ᠤᠯᠠᠭᠠᠨᠬᠤᠳᠠ ᠡᠮᠴᠢᠯᠡᠬᠡᠨ ᠤ ᠦᠢᠯᠡᠴᠢᠯᠡᠭᠡ ᠶᠢᠨ ᠬᠢᠷᠢ ᠲᠦᠪᠰᠢᠨ ᠢᠶᠠᠨ ᠲᠡᠭᠡᠭᠰᠢᠯᠡᠬᠦᠯᠵᠦ ᠤᠯᠠᠨ ᠲᠦᠮᠡᠨ ᠤ ᠡᠷᠡᠬᠦᠯ ᠮᠡᠨᠳᠤ ᠶᠢ ᠪᠠᠳᠤᠯᠠᠨ᠎ᠠ
ᠨᠡᠶᠢᠲᠡᠯᠡᠭᠰᠡᠨ ᠴᠠᠭ᠄
2025/2/18
        2024 ᠤᠨ ᠳᠤ᠂ ᠤᠯᠠᠭᠠᠨᠬᠤᠳᠠ ᠠᠷᠠᠳ ᠲᠦᠮᠡᠨ ᠤ ᠡᠷᠡᠬᠦᠯ ᠡᠩᠬᠡ ᠪᠠᠷ ᠭᠤᠤᠯ ᠪᠤᠯᠭᠠᠬᠤ ᠶᠢ ᠪᠠᠷᠢᠮᠳᠠᠯᠠᠵᠦ᠂ ᠤᠯᠠᠨ ᠲᠦᠮᠡᠨ ᠤ ᠬᠠᠯᠠᠮᠵᠢᠯᠠᠵᠦ ᠪᠠᠶᠢᠭ᠎ᠠ ᠡᠮᠴᠢᠯᠡᠬᠡᠨ ᠤ ᠠᠰᠠᠭᠤᠳᠠᠯ᠂ ᠬᠦᠴᠢᠷ ᠠᠰᠠᠭᠤᠳᠠᠯ ᠳᠤ ᠠᠩᠬᠠᠷᠦᠯ ᠢᠶᠠᠨ ᠲᠦᠪᠯᠡᠷᠡᠬᠦᠯᠵᠦ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠲᠤᠬᠳᠠᠴᠠ ᠶᠢᠨ ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠤᠯᠠᠨ ᠲᠦᠮᠡᠨ ᠤ ᠡᠪᠡᠳᠴᠢᠨ ᠦᠵᠡᠬᠦᠯᠬᠦ ᠳᠤ ᠬᠦᠴᠢᠷ ᠠᠰᠠᠭᠤᠳᠠᠯ ᠢ ᠪᠦᠳᠦᠮᠵᠢᠳᠡᠢ ᠰᠶᠢᠳᠪᠦᠷᠢᠯᠡᠵᠦ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ ᠢ ᠲᠠᠰᠦᠷᠠᠯᠳᠠ ᠦᠬᠡᠢ ᠲᠡᠭᠡᠭᠰᠢᠯᠡᠬᠦᠯᠵᠡᠢ᠃        ᠲᠡᠬᠦᠯᠢᠨ ᠵᠡᠬᠡᠯᠢ ᠶᠢᠨ ᠵᠢᠶᠠ ᠹᠦ᠋ ᠪᠠᠭ᠎ᠠ ᠲᠤᠭᠤᠷᠢᠭ ᠤᠨ ᠰᠠᠭᠤᠭᠠᠯᠢ ᠠᠷᠠᠳ ᠶᠠᠩ ᡁᠢ ᠴᠧᠩ ᠤᠨ ᠬᠡᠷ ᠲᠤ ᠬᠡᠷ ᠪᠦᠯᠢ ᠶᠢᠨ ᠡᠮᠴᠢ ᠶᠠᠭ ᠰᠠᠶ᠋ᠢᠬᠠᠨ ᠲᠡᠬᠦᠨ ᠤ ᠴᠢᠰᠦᠨ ᠲᠠᠷᠦᠯᠳᠠ᠂ ᠴᠢᠰᠦᠨ ᠰᠢᠬᠢᠷ ᠢ ᠬᠡᠮᠵᠢᠨ ᠦᠭᠬᠦᠭᠰᠡᠨ ᠪᠦᠭᠡᠳ ᠤᠶᠢᠷ᠎ᠠ ᠶᠢᠨ ᠡᠳᠦᠷ ᠤᠨ ᠢᠳᠡᠬᠡᠨ ᠤᠮᠳᠠᠭᠠᠨ ᠤ ᠲᠠᠳᠬᠠᠯ᠂ ᠤᠨᠳᠠᠵᠦ ᠠᠮᠠᠷᠠᠵᠦ ᠪᠠᠶᠢᠭ᠎ᠠ ᠪᠠᠶᠢᠳᠠᠯ ᠢ ᠨᠠᠷᠢᠯᠢᠭ ᠠᠰᠠᠭᠤᠵᠦ᠂ ᠲᠤᠰᠬᠠᠢ ᠮᠡᠷᠬᠡᠵᠢᠯ ᠤᠨ ᠡᠷᠡᠬᠦᠯ ᠮᠡᠨᠳᠤ ᠶᠢᠨ ᠵᠢᠯᠤᠭᠤᠳᠤᠯᠭ᠎ᠠ ᠬᠠᠨᠭ᠍ᠭᠠᠵᠦ ᠦᠭᠴᠤ ᠪᠠᠶᠢᠯ᠎ᠠ᠃        ᠶᠠᠩ ᡁᠢ ᠴᠧᠩ᠄ ︽ᠬᠡᠷ ᠪᠦᠯᠢ ᠶᠢᠨ ᠡᠮᠴᠢ ᠪᠢᠳᠡᠨ ᠤ ᠬᠡᠷ ᠲᠤ ᠢᠷᠡᠵᠦ ᠲᠤᠰᠬᠠᠢ ᠡᠮᠴᠢᠯᠡᠬᠡᠨ ᠤ ᠦᠢᠯᠡᠴᠢᠯᠡᠭᠡ ᠬᠠᠨᠭ᠍ᠭᠠᠳᠠᠭ ᠪᠤᠯᠬᠤᠷ ᠪᠢᠳᠡ ᠦᠪᠡᠷ ᠤᠨ ᠪᠡᠶ᠎ᠡ ᠶᠢᠨ ᠡᠷᠡᠬᠦᠯ ᠮᠡᠨᠳᠤ ᠶᠢᠨ ᠪᠠᠶᠢᠳᠠᠯ ᠢᠶᠠᠨ ᠴᠠᠭ ᠲᠤᠬᠠᠢ ᠳᠤᠨᠢ ᠮᠡᠳᠡᠬᠦ ᠪᠤᠯᠵᠠᠢ︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃        ᠬᠡᠷ ᠪᠦᠯᠢ ᠶᠢᠨ ᠡᠮᠴᠢ ᠨᠢ ᠰᠠᠭᠤᠭᠠᠯᠢ ᠠᠷᠠᠳ ᠤᠨ ᠡᠷᠡᠬᠦᠯ ᠮᠡᠨᠳᠤ ᠶᠢᠨ ︽ᠬᠠᠮᠠᠭᠠᠯᠠᠬᠴᠢ︾ ᠮᠦᠨ᠃ ᠡᠮᠴᠢᠯᠡᠭᠡ ᠰᠡᠷᠬᠡᠶᠢᠯᠡᠯᠳᠡ ᠶᠢ ᠤᠶᠠᠯᠳᠤᠭᠤᠯᠬᠤ ᠪᠠ ᠬᠡᠷ ᠪᠦᠯᠢ ᠶᠢᠨ ᠡᠮᠴᠢ ᠲᠠᠢ ᠵᠦᠪᠯᠡᠯᠴᠡᠭᠡᠷ ᠲᠤᠬᠳᠠᠬᠤ ᠪᠠᠷ ᠲᠠᠮᠵᠢᠭᠤᠯᠤᠨ ᠰᠠᠭᠤᠭᠠᠯᠢ ᠠᠷᠠᠳ ᠲᠤ ᠶᠡᠷᠦᠩᠭᠡᠶᠢᠯᠡᠭᠰᠡᠨ᠂ ᠵᠤᠬᠢᠴᠠᠯ ᠲᠠᠢ ᠦᠨᠳᠦᠰᠦᠨ ᠡᠮᠴᠢᠯᠡᠬᠡᠨ ᠤ ᠡᠷᠡᠬᠦᠯ ᠬᠠᠮᠠᠭᠠᠯᠠᠯ ᠤᠨ ᠦᠢᠯᠡᠴᠢᠯᠡᠭᠡ ᠬᠠᠨᠭ᠍ᠭᠠᠵᠦ᠂ ᠢᠯᠠᠩᠭᠤᠶ᠎ᠠ ᠪᠠᠯᠭᠠᠰᠦ ︵ᠬᠦᠷᠢᠶᠡᠯᠡᠩ ᠲᠤᠭᠤᠷᠢᠭ︶ ᠶᠢᠨ ᠡᠷᠡᠬᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠵᠢᠴᠢ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠢ ᠪᠦᠬᠦᠨ ᠢ ᠪᠦᠷᠬᠦᠬᠦᠯᠵᠦ᠂ ᠬᠤᠳᠠ ᠪᠠᠯᠭᠠᠰᠦ ᠶᠢᠨ ᠰᠠᠭᠤᠭᠠᠯᠢ ᠠᠷᠠᠳ ᠲᠤ ᠲᠦᠬᠦᠮ ᠡᠮᠴᠢᠯᠡᠬᠡᠨ ᠤ ᠦᠢᠯᠡᠴᠢᠯᠡᠭᠡ ᠬᠠᠨᠭ᠍ᠭᠠᠵᠠᠢ᠃        ᠤᠳᠤ᠂ ᠤᠯᠠᠩᠬᠢ ᠨᠠᠰᠦᠳᠠᠨ᠂ ᠵᠢᠷᠮᠦᠰᠦᠨ ᠡᠮᠡᠭᠳᠡᠢ᠂ ᠨᠢᠯᠬ᠎ᠠ ᠬᠡᠤᠬᠡᠳ᠂ ᠠᠷᠬᠠᠭ ᠡᠪᠡᠳᠴᠢᠨ ᠲᠠᠢ ᠬᠦᠮᠦᠨ ᠵᠡᠷᠬᠡ ᠭᠤᠤᠯᠳᠠᠯᠭ᠎ᠠ ᠲᠠᠢ ᠬᠦᠮᠦᠰ ᠬᠡᠷ ᠪᠦᠯᠢ ᠶᠢᠨ ᠡᠮᠴᠢ ᠶᠢᠨ ᠦᠢᠯᠡᠴᠢᠯᠡᠭᠡ ᠶᠢ ᠡᠬᠢᠯᠡᠨ ᠡᠳ᠋ᠯᠡᠵᠦ ᠪᠤᠢ᠃ 2024 ᠤᠨ ᠳᠤ᠂ ᠤᠯᠠᠭᠠᠨᠬᠤᠳᠠ ᠨᠡᠶᠢᠳᠡ ᠬᠠᠷᠢᠶᠠᠳᠤ ᠤᠷᠤᠨ ᠤ 29.6 ᠲᠦᠮᠡᠨ ᠰᠠᠭᠤᠭᠠᠯᠢ ᠠᠷᠠᠳ ᠲᠤ ᠡᠯᠧᠺᠲᠷᠤᠨ ᠡᠷᠡᠬᠦᠯ ᠮᠡᠨᠳᠤ ᠶᠢᠨ ᠲᠠᠩᠰᠠ ᠪᠠᠶᠢᠭᠤᠯᠵᠦ᠂ ᠲᠠᠩᠰᠠ ᠪᠠᠶᠢᠭᠤᠯᠤᠬᠰᠠᠨ ᠨᠤᠷᠮ᠎ᠠ 84% ᠬᠦᠷᠴᠡᠢ᠃ ᠬᠡᠷ ᠪᠦᠯᠢ ᠶᠢᠨ ᠡᠮᠴᠢ ᠲᠠᠢ ᠵᠦᠪᠯᠡᠯᠴᠡᠭᠡᠷ ᠲᠤᠬᠳᠠᠬᠤ ᠦᠢᠯᠡᠴᠢᠯᠡᠭᠡ ᠦᠷᠨᠢᠬᠦᠯᠵᠦ᠂ ᠨᠡᠶᠢᠳᠡ 22 ᠲᠦᠮᠡ ᠭᠠᠷᠦᠢ ᠬᠦᠮᠦᠨ ᠲᠠᠢ ᠵᠦᠪᠯᠡᠯᠴᠡᠭᠡᠷ ᠲᠤᠬᠳᠠᠵᠦ᠂ ᠤᠯᠠᠨ ᠲᠦᠮᠡᠨ ᠤ ᠡᠷᠡᠬᠦᠯ ᠮᠡᠨᠳᠤ ᠶᠢᠨ ᠬᠠᠮᠢᠶᠠᠷᠦᠯᠳᠠ ᠶᠢ ᠪᠦᠳᠦᠮᠵᠢᠳᠡᠢ ᠴᠢᠩᠭᠠᠳᠬᠠᠵᠦ᠂ ᠤᠯᠠᠨ ᠲᠦᠮᠡᠨ ᠤ ᠡᠷᠡᠬᠦᠯ ᠮᠡᠨᠳᠤ ᠶᠢᠨ ᠬᠡᠪ ᠪᠤᠯᠪᠠᠰᠦᠷᠠᠯ ᠢ ᠲᠡᠭᠡᠭᠰᠢᠯᠡᠬᠦᠯᠵᠡᠢ᠃        ᠡᠬᠦᠨ ᠤ ᠬᠠᠮᠳᠤ᠂ ᠨᠢᠬᠳᠠᠷᠠᠬᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠬᠡᠨ ᠤ ᠬᠠᠮᠳᠤ ᠶᠢᠨ ᠴᠤᠬᠴᠠ ᠶᠢᠨ ᠪᠠᠶᠢᠭᠤᠯᠤᠯᠳᠠ ᠪᠠᠷ ᠡᠮᠴᠢᠯᠡᠬᠡᠨ ᠤ ᠡᠬᠢ ᠪᠠᠶᠠᠯᠢᠭ ᠢ ᠤᠯᠠᠮ ᠨᠢᠬᠡ ᠠᠯᠬᠤᠮ ᠨᠡᠶᠢᠳᠬᠡᠵᠦ᠂ ᠡᠷᠡᠬᠦᠯ ᠮᠡᠨᠳᠤ ᠶᠢᠨ ᠦᠢᠯᠡᠴᠢᠯᠡᠭᠡ ᠶᠢᠨ ᠬᠡᠪᠴᠢᠶ᠎ᠡ ᠶᠢ ᠦᠷᠭᠡᠳᠬᠡᠵᠡᠢ᠃ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠰᠢᠬᠡᠰᠦ ᠱᠦᠬᠦᠷᠡᠬᠦᠯᠬᠦ ᠭᠠᠳᠠᠷ ᠰᠠᠯᠠᠭᠠᠨ ᠳᠤ ᠪᠡᠬᠡᠵᠢᠩ ᠤᠨ ᠬᠠᠩ ᠲᠢᠶᠠᠨ ᠭᠤᠤᠯ ᠡᠮᠨᠡᠯᠬᠡ ᠶᠢᠨ ᠬᠤᠷᠢᠶ᠎ᠠ ᠶᠢᠨ ᠰᠢᠬᠡᠰᠦ ᠱᠦᠬᠦᠷᠡᠬᠦᠯᠬᠦ ᠭᠠᠳᠠᠷ ᠰᠠᠯᠠᠭ᠎ᠠ ᠶᠢᠨ ᠲᠡᠳ᠋ ᠡᠷᠬᠢᠯᠡᠭᠴᠢ ᠰᠢ ᠢᠤᠢ ᠴᠢᠶᠠᠩ ᠶᠠᠭ ᠰᠠᠶ᠋ᠢᠬᠠᠨ ᠡᠪᠡᠳᠴᠢᠳᠡᠨ ᠤ CT ᠵᠢᠷᠤᠭ ᠲᠦᠷᠰᠦ ᠶᠢ ᠨᠠᠷᠢᠯᠢᠭ ᠪᠠᠶᠢᠴᠠᠭᠠᠬᠰᠠᠨ ᠤ ᠲᠠᠷᠠᠭ᠎ᠠ ᠲᠡᠬᠦᠨ ᠤ ᠤᠶᠢᠷ᠎ᠠ ᠶᠢᠨ ᠬᠤᠭᠤᠴᠠᠭᠠᠨ ᠤ ᠪᠡᠶ᠎ᠡ ᠶᠢᠨ ᠪᠠᠶᠢᠳᠠᠯ ᠪᠠ ᠡᠮ ᠬᠡᠷᠡᠭᠯᠡᠭᠰᠡᠨ ᠪᠠᠶᠢᠳᠠᠯ ᠢ ᠠᠰᠠᠭᠤᠨ ᠯᠠᠪᠯᠠᠵᠦ᠂ ᠤᠨᠤᠰᠢᠯᠠᠨ ᠵᠠᠰᠠᠬᠤ ᠲᠦᠰᠦᠪ ᠲᠤᠬᠳᠠᠭᠠᠵᠦ ᠦᠭᠴᠤ ᠪᠠᠶᠢᠪᠠ᠃        ᠰᠢ ᠢᠤᠢ ᠴᠢᠶᠠᠩ᠄ ︽ᠪᠢᠳᠡ ᠤᠯᠠᠭᠠᠨᠬᠤᠳᠠ ᠶᠢᠨ ᠠᠷᠠᠳ ᠤᠨ ᠡᠮᠨᠡᠯᠬᠡ ᠶᠢᠨ ᠬᠤᠷᠢᠶ᠎ᠠ ᠲᠠᠢ ᠬᠦᠨᠵᠡᠬᠡᠢ ᠬᠠᠮᠵᠢᠯᠴᠠᠬᠤ ᠵᠠᠬᠪᠦᠷ ᠪᠠᠶᠢᠭᠤᠯᠵᠦ᠂ ᠪᠡᠬᠡᠵᠢᠩ ᠤᠨ ᠬᠠᠩ ᠲᠢᠶᠠᠨ ᠭᠤᠤᠯ ᠡᠮᠨᠡᠯᠬᠡ ᠶᠢᠨ ᠬᠤᠷᠢᠶ᠎ᠠ ᠶᠢᠨ ᠮᠡᠷᠬᠡᠵᠢᠯ᠂ ᠴᠢᠳᠠᠪᠦᠷᠢᠳᠠᠨ᠂ ᠬᠠᠮᠢᠶᠠᠷᠦᠯᠳᠠ ᠵᠡᠷᠭᠡ ᠲᠠᠯ᠎ᠠ ᠶᠢᠨ ᠲᠠᠪᠠᠭᠤᠯᠢᠭ ᠲᠤ ᠲᠦᠰᠢᠭᠯᠡᠨ᠂ ᠲᠤᠰᠬᠠᠢ ᠰᠠᠯᠠᠭ᠎ᠠ ᠶᠢᠨ ᠬᠠᠮᠵᠢᠯᠴᠠᠭ᠎ᠠ ᠪᠠᠷ ᠭᠤᠬᠴᠤᠭ᠎ᠠ ᠪᠤᠯᠭᠠᠵᠦ᠂ ᠲᠤᠬᠠᠢ ᠶᠢᠨ ᠭᠠᠵᠠᠷ ᠤᠨ ᠡᠮᠴᠢᠯᠡᠬᠡᠨ ᠤ ᠮᠡᠷᠬᠡᠵᠢᠯ ᠤᠨ ᠬᠢᠷᠢ ᠲᠦᠪᠰᠢᠨ ᠢ ᠬᠠᠪᠰᠦᠷᠦᠨ ᠲᠡᠭᠡᠭᠰᠢᠯᠡᠬᠦᠯᠵᠤ ᠪᠤᠢ᠃ ᠪᠠᠰᠠ ᠡᠮᠴᠢᠯᠡᠬᠡᠨ ᠤ ᠬᠠᠮᠳᠤ ᠶᠢᠨ ᠴᠤᠬᠴᠠ ᠶᠢᠨ ᠲᠡᠪᠴᠡᠩ ᠢᠶᠠᠷ ᠲᠠᠮᠵᠢᠭᠤᠯᠤᠨ ᠤᠯᠠᠨ ᠲᠦᠮᠡᠨ ᠳᠤ ᠨᠡᠩ ᠲᠦᠬᠦᠮ ᠰᠢᠯᠢᠳᠡᠭ ᠡᠮᠴᠢᠯᠡᠬᠡᠨ ᠤ ᠦᠢᠯᠡᠴᠢᠯᠡᠭᠡ ᠬᠠᠨᠭ᠍ᠭᠠᠬᠤ ᠪᠤᠯᠤᠨ᠎ᠠ︾ ᠬᠡᠵᠦ ᠶᠠᠷᠢᠵᠦ ᠪᠠᠶᠢᠯ᠎ᠠ᠃        ᠦᠡᠭᠭᠡᠷᠡᠭᠰᠡᠨ ᠳᠤ᠂ ᠦᠨᠳᠦᠰᠦᠨ ᠱᠠᠳᠦᠨ ᠤ ᠡᠮᠴᠢᠯᠡᠬᠡᠨ ᠤ ᠡᠬᠢ ᠪᠠᠶᠠᠯᠢᠭ ᠬᠠᠷᠢᠴᠠᠩᠭᠤᠢ ᠳᠤᠳᠠᠮᠠᠬ᠂ ᠰᠤᠷᠠᠭ ᠵᠠᠩᠬᠢ ᠤᠯᠵᠦ ᠬᠦᠷᠳᠡᠬᠦ ᠨᠢ ᠪᠠᠭ᠎ᠠ ᠪᠤᠯᠬᠤᠷ ᠤᠯᠠᠨ ᠲᠦᠮᠡᠨ ᠤ ᠡᠪᠡᠳᠴᠢᠨ ᠦᠵᠡᠬᠦᠯᠬᠦ ᠳᠤ ᠲᠦᠢᠯ ᠤᠨ ᠲᠦᠬᠦᠮ ᠦᠬᠡᠢ ᠪᠠᠶᠢᠯ᠎ᠠ᠃ ᠤᠳᠤ᠂ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠤᠶᠤᠨᠴᠢᠯᠠᠬᠰᠠᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠬᠠᠮᠵᠢᠯᠴᠠᠭᠠᠨ ᠤ ᠦᠢᠯᠡᠴᠢᠯᠡᠬᠡᠨ ᠤ ᠲᠡᠪᠴᠡᠩ ᠳᠤ ᠲᠦᠰᠢᠭᠯᠡᠨ᠂ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠪᠤᠯᠤᠨ ᠡᠯ᠎ᠡ ᠦᠨᠳᠦᠰᠦᠨ ᠱᠠᠳᠦᠨ ᠤ ᠬᠤᠪᠢᠶᠠᠷᠢ ᠡᠮᠨᠡᠯᠬᠡ ᠶᠢᠨ ᠬᠤᠷᠢᠶ᠎ᠠ ᠶᠢᠨ ᠰᠤᠷᠠᠭ ᠵᠠᠩᠬᠢ ᠶᠢᠨ ᠲᠤᠤᠷ ᠢ ᠪᠦᠬᠦᠨ ᠢ ᠪᠦᠷᠬᠦᠬᠦᠯᠵᠦ᠂ ᠡᠪᠡᠳᠴᠢᠳᠡᠳ ᠲᠤ ᠡᠮᠴᠢᠯᠡᠬᠦᠯᠬᠦ ᠰᠤᠷᠠᠭ ᠵᠠᠩᠬᠢ ᠬᠠᠷᠢᠯᠴᠠᠨ ᠨᠡᠪᠳᠡᠷᠡᠯᠴᠡᠬᠦ᠂ ᠴᠠᠭ ᠲᠤᠬᠠᠢ ᠳᠤᠨᠢ ᠪᠠᠶᠢᠴᠭᠠᠬᠤ ᠶᠢ ᠪᠡᠶᠡᠯᠡᠬᠦᠯᠵᠦ᠂ ︽ᠦᠨᠳᠦᠰᠦᠨ ᠱᠠᠳᠦᠨ ᠤ ᠪᠠᠶᠢᠴᠠᠭᠠᠯᠳᠠ + ᠬᠤᠳᠠ ᠶᠢᠨ ᠱᠠᠳᠦᠨ ᠤ ᠡᠮᠴᠢᠯᠡᠬᠡᠨ ᠤ ᠪᠠᠶᠢᠭᠤᠯᠤᠮᠵᠢ ᠤᠨᠤᠰᠢᠯᠠᠨ ᠵᠠᠰᠠᠬᠤ︾ ᠵᠠᠬᠪᠦᠷ ᠢ ᠲᠠᠰᠦᠷᠠᠯᠳᠠ ᠦᠬᠡᠢ ᠰᠢᠯᠢᠳᠡᠭᠵᠢᠬᠦᠯᠵᠡᠢ         ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠠᠨᠠᠭᠠᠬᠠᠤ ᠤᠬᠠᠭᠠᠨ ᠤ ᠵᠢᠷᠤᠭ ᠰᠡᠭᠦᠳᠡᠷ ᠤᠨ ᠲᠦᠪ ᠤᠨ ᠲᠡᠳ᠋ ᠡᠷᠬᠢᠯᠡᠭᠴᠢ ᠵᠢᠶᠠᠩ ᠸᠧᠢ ᠶᠠᠭ ᠰᠠᠶ᠋ᠢᠬᠠᠨ ᠠᠯᠦᠰ ᠡᠵᠡᠮᠰᠢᠯ ᠤᠨ ᠤᠨᠤᠰᠢᠯᠠᠨ ᠵᠠᠰᠠᠬᠤ ᠰᠢᠰᠲ᠋ᠧᠮ ᠢᠶᠠᠷ ᠡᠯ᠎ᠡ ᠪᠠᠯᠭᠠᠰᠦ ᠶᠢᠨ ᠡᠷᠡᠬᠦᠯ ᠬᠠᠮᠠᠭᠠᠯᠠᠯ ᠤᠨ ᠬᠤᠷᠢᠶ᠎ᠠ ᠠᠴᠠ ᠢᠷᠡᠭᠦᠯᠦᠭᠰᠡᠨ ᠵᠢᠷᠤᠭ ᠰᠡᠬᠦᠳᠡᠷ ᠢ ᠦᠵᠡᠵᠦ᠂ ᠡᠪᠡᠳᠴᠢᠳᠡᠳ ᠤᠨ ᠵᠢᠷᠤᠭ ᠰᠡᠬᠦᠳᠡᠷ ᠤᠨ ᠰᠤᠷᠠᠭ ᠵᠠᠩᠬᠢ ᠶᠢ ᠦᠨᠡᠯᠡᠵᠦ᠂ ᠡᠪᠡᠳᠴᠢᠳᠡᠳ ᠲᠤ ᠤᠨᠤᠰᠢᠯᠠᠨ ᠵᠠᠰᠠᠬᠤ ᠰᠠᠨᠠᠭᠤᠯᠭ᠎ᠠ ᠲᠤᠷᠠᠳᠴᠦ ᠦᠭᠬᠦᠭᠰᠡᠨ ᠪᠦᠭᠡᠳ ᠤᠨᠤᠰᠢᠯᠠᠨ ᠵᠠᠰᠠᠬᠤ ᠮᠡᠳᠡᠬᠦᠯᠦᠯᠳᠡ ᠶᠢ ᠲᠠᠷᠦᠢ ᠲᠦᠷᠬᠡᠨ ᠪᠤᠴᠠᠭᠠᠨ ᠶᠠᠪᠤᠭᠤᠯᠵᠦ᠂ ᠡᠪᠡᠳᠴᠢᠳᠡᠳ ᠲᠤ ᠲᠤᠩ ᠲᠦᠬᠦᠮ ᠦᠵᠡᠬᠦᠯᠵᠡᠢ᠃        ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠵᠢᠷᠤᠭ ᠰᠡᠬᠦᠳᠡᠷ ᠤᠨ ᠲᠡᠪᠴᠡᠩ ᠢ ᠨᠡᠶᠢᠳᠡ 14 ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠵᠢᠴᠢ ᠡᠷᠡᠬᠦᠯ ᠬᠠᠮᠠᠭᠠᠯᠠᠯ ᠤᠨ ᠬᠤᠷᠢᠶᠠᠨ ᠳᠤ ᠤᠷᠤᠭᠤᠯᠵᠦ᠂ ᠤᠳᠤ ᠪᠤᠯᠳᠠᠯ᠎ᠠ᠂ ᠨᠡᠶᠢᠳᠡ 5000 ᠭᠠᠷᠦᠢ ᠬᠦᠮᠦᠨ ᠰᠤᠷᠠᠭ ᠵᠠᠩᠬᠢ ᠪᠠᠨ ᠲᠤᠰ ᠲᠡᠪᠴᠡᠩ ᠳᠤ ᠶᠠᠪᠤᠭᠤᠯᠵᠦ᠂ ᠡᠮᠴᠢ ᠨᠠᠷ ᠴᠠᠭ ᠲᠤᠬᠠᠢ ᠳᠤᠨᠢ ᠤᠨᠤᠰᠢᠯᠠᠨ ᠵᠠᠰᠠᠬᠤ ᠰᠠᠨᠠᠭᠤᠯᠭ᠎ᠠ ᠲᠤᠷᠠᠳᠴᠦ᠂ ᠡᠪᠡᠳᠴᠢᠳᠡᠳ ᠲᠤ ᠲᠦᠬᠦᠮ᠂ ᠪᠦᠳᠦᠮᠵᠢᠳᠡᠢ ᠡᠮᠴᠢᠯᠡᠬᠡᠨ ᠤ ᠦᠢᠯᠡᠴᠢᠯᠡᠭᠡ ᠬᠠᠨᠭ᠍ᠭᠠᠵᠤ ᠪᠠᠶᠢᠯ᠎ᠠ᠃        2024 ᠤᠨ ᠳᠤ᠂ ᠤᠯᠠᠭᠠᠨᠬᠤᠳᠠ ᠰᠢᠯᠢᠳᠡᠭ ᠡᠮᠴᠢᠯᠡᠬᠡᠨ ᠤ ᠡᠬᠢ ᠪᠠᠶᠠᠯᠢᠭ ᠢ ᠦᠨᠳᠦᠰᠦᠨ ᠱᠠᠳᠦᠨ ᠳᠤ ᠪᠠᠭᠤᠯᠭᠠᠵᠦ᠂ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠰᠢᠯᠢᠳᠡᠭ ᠡᠮᠴᠢᠯᠡᠬᠡᠨ ᠤ ᠡᠬᠢ ᠪᠠᠶᠠᠯᠢᠭ ᠵᠢᠴᠢ ᠡᠮᠴᠢᠯᠡᠬᠡᠨ ᠤ ᠮᠡᠷᠬᠡᠵᠢᠯ ᠤᠨ ᠴᠢᠳᠠᠪᠦᠷᠢᠳᠠᠨ ᠢ ᠲᠤᠷᠤᠬᠰᠢ ᠪᠠᠭᠤᠯᠭᠠᠬᠤ ᠶᠢ ᠪᠠᠶᠠᠯᠡᠬᠦᠯᠵᠦ᠂ ᠬᠤᠷᠢᠶᠠᠨ ᠤ ᠭᠠᠳᠠᠨ᠎ᠠ 38 ᠤᠳᠠᠭ᠎ᠠ ᠲᠤᠭᠤᠷᠢᠨ ᠡᠮᠴᠢᠯᠡᠭᠡ ᠦᠷᠨᠢᠬᠦᠯᠵᠦ᠂ 150 ᠡᠮᠴᠢ ᠶᠢ ᠲᠤᠷᠤᠬᠰᠢ ᠪᠠᠭᠤᠯᠭᠠᠵᠦ᠂ ᠨᠡᠶᠢᠳᠡ 1572 ᠬᠦᠮᠦᠨ ︵ᠤᠳᠠᠭ᠎ᠠ︶ ᠳᠤ ᠠᠰᠢᠭ ᠬᠦᠷᠳᠡᠭᠡᠵᠡᠢ᠃ ᠡᠬᠦᠨ ᠤ ᠬᠠᠮᠳᠤ ᠂ ᠠᠷᠬᠠᠭ ᠡᠪᠡᠳᠴᠢᠨ ᠤ ᠬᠠᠮᠢᠶᠠᠷᠦᠯᠳᠠ ᠶᠢᠨ ᠲᠦᠪ ᠤᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠦ᠂ ᠦᠨᠳᠦᠰᠦᠨ ᠱᠠᠳᠦᠨ ᠤ ᠡᠮᠴᠢᠯᠡᠬᠡᠨ ᠤ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠪᠠ ᠠᠷᠬᠠᠭ ᠡᠪᠡᠳᠴᠢᠨ ᠡᠮᠴᠢᠯᠡᠬᠦᠯᠬᠦ ᠶᠢ ᠨᠢᠬᠡ ᠴᠤᠬᠴᠠᠵᠢᠭᠤᠯᠤᠬᠰᠠᠨ ᠡᠬᠦᠳᠡᠨ ᠡᠮᠨᠡᠯᠬᠡ ᠲᠤᠬᠢᠷᠠᠭᠤᠯᠵᠦ᠂ ᠤᠳᠤ ᠪᠤᠯᠳᠠᠯ᠎ᠠ᠂ ᠠᠷᠬᠠᠭ ᠡᠪᠡᠳᠴᠢᠨ ᠤ ᠬᠠᠮᠢᠶᠠᠷᠦᠯᠳᠠ ᠶᠢᠨ ᠲᠦᠪ ᠤᠨ ᠰᠤᠷᠠᠭ ᠵᠠᠩᠬᠢᠵᠢᠯᠠᠬᠰᠠᠨ ᠲᠡᠪᠴᠡᠩ 389415 ᠬᠦᠮᠦᠨ ᠤ ᠡᠷᠡᠬᠦᠯ ᠮᠡᠨᠳᠤ ᠶᠢᠨ ᠰᠤᠷᠠᠭ ᠵᠠᠩᠬᠢ ᠶᠢ ᠬᠦᠯᠢᠶᠡᠵᠦ᠂ ᠤᠯᠠᠨ ᠲᠦᠮᠡᠨ ᠤ ᠡᠷᠡᠬᠦᠯ ᠮᠡᠨᠳᠤ ᠳᠤ ᠦᠷᠬᠦᠯᠵᠢᠯᠡᠨ ᠪᠠᠳᠦᠯᠠᠭ᠎ᠠ ᠬᠠᠨᠭ᠍ᠭᠠᠵᠠᠢ᠃        ᠤᠯᠠᠭᠠᠨᠬᠤᠳᠠ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠤᠨ ᠲᠡᠳ᠋ ᠡᠷᠬᠢᠯᠡᠭᠴᠢ ᠸᠠᠩ ᠴᠦᠨ ᠡᠾᠦ᠋ᠢ᠄ ︽2024 ᠤᠨ ᠳᠤ᠂ ᠤᠯᠠᠭᠠᠨᠬᠤᠳᠠ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠰᠢᠰᠲ᠋ᠧᠮ ᠤᠯᠠᠨ ᠲᠦᠮᠡᠨ ᠤ ᠡᠷᠡᠬᠦᠯ ᠮᠡᠨᠳᠤ ᠶᠢ ᠠᠬᠢᠭᠤᠯᠬᠤ ᠪᠠᠷ ᠤᠳᠤᠷᠢᠳᠤᠮᠵᠢ ᠪᠤᠯᠭᠠᠵᠦ᠂ ᠡᠮᠴᠢᠯᠡᠬᠡᠨ ᠤ ᠠᠪᠦᠷᠠᠨ ᠵᠠᠰᠠᠬᠤ ᠴᠢᠳᠠᠪᠦᠷᠢ ᠪᠠᠨ ᠲᠡᠭᠡᠭᠰᠢᠯᠡᠬᠦᠯᠬᠦ ᠪᠠᠷ ᠵᠠᠩᠬᠢᠯᠠᠭ᠎ᠠ ᠪᠤᠯᠭᠠᠵᠦ᠂ ᠡᠮᠴᠢᠯᠡᠬᠡᠨ ᠤ ᠡᠷᠡᠬᠦᠯ ᠬᠠᠮᠠᠭᠠᠯᠠᠯ ᠤᠨ ᠠᠵᠢᠯ ᠤᠨ ᠭᠤᠤᠯᠳᠠᠯᠭ᠎ᠠ ᠶᠢᠨ ᠲᠤᠭᠤᠷᠢᠨ ᠳᠤ ᠡᠬᠢ ᠪᠠᠶᠠᠯᠢᠭ ᠢ ᠲᠤᠷᠤᠬᠰᠢ ᠪᠠᠭᠤᠯᠭᠠᠬᠤ ᠶᠢ ᠵᠢᠯᠤᠭᠤᠳᠴᠠᠢ᠃ 2025 ᠤᠨ ᠳᠤ᠂ ᠪᠢᠳᠡ ᠨᠢᠬᠳᠠᠷᠠᠬᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠬᠡᠨ ᠤ ᠬᠠᠮᠳᠤ ᠶᠢᠨ ᠴᠤᠬᠴᠠ ᠶᠢᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠵᠦ᠂ ᠡᠮᠴᠢᠯᠡᠭᠡ ᠰᠡᠷᠬᠡᠶᠢᠯᠡᠯᠳᠡ ᠶᠢᠨ ᠠᠭᠤᠰᠤᠯᠴᠠᠯ ᠢ ᠬᠦᠨᠵᠡᠬᠡᠶᠢᠷᠡᠬᠦᠯᠵᠦ᠂ ᠦᠨᠳᠦᠰᠦᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢ ᠲᠤᠭᠤᠰᠢᠯᠠᠭᠤᠯᠵᠦ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ ᠢ ᠲᠠᠰᠦᠷᠠᠯᠳᠠ ᠦᠬᠡᠢ ᠲᠡᠭᠡᠭᠰᠢᠯᠡᠬᠦᠯᠵᠦ᠂ ᠪᠦᠬᠦ ᠬᠤᠳᠠ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ᠎ᠠ︾ ᠬᠡᠵᠦ ᠰᠤᠷᠪᠤᠯᠵᠢᠯᠠᠬᠴᠢ ᠳᠤ ᠶᠠᠷᠢᠵᠦ ᠪᠠᠶᠢᠯ᠎ᠠ᠃ ᠭᠥᠸᠧ ᠺᠥᠸᠧ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号