠵᠡᠭᠦᠯᠬᠦ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ | ᠲᠤᠰᠬᠠᠢ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ | ᠪᠣᠯᠤᠨ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ 2988 ᠠᠰᠠᠭᠤᠳᠠᠯ ᠢ ᠵᠢᠭᠰᠠᠭᠠᠨ ᠪᠠᠶᠢᠴᠠᠭᠠᠵᠤ᠂ 1793 | ᠵᠦᠢᠯ ᠤᠨ ᠬᠤᠯᠪᠣᠭᠳᠠᠯ ᠪᠦᠬᠦᠢ ᠳᠦᠷᠢᠮ ᠢ ᠲᠣᠭᠲᠠᠭᠠᠨ ᠲᠡᠭᠦᠯᠳᠡᠷᠵᠢᠭᠦᠯᠪᠡ᠃ ᠡᠭᠦᠨ ᠠᠴᠠ ᠭᠠᠳᠠᠨ᠎ᠠ᠂ ᠪᠦᠬᠦ | ᠣᠷᠣᠨ ᠤ 50 ᠡᠮᠨᠡᠯᠭᠡ ᠶᠢᠨ ᠬᠤᠷᠢᠶ᠎ᠠ ᠳᠤ ᠪᠦᠬᠦ ᠲᠠᠯ᠎ᠠ ᠪᠠᠷ ᠲᠣᠭᠤᠷᠢᠨ ᠪᠠᠶᠢᠴᠠᠭᠠᠯᠳᠠ ᠦᠷᠨᠢᠭᠦᠯᠵᠤ᠂ ᠡᠷᠡᠭᠦᠯ | ᠬᠠᠮᠠᠭᠠᠯᠠᠯ ᠤᠨ ᠰᠢᠰᠲ᠋ᠧᠮ ᠤᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢ ᠴᠢᠨᠠᠭᠰᠢᠳᠠ ᠠᠬᠢᠭᠤᠯᠵᠤ᠂ | ᠣᠯᠠᠨ ᠲᠦᠮᠡᠨ ᠤ ᠡᠪᠡᠳᠴᠢᠨ ᠦᠵᠡᠭᠦᠯᠬᠦ ᠬᠠᠨᠤᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠭᠰᠡᠨ ᠪᠠᠶᠢᠨ᠎ᠠ᠃ | ︵︽ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ | ᠰᠢᠯᠵᠢᠬᠦᠯᠪᠡ︶ |