| 2025 ᠤᠨ ᠤ ᠡᠬᠢᠨ ᠳᠤ᠂ ᠤᠯᠠᠭᠠᠨᠬᠤᠳᠠ ᠶᠢᠨ ᠬᠦᠮᠤᠨ ᠤ ᠬᠦᠴᠤᠨ ᠤ ᠡᠬᠢ ᠪᠠᠶᠠᠯᠢᠭ ᠪᠠ | ᠨᠡᠶᠢᠭᠡᠮ ᠤᠨ ᠪᠠᠳᠤᠯᠠᠪᠤᠷᠢ ᠶᠢᠨ ᠲᠤᠪᠴᠢᠶ᠎ᠠ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠱᠠᠭᠠᠷᠳᠠᠯᠭ᠎ᠠ ᠳᠤ | ᠬᠠᠨᠳᠤᠭᠤᠯᠤᠨ᠂ ᠢᠳᠡᠪᠬᠢᠳᠠᠢ ᠠᠵᠢᠯᠯᠠᠨ᠂ ᠲᠦᠷᠭᠡᠨ ᠢᠶᠠᠷ ᠬᠦᠳᠡᠯᠤᠯᠴᠠᠵᠤ᠂ ᠠᠵᠢᠯ ᠤᠯᠭᠤᠬᠤ ᠪᠠᠷ ᠤᠷᠢᠳᠠᠯ | ᠪᠤᠯᠭᠠᠬᠤ ᠤᠳᠤᠷᠢᠳᠤᠮᠵᠢ ᠶᠢ ᠪᠤᠢ ᠪᠤᠯᠭᠠᠨ᠂ ᠠᠵᠢᠯ ᠤᠯᠭᠤᠬᠤ ᠶᠢ ᠠᠬᠢᠭᠤᠯᠬᠤ ᠠᠵᠢᠯᠯᠠᠭ᠎ᠠ ᠶᠢ ᠪᠠᠳᠤᠳᠠᠢ | ᠦᠷᠨᠢᠬᠦᠯᠵᠤ᠂ ᠠᠵᠢᠯᠳᠠᠨ ᠡᠯᠰᠡᠬᠦ ᠠᠷᠭ᠎ᠠ ᠵᠠᠮ ᠢ ᠦᠷᠭᠡᠳᠭᠡᠵᠤ᠂ ᠮᠡᠷᠭᠡᠵᠢᠯ ᠤᠨ ᠪᠤᠯᠪᠠᠰᠤᠷᠠᠯ ᠢᠶᠠᠨ ᠴᠢᠩᠭᠠᠳᠬᠠᠨ᠂ | ᠭᠤᠤᠯᠳᠠᠯᠭ᠎ᠠ ᠲᠠᠢ ᠤᠯᠠᠨ ᠲᠦᠮᠡᠨ ᠳᠤ ᠪᠠᠳᠤᠯᠠᠭ᠎ᠠ ᠬᠠᠩᠭᠠᠬᠤ ᠵᠡᠷᠭᠡ ᠲᠠᠯ᠎ᠠ ᠳᠤ ᠲᠦᠪᠯᠡᠷᠡᠬᠦᠯᠤᠨ ᠬᠦᠴᠤᠯᠡᠵᠤ᠂ | ᠨᠡᠩ ᠦᠨᠳᠤᠷ ᠶᠠᠰᠤ ᠴᠢᠨᠠᠷ᠂ ᠨᠡᠩ ᠬᠦᠢᠴᠡᠳ ᠠᠵᠢᠯ ᠤᠯᠭᠤᠯᠳᠠ ᠪᠠᠷ ᠤᠯᠠᠨ ᠲᠦᠮᠡᠨ ᠤ ᠵᠤᠯ ᠵᠢᠷᠭᠠᠯ ᠤᠨ | ᠲᠦᠷᠥᠭᠳᠡᠯ ᠢ ᠨᠡᠮᠡᠭᠳᠡᠬᠦᠯᠵᠤ ᠪᠤᠢ᠃ | ᠤᠯᠠᠭᠠᠨᠬᠤᠳᠠ ᠶᠢᠨ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ | ᠲᠤᠪᠴᠢᠶ᠎ᠠ ᠬᠦᠳᠡᠭᠡ ᠲᠤᠰᠬᠤᠨ ᠤ ᠵᠠᠬ᠎ᠠ ᠲᠡᠯᠭᠡᠬᠦᠷ ᠲᠤ ᠬᠦᠮᠤᠨ ᠤᠯᠠᠨ ᠴᠤᠭᠯᠠᠷᠠᠬᠤ ᠲᠠᠪᠠᠭᠤᠯᠢᠭ ᠲᠤ | ᠴᠢᠭᠯᠡᠭᠦᠯᠦᠨ᠂ ᠦᠪᠤᠷ ᠮᠤᠩᠭᠤᠯ ᠤᠨ ᠺᠧ ᠴᠢᠨ ᠸᠠᠨ ᠵᠢᠶᠠ ᠢᠳᠡᠭᠡᠨ ᠤ ᠬᠢᠵᠠᠭᠠᠷᠳᠤ ᠺᠤᠮᠫᠠᠨᠢ᠂ ᠦᠪᠤᠷ | ᠮᠤᠩᠭᠤᠯ ᠤᠨ ᠿᠢ ᠵᠤᠤ ᠳ᠋ᠦᠩ ᠹᠠᠩ ᠡᠷᠡᠬᠦᠯᠵᠢᠯ ᠤᠨ ᠠᠵᠤ ᠦᠢᠯᠡᠰ ᠤᠨ ᠬᠢᠵᠠᠭᠠᠷᠳᠤ ᠺᠤᠮᠫᠠᠨᠢ᠂ ᠬᠢᠩᠭᠠᠨ | ᠠᠶᠢᠮᠠᠭ ᠤᠨ ᠵᠢᠶᠠ ᠾᠧ ᠴᠢᠯᠦᠬᠡᠳᠤ ᠲᠡᠯᠭᠡᠬᠦᠷ ᠤᠨ ᠬᠠᠮᠢᠶᠠᠷᠤᠯᠳᠠ ᠶᠢᠨ ᠬᠢᠵᠠᠭᠠᠷᠳᠤ ᠺᠤᠮᠫᠠᠨᠢ᠂ ᠤᠯᠠᠭᠠᠨᠬᠤᠳᠠ ᠶᠢᠨ | ᠱᠦᠨ ᠶᠤᠸᠠᠨ ᠲᠠᠷᠢᠶᠠᠯᠠᠩ ᠮᠠᠯᠵᠢᠯ ᠤᠨ ᠮᠠᠰᠢᠨ ᠮᠧᠬᠠᠨᠢᠭ ᠦᠢᠯᠡᠳᠬᠦ ᠬᠢᠵᠠᠭᠠᠷᠳᠤ ᠺᠤᠮᠫᠠᠨᠢ ᠵᠡᠷᠭᠡ 110 ᠬᠦᠮᠤᠨ | ᠬᠡᠷᠡᠭᠯᠡᠬᠦ ᠨᠢᠭᠡᠴᠢ ᠶᠢ ᠵᠤᠬᠢᠶᠠᠨ ᠪᠠᠶᠢᠭᠤᠯᠤᠨ 800 ᠭᠠᠷᠤᠢ ᠠᠵᠢᠯ ᠤᠨ ᠪᠠᠶᠢᠷᠢ ᠬᠠᠩᠭᠠᠨ᠂ ᠬᠦᠳᠡᠭᠡ ᠲᠤᠰᠬᠤᠨ ᠤ | ᠵᠠᠬ᠎ᠠ ᠲᠡᠯᠭᠡᠬᠦᠷ ᠲᠤ ︽ᠬᠢᠩᠭᠠᠨ ᠬᠦᠳᠡᠭᠡ ᠲᠤᠰᠬᠤᠨ ᠤ ᠠᠵᠢᠯ ᠤᠯᠭᠤᠬᠤ ᠰᠢᠷᠢᠰ ᠠᠵᠢᠯᠳᠠᠨ ᠡᠯᠰᠡᠬᠦ ᠠᠵᠢᠯᠯᠠᠭ᠎ᠠ | ︾ ᠦᠷᠨᠢᠬᠦᠯᠵᠤ᠂ ᠰᠢᠶᠠᠩ ᠪᠠᠯᠭᠠᠰᠤᠨ ᠤ ᠰᠠᠭᠤᠭᠠᠯᠢ ᠠᠷᠠᠳ ᠲᠤ ᠠᠵᠢᠯ ᠤᠯᠭᠤᠬᠤ ᠦᠢᠯᠡᠴᠢᠯᠡᠭᠡ ᠬᠠᠩᠭᠠᠪᠠ᠃ | ᠤᠳᠤᠬᠠᠨ ᠪᠤᠯᠳᠠᠯ᠎ᠠ᠂ ᠭᠡᠭᠡᠨᠰᠦ᠋ᠮ᠎ᠠ ᠪᠠᠯᠭᠠᠰᠤᠨ ᠤ ᠬᠠᠳᠠᠨ ᠠᠷᠥ ᠭᠠᠴᠠᠭ᠎ᠠ᠂ ᠰᠡᠷᠬᠡᠨ ᠤᠳᠤ ᠦᠶ᠎ᠠ ᠶᠢᠨ | ᠲᠠᠷᠢᠶᠠᠯᠠᠩ ᠤᠨ ᠤᠷᠤᠨ ᠲᠤᠭᠤᠷᠢᠭ ᠵᠡᠷᠭᠡ ᠭᠠᠵᠠᠷ ᠢᠶᠠᠷ 6 ᠲᠠᠯᠠᠪᠠᠢ ᠠᠵᠢᠯᠳᠠᠨ ᠡᠯᠰᠡᠬᠦ ᠬᠤᠷᠠᠯ ᠡᠷᠬᠢᠯᠡᠨ᠂ | 1300 ᠭᠠᠷᠤᠢ ᠬᠦᠮᠤᠨ ︵ᠤᠳᠠᠭ᠎ᠠ︶ ᠤᠷᠤᠯᠴᠠᠵᠤ᠂ 100 ᠭᠠᠷᠤᠢ ᠬᠦᠮᠤᠨ ᠠᠩᠬ᠎ᠠ ᠠᠯᠬᠤᠮ ᠤᠨ ᠠᠵᠢᠯ | ᠤᠯᠬᠤ ᠰᠠᠨᠠᠮᠵᠢ ᠲᠤᠭᠳᠠᠨ᠂ 1000 ᠭᠠᠷᠤᠢ ᠬᠤᠪᠢ ᠲᠦᠷᠥ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠬᠠᠭᠤᠳᠠᠰᠤ | ᠲᠠᠷᠬᠠᠭᠠᠭᠰᠠᠨ ᠪᠠᠶᠢᠨ᠎ᠠ᠃ | ᠦᠩᠭᠡᠷᠡᠭᠰᠡᠨ ᠨᠢᠭᠡ ᠵᠢᠯ ᠳᠤ᠂ ᠤᠯᠠᠭᠠᠨᠬᠤᠳᠠ ᠶᠢᠨ ᠠᠵᠤ ᠠᠬᠤᠶᠢᠯᠠᠯ ᠤᠨ ᠴᠢᠨᠠᠷ ᠰᠠᠶᠢᠳᠠᠢ ᠬᠦᠭᠵᠢᠯᠳᠠ | ᠪᠠ ᠠᠵᠢᠯ ᠮᠡᠷᠭᠡᠵᠢᠯ ᠤᠨ ᠪᠤᠯᠪᠠᠰᠤᠷᠠᠯ ᠢ ᠬᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ | ᠠᠵᠢᠯᠳᠠᠨ ᠡᠯᠰᠡᠬᠦ᠂ ᠪᠤᠯᠪᠠᠰᠤᠷᠠᠯ ᠬᠦᠷᠳᠡᠭᠡᠬᠦ᠂ ᠠᠵᠢᠯ ᠤᠯᠬᠤ ᠬᠠᠩᠭᠠᠯᠭ᠎ᠠ ᠬᠡᠷᠡᠭᠴᠡᠭᠡ ᠶᠢ ᠪᠦᠳᠤᠮᠵᠢᠳᠠᠢ | ᠵᠤᠯᠭᠠᠭᠤᠯᠬᠤ ᠶᠢ ᠠᠬᠢᠭᠤᠯᠬᠤ ᠪᠠᠷ ᠤᠯᠠᠭᠠᠨᠬᠤᠳᠠ ᠶᠢᠨ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ | ᠪᠠᠳᠤᠯᠠᠪᠤᠷᠢ ᠶᠢᠨ ᠲᠤᠪᠴᠢᠶ᠎ᠠ ᠠᠴᠠ ︽ᠲᠠᠩᠰᠠ ᠵᠠᠬᠢᠶᠠᠯᠠᠬᠤ ᠬᠡᠯᠪᠡᠷᠢ︾ ᠪᠠᠷ ᠪᠤᠯᠪᠠᠰᠤᠷᠠᠯ ᠬᠦᠷᠳᠡᠭᠡᠪᠠ᠃ 2024 | ᠤᠨ ᠳᠤ᠂ ᠪᠤᠯᠪᠠᠰᠤᠷᠠᠯ ᠬᠦᠷᠳᠡᠭᠡᠬᠦ ᠡᠬᠢ ᠪᠠᠶᠠᠯᠢᠭ ᠢ ᠪᠦᠬᠦ ᠲᠠᠯ᠎ᠠ ᠪᠠᠷ ᠨᠡᠶᠢᠳᠭᠡᠭᠰᠡᠨ ᠰᠠᠭᠤᠷᠢᠨ ᠲᠡᠭᠡᠷ᠎ᠠ | ᠠᠷᠠᠳ ᠤᠨ ᠶᠠᠪᠤᠳᠠᠯ᠂ ᠲᠠᠷᠢᠶᠠᠯᠠᠩ ᠤᠨ ᠰᠢᠨᠵᠢᠯᠡᠬᠦ ᠤᠬᠠᠭᠠᠨ᠂ ᠠᠵᠢᠯᠴᠢᠨ ᠤᠨ ᠡᠪᠯᠡᠯ᠂ ᠡᠪᠯᠡᠯ ᠤᠨ ᠬᠤᠷᠢᠶ᠎ᠠ᠂ | ᠵᠡᠮᠳᠡᠭᠴᠤᠳ ᠤᠨ ᠬᠤᠯᠪᠤᠭ᠎ᠠ ᠵᠡᠷᠭᠡ ᠪᠠᠶᠢᠭᠤᠯᠭ᠎ᠠ ᠲᠠᠢ ᠵᠤᠯᠭᠠᠭᠤᠯᠬᠤ ᠶᠢ ᠪᠦᠬᠦ ᠲᠠᠯ᠎ᠠ ᠪᠠᠷ ᠴᠢᠩᠭᠠᠳᠬᠠᠨ᠂ ᠠᠵᠢᠯ | ᠮᠡᠷᠭᠡᠵᠢᠯ ᠤᠨ ᠪᠤᠯᠪᠠᠰᠤᠷᠠᠯ ᠤᠨ ᠨᠦᠬᠦᠪᠤᠷᠢ ᠶᠢᠨ ᠪᠠᠷᠢᠮᠵᠢᠶ᠎ᠠ᠂ ᠨᠦᠬᠦᠪᠤᠷᠢ ᠶᠢᠨ ᠬᠡᠪᠴᠢᠶ᠎ᠠ ᠨᠦᠬᠦᠴᠠᠯ ᠵᠢᠴᠢ | ᠭᠤᠶᠤᠴᠢᠯᠠᠬᠤ ᠶᠠᠪᠤᠴᠠ ᠶᠢ ᠲᠤᠳᠤᠷᠬᠠᠶᠢᠯᠠᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠠᠵᠢᠯ ᠲᠠᠢ | ᠤᠷᠭᠠᠨᠢᠭ ᠢᠶᠠᠷ ᠤᠶᠠᠯᠳᠤᠭᠤᠯᠤᠨ᠂ ᠮᠠᠯᠴᠢᠨ ᠲᠠᠷᠢᠶᠠᠴᠢᠨ᠂ ᠶᠠᠳᠠᠭᠤ ᠠᠴᠠ ᠠᠩᠬᠢᠵᠢᠷᠠᠭᠰᠠᠨ ᠡᠷᠤᠬᠡ ᠵᠡᠷᠭᠡ | ᠭᠤᠤᠯᠳᠠᠯᠭ᠎ᠠ ᠲᠠᠢ ᠤᠯᠠᠨ ᠲᠦᠮᠡᠨ ᠤ ᠪᠤᠯᠪᠠᠰᠤᠷᠠᠯ ᠤᠨ ᠰᠠᠨᠠᠯ ᠢ ᠪᠠᠶᠢᠴᠠᠭᠠᠵᠤ᠂ ᠪᠤᠯᠪᠠᠰᠤᠷᠠᠯ ᠬᠦᠷᠳᠡᠭᠡᠬᠦ | ᠠᠵᠢᠯ ᠤᠨ ᠭᠤᠭᠴᠤᠭ᠎ᠠ ᠶᠢ ᠨᠠᠷᠢᠨ ᠨᠢᠭᠳᠠ ᠲᠤᠳᠤᠷᠬᠠᠶᠢᠯᠠᠨ᠂ ᠲᠦᠷᠥ ᠶᠢᠨ ᠪᠤᠳᠤᠯᠭ᠎ᠠ ᠶᠢ ᠤᠨᠤᠴᠠᠳᠠᠢ | ᠬᠡᠷᠡᠭᠵᠢᠬᠦᠯᠵᠤ ᠦᠷᠬᠦᠯᠵᠢᠯᠡᠨ ᠬᠦᠭᠵᠢᠬᠦᠯᠬᠦ ᠳᠤ ᠬᠦᠴᠤᠯᠡᠪᠡ᠃ ᠡᠬᠦᠨ ᠤ ᠬᠠᠮᠳᠤ᠂ ᠤᠨᠴᠠᠯᠢᠭᠳᠤ ᠬᠦᠳᠡᠯᠮᠤᠷᠢ | ᠦᠢᠯᠡᠴᠢᠯᠡᠭᠡᠨ ᠤ ᠨᠡᠷᠡᠳᠤ ᠲᠡᠮᠳᠡᠭᠳᠤ ᠶᠢ ᠬᠦᠴᠤᠯᠡᠨ ᠡᠬᠦᠳᠴᠤ᠂ ᠪᠤᠯᠪᠠᠰᠤᠷᠠᠯ ᠤᠨ ᠦᠷ᠎ᠠ ᠪᠦᠳᠤᠮᠵᠢ ᠶᠢ | ᠰᠢᠯᠢᠳᠡᠭᠵᠢᠬᠦᠯᠬᠦ ᠶᠢ ᠤᠯᠠᠮ ᠨᠢᠭᠡ ᠠᠯᠬᠤᠮ ᠪᠡᠶᠡᠯᠡᠬᠦᠯᠪᠠ᠃ ᠤᠳᠤᠬᠠᠨ ᠪᠤᠯᠳᠠᠯ᠎ᠠ᠂ ᠠᠵᠢᠯ ᠮᠡᠷᠭᠡᠵᠢᠯ ᠤᠨ | ᠪᠤᠯᠪᠠᠰᠤᠷᠠᠯ ᠢ 4 ᠬᠤᠭᠤᠴᠠᠭ᠎ᠠ ᠶᠠᠪᠤᠭᠳᠠᠭᠤᠯᠵᠤ᠂ 41 ᠮᠠᠯᠴᠢᠨ ᠲᠠᠷᠢᠶᠠᠴᠢᠨ ᠪᠠ 83 ᠦᠢᠯᠡᠰ ᠪᠤᠰᠬᠠᠭᠴᠢ ᠳᠤ | ᠪᠤᠯᠪᠠᠰᠤᠷᠠᠯ ᠬᠦᠷᠳᠡᠭᠡᠪᠡ᠃ | 2025 ᠤᠨ ᠳᠤ᠂ ᠤᠯᠠᠭᠠᠨᠬᠤᠳᠠ ᠶᠢᠨ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ | ᠪᠠᠳᠤᠯᠠᠪᠤᠷᠢ ᠶᠢᠨ ᠲᠤᠪᠴᠢᠶ᠎ᠠ ︽ᠤᠯᠠᠭᠠᠨᠬᠤᠳᠠ · ᠬᠤᠩ ᠶᠠᠨ ᠠᠵᠢᠯ ᠤᠨ ᠪᠠᠶᠢᠷᠢ ᠬᠦᠷᠭᠡᠬᠦ︾ ᠠᠵᠢᠯ ᠤᠯᠭᠤᠬᠤ | ᠦᠢᠯᠡᠴᠢᠯᠡᠭᠡᠨ ᠤ ᠨᠡᠷᠡᠳᠤ ᠲᠡᠮᠳᠡᠭᠳᠤ ᠳᠤ ᠲᠦᠰᠢᠭᠯᠡᠨ᠂ ︽AI ᠲᠤᠭᠠᠴᠢᠯᠠᠭᠰᠠᠨ ᠬᠦᠮᠤᠨ 24 ᠴᠠᠭ ᠰᠢᠭᠤᠳ | ᠨᠡᠪᠳᠡᠷᠡᠬᠦᠯᠭᠡ ᠪᠠᠷ ᠠᠵᠢᠯ ᠤᠯᠭᠤᠬᠤ ᠦᠢᠯᠡᠴᠢᠯᠡᠭᠡ ᠬᠠᠩᠭᠠᠬᠤ︾ ᠶᠢ ᠰᠢᠨ᠎ᠠ ᠪᠠᠷ ᠶᠠᠪᠤᠭᠳᠠᠭᠤᠯᠵᠤ᠂ ᠴᠤᠤᠷᠢᠶ᠎ᠠ᠂ | ᠪᠤᠰᠢᠭᠤ ᠭᠠᠷ ᠵᠡᠷᠭᠡ ᠰᠢᠨ᠎ᠠ ᠵᠠᠭᠤᠴᠢᠯᠠᠭᠤᠷ ᠤᠨ ᠲᠠᠪᠴᠠᠩ ᠳᠤ 24 ᠴᠠᠭ ᠢᠶᠠᠷ ᠲᠠᠰᠤᠷᠠᠯᠳᠠ ᠦᠭᠡᠢ ᠪᠠᠷ | ᠠᠵᠢᠯᠳᠠᠨ ᠡᠯᠰᠡᠬᠦ ᠰᠤᠷᠠᠭ ᠵᠠᠩᠬᠢ ᠪᠠ ᠠᠵᠤ ᠠᠬᠤᠶᠢᠯᠠᠯ ᠤᠨ ᠪᠤᠳᠠᠳᠤ ᠪᠠᠶᠢᠳᠠᠯ ᠢ ᠲᠡᠯᠭᠡᠨ ᠦᠵᠡᠬᠦᠯᠵᠤ᠂ ᠠᠵᠤ | ᠠᠬᠤᠶᠢᠯᠠᠯ ᠤᠨ ᠠᠵᠢᠯᠳᠠᠨ ᠡᠯᠰᠡᠬᠦ ᠰᠤᠷᠠᠭ ᠵᠠᠩᠬᠢ ᠶᠢᠨ ᠲᠠᠷᠬᠠᠭᠠᠬᠤ ᠬᠡᠪᠴᠢᠶ᠎ᠠ ᠶᠢ ᠦᠷᠭᠡᠳᠭᠡᠭᠰᠡᠨ ᠢᠶᠠᠷ ᠪᠠᠷᠠᠬᠤ | ᠦᠭᠡᠢ ᠠᠵᠢᠯ ᠡᠷᠢᠭᠰᠡᠳ ᠭᠡᠷ ᠲᠡᠭᠡᠨ ᠪᠠᠶᠢᠭᠠᠳ ᠠᠵᠢᠯᠯᠠᠬᠤ ᠤᠷᠴᠢᠨ ᠲᠤᠭᠤᠷᠢᠨ᠂ ᠠᠵᠢᠯ ᠤᠨ ᠪᠠᠶᠢᠷᠢ ᠶᠢᠨ | ᠱᠠᠭᠠᠷᠳᠠᠯᠭ᠎ᠠ᠂ ᠬᠦᠯᠤᠰᠤ ᠤᠯᠭᠤᠮᠵᠢ ᠶᠢ ᠤᠶᠢᠯᠠᠭᠠᠵᠤ᠂ ᠭᠤᠤᠯᠳᠠᠯᠭ᠎ᠠ ᠲᠠᠢ ᠤᠯᠠᠨ ᠲᠦᠮᠡᠨ ᠳᠤ ᠠᠵᠢᠯ ᠤᠨ ᠪᠠᠶᠢᠷᠢ | ᠲᠠᠨᠢᠯᠴᠠᠭᠤᠯᠬᠤ ᠪᠦᠷᠬᠦᠴᠠ ᠶᠢ ᠨᠡᠮᠡᠭᠳᠡᠬᠦᠯᠵᠤ ᠴᠢᠳᠠᠵᠠᠢ᠃ ᠤᠳᠤᠬᠠᠨ ᠪᠤᠯᠳᠠᠯ᠎ᠠ ᠨᠢᠭᠡᠨᠳᠠ ᠶᠡᠭᠡ ᠰᠤᠷᠭᠠᠭᠤᠯᠢ ᠠᠴᠠ | ᠲᠡᠬᠦᠰᠥᠭᠰᠡᠨ ᠤᠶᠤᠳᠠᠨ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠬᠦᠯᠤᠰᠤᠨ ᠠᠵᠢᠯᠴᠢᠨ᠂ ᠵᠡᠮᠳᠡᠭᠴᠤᠳ | ᠵᠡᠷᠭᠡ ᠭᠤᠤᠯᠳᠠᠯᠭ᠎ᠠ ᠲᠠᠢ ᠤᠯᠠᠨ ᠲᠦᠮᠡᠨ ᠳᠤ AI ᠲᠤᠭᠠᠴᠢᠯᠠᠭᠰᠠᠨ ᠬᠦᠮᠤᠨ ᠤ ᠰᠢᠭᠤᠳ ᠨᠡᠪᠳᠡᠷᠡᠬᠦᠯᠭᠡ ᠶᠢ 17 | ᠲᠠᠯᠠᠪᠠᠢ ᠶᠠᠪᠤᠭᠳᠠᠭᠤᠯᠵᠤ᠂ 235 ᠠᠵᠤ ᠠᠬᠤᠶᠢᠯᠠᠯ ᠳᠤ ᠦᠢᠯᠡᠴᠢᠯᠡᠨ᠂ 878 ᠠᠵᠢᠯ ᠤᠨ ᠪᠠᠶᠢᠷᠢ ᠬᠠᠩᠭᠠᠪᠠ᠃ | ᠠᠵᠢᠯ ᠤᠯᠭᠤᠬᠤ ᠨᠡᠶᠢᠳᠠ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠬᠦᠯᠤᠨ᠂ ᠠᠵᠢᠯ | ᠤᠯᠭᠤᠬᠤ ᠨᠡᠶᠢᠳᠠ ᠶᠢᠨ ᠦᠢᠯᠡᠴᠢᠯᠡᠭᠡ ᠶᠢ ᠦᠨᠳᠤᠰᠤᠨ ᠱᠠᠳᠤᠨ ᠳᠤ ᠬᠦᠨᠵᠡᠭᠡᠶᠢᠷᠡᠬᠦᠯᠬᠦ ᠪᠠᠷ᠂ ᠠᠵᠢᠯ ᠤᠯᠭᠤᠬᠤ | ᠱᠠᠭᠠᠷᠳᠠᠯᠭ᠎ᠠ ᠶᠢ ᠵᠢᠭᠰᠠᠭᠠᠨ ᠪᠠᠶᠢᠴᠠᠭᠠᠬᠤ᠂ ᠠᠵᠢᠯ ᠤᠯᠭᠤᠬᠤ ᠠᠵᠢᠯ ᠤᠨ ᠪᠠᠶᠢᠷᠢ ᠶᠢ ᠴᠤᠭᠯᠠᠭᠤᠯᠬᠤ᠂ ᠠᠵᠢᠯ | ᠤᠯᠭᠤᠬᠤ ᠬᠠᠩᠭᠠᠯᠭ᠎ᠠ ᠬᠡᠷᠡᠭᠴᠡᠭᠡ ᠶᠢ ᠤᠶᠢᠯᠠᠭᠠᠬᠤ᠂ ᠠᠵᠢᠯ ᠤᠯᠭᠤᠬᠤ ᠴᠢᠳᠠᠪᠤᠷᠢ ᠪᠠᠨ ᠲᠡᠭᠡᠭᠰᠢᠯᠡᠬᠦᠯᠬᠦ᠂ ᠠᠵᠢᠯ | ᠤᠯᠭᠤᠬᠤ ᠶᠢ ᠬᠠᠪᠰᠤᠷᠤᠨ ᠲᠡᠳᠬᠦᠬᠦ᠂ ᠲᠦᠷᠥ ᠶᠢᠨ ᠪᠤᠳᠤᠯᠭ᠎ᠠ ᠶᠢ ᠤᠬᠠᠭᠤᠯᠬᠤ ᠵᠡᠷᠭᠡ ᠦᠢᠯᠡᠴᠢᠯᠡᠭᠡ ᠶᠢ | ᠴᠢᠩᠭᠠᠳᠬᠠᠪᠠ᠃ ᠲᠤᠰ ᠲᠤᠪᠴᠢᠶ᠎ᠠ ᠪᠦᠬᠦ ᠬᠤᠳᠠ ᠳᠤ 55 ᠠᠵᠢᠯ ᠤᠯᠭᠤᠬᠤ ᠦᠢᠯᠡᠴᠢᠯᠡᠭᠡᠨ ᠤ ᠲᠤᠤᠷ ᠴᠡᠭ ᠢ | ᠲᠤᠬᠢᠷᠠᠭᠤᠯᠵᠤ᠂ ᠠᠵᠢᠯ ᠤᠯᠬᠤ ᠳᠤ ᠬᠦᠴᠢᠷᠳᠠᠢ ᠬᠦᠮᠤᠰ ᠤᠨ ᠬᠢᠨᠠᠨ ᠲᠤᠭᠳᠠᠭᠠᠯᠳᠠ᠂ ᠠᠵᠢᠯ ᠤᠯᠬᠤ ᠳᠤ | ᠬᠦᠴᠢᠷᠳᠡᠢ ᠬᠦᠮᠤᠰ ᠲᠤ ᠠᠮᠢᠳᠤᠯᠢᠭ ᠢᠶᠠᠷ ᠠᠵᠢᠯ ᠤᠯᠭᠤᠬᠤ ᠨᠡᠶᠢᠭᠡᠮ ᠤᠨ ᠪᠠᠳᠤᠯᠠᠭ᠎ᠠ ᠶᠢᠨ ᠨᠦᠬᠦᠪᠤᠷᠢ᠂ ᠠᠵᠢᠯ | ᠤᠯᠭᠤᠬᠤ ᠪᠠ ᠠᠵᠢᠯ ᠠᠯᠳᠠᠭᠰᠠᠨ ᠰᠤᠷᠠᠭ ᠵᠠᠩᠬᠢ ᠶᠢ ᠲᠡᠮᠳᠡᠭᠯᠡᠬᠦ ᠭᠤᠷᠪᠠᠨ ᠲᠦᠷᠤᠯ ᠤᠨ ᠦᠢᠯᠡᠴᠢᠯᠡᠭᠡ ᠶᠢ | ᠦᠨᠳᠤᠰᠤᠨ ᠱᠠᠳᠤᠨ ᠳᠤ ᠬᠦᠷᠭᠡᠵᠤ᠂ ᠨᠡᠩ ᠲᠦᠬᠦᠮ ᠲᠦᠳᠠ ᠦᠨᠳᠤᠷ ᠦᠷ᠎ᠠ ᠪᠦᠳᠤᠮᠵᠢᠳᠠᠢ ᠠᠵᠢᠯ ᠤᠯᠭᠤᠬᠤ | ᠦᠢᠯᠡᠴᠢᠯᠡᠭᠡᠨ ᠤ ᠰᠢᠰᠲ᠋ᠧᠮ ᠢ ᠪᠦᠷᠢᠯᠳᠤᠬᠦᠯᠪᠠ᠃ | ᠡ᠊ᠨᠠ ᠵᠢᠯ ᠳᠤ᠂ ᠤᠯᠠᠭᠠᠨᠬᠤᠳᠠ ᠶᠢᠨ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ | ᠪᠠᠳᠤᠯᠠᠪᠤᠷᠢ ᠶᠢᠨ ᠲᠤᠪᠴᠢᠶ᠎ᠠ ᠡᠯ᠎ᠠ ᠲᠠᠯ᠎ᠠ ᠶᠢᠨ ᠡᠬᠦᠷᠭᠡ ᠬᠠᠷᠢᠭᠤᠴᠠᠯᠭ᠎ᠠ ᠪᠠᠨ ᠲᠤᠳᠤᠷᠬᠠᠶᠢᠯᠠᠨ᠂ ᠠᠵᠢᠯ ᠤᠯᠭᠤᠬᠤ | ᠠᠵᠢᠯᠯᠠᠭ᠎ᠠ ᠪᠠᠨ ᠪᠦᠬᠦ ᠲᠠᠯ᠎ᠠ ᠪᠠᠷ ᠠᠬᠢᠭᠤᠯᠤᠨ᠂ ᠦᠨᠳᠤᠷ ᠠᠵᠢᠯ ᠤᠨ ᠦᠷ᠎ᠠ ᠠᠰᠢᠭ ᠢᠶᠠᠷ ᠤᠯᠠᠨ ᠲᠦᠮᠡᠨ ᠤ | ᠬᠠᠨᠤᠮᠵᠢ ᠶᠢᠨ ᠬᠡᠮᠵᠢᠶ᠎ᠠ ᠶᠢ ᠨᠡᠮᠡᠭᠳᠡᠬᠦᠯᠵᠤ᠂ ᠨᠡᠩ ᠰᠢᠯᠢᠳᠡᠭ ᠠᠵᠢᠯ ᠤᠯᠭᠤᠬᠤ ᠦᠷ᠎ᠠ ᠪᠦᠳᠤᠮᠵᠢ ᠪᠠᠷ ᠠᠷᠠᠳ ᠤᠨ | ᠠᠮᠢᠳᠤᠷᠠᠯ ᠤᠨ ᠬᠦᠭᠵᠢᠯᠳᠠ ᠶᠢ ᠠᠬᠢᠭᠤᠯᠬᠤ ᠪᠤᠯᠤᠨ᠎ᠠ᠃ ᠴᠤᠯᠮᠤᠨ ᠮᠡᠳᠡᠭᠡᠯᠡᠪᠡ | |