ᠬᠢᠩᠭᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠺᠠᠳ᠋ᠷ ᠠᠵᠢᠯᠲᠠᠨ ᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/18
        ᠺᠠᠳ᠋ᠷ ᠠᠵᠢᠯᠲᠠᠨ ᠠᠵᠢᠯᠴᠢᠨ ᠤ ᠣᠶᠤᠨ ᠰᠠᠨᠠᠭᠠᠨ ᠤ ᠳᠦᠷᠰᠦ ᠪᠠᠶᠢᠳᠠᠯ ᠢ ᠲᠣᠬᠢᠷᠠᠭᠤᠯᠤᠨ᠂ ᠠᠵᠢᠯᠲᠠᠨ ᠢ ᠣᠷᠣᠨ ᠪᠠᠶᠢᠷᠢ ᠳᠤᠨᠢ ᠣᠷᠣᠭᠤᠯᠬᠤ᠂ ᠦᠵᠡᠯ ᠰᠠᠨᠠᠭ᠎ᠠ ᠶᠢ ᠣᠷᠣᠨ ᠪᠠᠶᠢᠷᠢ ᠳᠤᠨᠢ ᠬᠦᠷᠭᠡᠬᠦ᠂ ᠠᠵᠢᠯ ᠢ ᠪᠣᠳᠠᠲᠠᠶᠢᠵᠢᠭᠤᠯᠵᠤ᠂ 2025 ᠣᠨ ᠤ ᠡᠯ᠎ᠡ ᠵᠦᠢᠯ ᠤᠨ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠶᠢᠨ ᠲᠦᠯᠦᠭᠡ᠂ 2 ᠰᠠᠷ᠎ᠠ ᠶᠢᠨ 17 ᠤ ᠡᠳᠦᠷ᠂ ᠤᠯᠠᠭᠠᠨᠬᠤᠲᠠ ᠶᠢᠨ ᠬᠢᠩᠭᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠺᠠᠳ᠋ᠷ ᠠᠵᠢᠯᠲᠠᠨ ᠤ ᠶᠡᠭᠡ ᠬᠤᠷᠠᠯ ᠬᠤᠷᠠᠯᠳᠤᠭᠤᠯᠵᠤ᠂ ᠬᠢᠩᠭᠠᠨ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠤᠨ ᠱᠦᠵᠢ ᠯᠢᠨ ᠷᠠᠨ ᠬᠤᠷᠠᠯ ᠢ ᠡᠷᠭᠢᠯᠡᠵᠦ᠂ ᠪᠠᠶᠢᠭᠤᠯᠭ᠎ᠠ ᠶᠢᠨ ᠪᠥᠬᠦ ᠺᠠᠳ᠋ᠷ ᠠᠵᠢᠯᠲᠠᠨ ᠠᠵᠢᠯᠴᠢᠨ᠂ ᠡᠯ᠎ᠡ ᠨᠡᠶᠢᠭᠡᠮ ᠲᠣᠭᠤᠷᠢᠭ ᠤᠨ ᠱᠦᠵᠢ ᠨᠠᠷ ᠬᠤᠷᠠᠯ ᠳᠤ ᠣᠷᠣᠯᠴᠠᠵᠠᠶ᠃        ᠬᠤᠷᠠᠯ ᠳᠡᠭᠡᠷ᠎ᠡ᠂ ᠬᠢᠩᠭᠠᠨ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠳᠡᠳ᠋ ᠱᠦᠵᠢ ᠰᠢᠤᠢ ᠮᠢᠩ ᠤᠯᠠᠭᠠᠨᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠳᠠᠮᠵᠢᠭᠤᠯᠬᠤ ᠶᠢᠨ ᠬᠠᠮᠲᠤ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠳᠤ ᠵᠢᠯᠤᠭᠤᠳᠤᠯᠭ᠎ᠠ ᠬᠢᠵᠦ᠂ ᠡᠯ᠎ᠡ ᠨᠡᠶᠢᠭᠡᠮ ᠲᠣᠭᠤᠷᠢᠭ ᠤᠨ ᠬᠢᠨ ᠭᠤᠣᠯᠳᠠᠯᠭ᠎ᠠ ᠲᠠᠢ ᠬᠥᠮᠦᠰ ᠤᠨ ᠮᠠᠲ᠋ᠧᠷᠢᠶᠠᠯ ᠢ ᠰᠠᠶᠢᠲᠤᠷ ᠡᠵᠡᠮᠳᠡᠵᠦ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠢᠳᠡᠪᠬᠢᠲᠡᠢ ᠨᠠᠮᠳᠠᠭᠤᠯᠵᠤ᠂ ᠭᠤᠣᠯᠳᠠᠯᠭ᠎ᠠ ᠲᠠᠢ ᠡᠭᠦᠷᠭᠡ᠂ ᠭᠤᠣᠯᠳᠠᠯᠭ᠎ᠠ ᠲᠠᠢ ᠬᠥᠮᠦᠨ ᠢ ᠴᠢᠩᠭ᠎ᠠ ᠠᠩᠬᠠᠷᠴᠤ᠂ ᠠᠮᠤᠷ ᠠᠮᠤᠭᠤᠯᠠᠩ ᠤᠨ ᠪᠠᠶᠢᠭᠤᠯᠤᠯᠲᠠ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠳᠠᠷᠠᠭ᠎ᠠ ᠨᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠭᠦᠸᠧ ᠵᠢᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠡᠷᠭᠡ ᠠᠭᠤᠯᠭ᠎ᠠ ᠶᠢ ᠰᠤᠷᠤᠯᠴᠠᠨ ᠤᠯᠠᠮᠵᠢᠯᠠᠪᠠ᠃        ᠬᠤᠷᠠᠯ ᠤᠨ ᠡᠴᠦᠰ ᠲᠤ᠂ ᠬᠢᠩᠭᠠᠨ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ ᠯᠢᠨ ᠷᠠᠨ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠪᠦᠬᠦ ᠤᠳᠤᠷᠢᠳᠬᠤ ᠺᠠᠳ᠋ᠷ ᠠᠵᠢᠯ ᠤᠨ ᠪᠠᠶᠢᠳᠠᠯ ᠳᠠᠭᠠᠨ ᠲᠤᠬᠢᠷᠠᠭᠤᠯᠵᠦ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠳᠠᠷᠤᠢ ᠲᠦᠷᠭᠡᠨ ᠰᠡᠳᠬᠢᠯ ᠢᠶᠠᠨ ᠬᠤᠷᠢᠶᠠᠵᠤ᠂ ᠰᠤᠷᠲᠠᠯ ᠢᠶᠠᠨ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠡᠭᠦᠨ ᠤ ᠬᠠᠮᠲᠤ ᠤᠷᠢᠳᠴᠢᠯᠠᠨ ᠲᠥᠯᠥᠪᠵᠢᠭᠦᠯᠵᠦ᠂ ᠠᠵᠢᠯ ᠤᠨ ᠰᠡᠳᠬᠢᠴᠡ ᠪᠠᠨ ᠲᠣᠳᠣᠷᠬᠠᠶᠢᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠦᠬᠦ ᠵᠢᠯ ᠤᠨ ᠠᠵᠢᠯ ᠢ ᠡᠷᠲᠡ ᠲᠠᠶᠢᠴᠢᠯᠠᠵᠤ᠂ ᠡᠷᠲᠡ ᠪᠠᠶᠢᠷᠢᠯᠠᠭᠤᠯᠵᠤ᠂ ᠡᠷᠲᠡ ᠨᠠᠶᠢᠳᠠᠪᠤᠷᠢᠵᠢᠭᠤᠯᠵᠤ᠂ ᠪᠦᠬᠦ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠨ ᠡᠬᠢᠯᠡᠯᠲᠡ ᠲᠠᠢ ᠪᠣᠯᠭᠠᠵᠤ᠂ ᠰᠠᠶᠢᠲᠤᠷ ᠰᠦᠪᠡᠭᠴᠢᠯᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃   
 
ᠢᠷᠡᠯᠲᠡ᠄ ᠬᠢᠩᠭᠠᠨ ᠵᠡᠭᠡᠯᠢ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号