| | 2 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠤᠲᠠ ᠶᠢᠨ ᠲᠡᠮᠦᠷ ᠵᠠᠮ ᠤᠨ | ᠪᠠᠷᠠᠭᠤᠨᠳᠠᠬᠢ ᠵᠡᠭᠡᠯᠢ ᠶᠢᠨ ᠨᠠᠮ ᠤᠨ ᠠᠵᠢᠯ ᠤᠨ ᠵᠥᠪᠯᠡᠯ 2025 ᠣᠨ ᠤ ᠪᠠᠶᠠᠷ ᠤᠨ ᠡᠳᠦᠷ ᠤᠨ ᠳᠠᠷᠠᠭᠠᠬᠢ | ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠪᠦᠬᠦ ᠺᠠᠳ᠋ᠷ ᠠᠵᠢᠯᠲᠠᠨ ᠠᠵᠢᠯᠴᠢᠨ ᠢ 2025 ᠣᠨ ᠤ | ᠭᠤᠣᠯᠳᠠᠯᠭ᠎ᠠ ᠲᠠᠢ ᠠᠵᠢᠯ ᠢᠶᠠᠨ ᠲᠦᠷᠭᠡᠨ ᠲᠥᠯᠥᠪᠯᠡᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠴᠤᠭ | ᠪᠠᠳᠠᠷᠠᠩᠭᠤᠢ ᠪᠠᠶᠢᠳᠠᠯ ᠢᠶᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠪᠦᠬᠦ ᠵᠢᠯ ᠤᠨ ᠠᠵᠢᠯ ᠢᠶᠠᠨ ᠰᠠᠶᠢᠲᠤᠷ | ᠡᠬᠢᠯᠡᠭᠦᠯᠵᠦ᠂ ᠰᠠᠶᠢᠲᠤᠷ ᠰᠦᠪᠡᠭᠴᠢᠯᠡᠬᠦ ᠶᠢ ᠤᠷᠢᠶᠠᠯᠠᠪᠠ᠃ ᠲᠡᠮᠦᠷ ᠵᠠᠮ ᠤᠨ ᠪᠠᠷᠠᠭᠤᠨᠳᠠᠬᠢ ᠵᠡᠭᠡᠯᠢ ᠶᠢᠨ ᠨᠠᠮ ᠤᠨ | ᠠᠵᠢᠯ ᠤᠨ ᠵᠥᠪᠯᠡᠯ ᠤᠨ ᠤᠳᠤᠷᠢᠳᠬᠤ ᠪᠠᠭ᠂ ᠪᠦᠬᠦ ᠺᠠᠳ᠋ᠷ ᠠᠵᠢᠯᠲᠠᠨ᠂ ᠡᠯ᠎ᠡ ᠨᠡᠶᠢᠭᠡᠮ ᠲᠣᠭᠤᠷᠢᠭ ᠤᠨ ᠱᠦᠵᠢ | ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠲᠡᠮᠦᠷ ᠵᠠᠮ ᠤᠨ ᠪᠠᠷᠠᠭᠤᠠᠳᠡᠬᠢ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠤᠨ ᠳᠡᠳ᠋ | ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠰᠢᠦᠢ ᠵᠣᠣ ᠪᠦᠸᠧ ᠤᠯᠤᠰ ᠲᠥᠷᠥ ᠶᠢᠨ ᠪᠠᠶᠢᠭᠤᠯᠤᠯᠲᠠ ᠳᠤ | ᠠᠩᠬᠠᠷᠤᠯ ᠢᠶᠠᠨ ᠲᠥᠪᠯᠡᠷᠡᠭᠦᠯᠬᠦ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠬᠦ᠂ ᠣᠨᠴᠠᠯᠢᠭᠲᠤ ᠨᠡᠷᠡᠲᠦ ᠲᠡᠮᠳᠡᠭᠲᠦ ᠶᠢ ᠡᠭᠦᠳᠴᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠩᠬᠠᠷᠤᠯ ᠢᠶᠠᠨ | ᠲᠥᠪᠯᠡᠷᠡᠭᠦᠯᠬᠦ᠂ ᠦᠨᠳᠦᠰᠦᠲᠡᠨ ᠤ ᠪᠦᠯᠬᠦᠮᠳᠡᠯ ᠤᠨ ᠬᠦᠴᠦᠨ ᠢ ᠨᠢᠭᠲᠠᠷᠠᠵᠦ᠂ ᠠᠶᠤᠯ ᠲᠦᠭᠰᠢᠭᠦᠷᠢ ᠶᠢ | ᠰᠡᠷᠭᠡᠶᠢᠯᠡᠬᠦ ᠳᠤ ᠠᠩᠬᠠᠷᠤᠯ ᠢᠶᠠᠨ ᠲᠥᠪᠯᠡᠷᠡᠭᠦᠯᠬᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠵᠤ᠂ ᠲᠡᠰ | ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ | ᠵᠡᠷᠭᠡ ᠲᠠᠪᠤᠨ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠲᠣᠭᠤᠷᠢᠨ ᠳᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ | ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ᠂ ᠦᠵᠡᠯ ᠤᠬᠠᠮᠰᠠᠷ ᠤᠨ | ᠬᠡᠯᠪᠡᠷᠢ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠵᠡᠷᠭᠡ ᠭᠤᠣᠯᠳᠠᠯᠭ᠎ᠠ ᠲᠠᠢ ᠠᠵᠢᠯ ᠳᠤ ᠨᠠᠷᠢᠨ ᠨᠢᠭᠲᠠ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠨᠠᠮ ᠤᠨ ᠠᠵᠢᠯ ᠤᠨ ᠵᠥᠪᠯᠡᠯ ᠤᠨ ᠱᠦᠵᠢ ᠺᠠᠩ ᠠᠨ ᠱᠢ᠂ ᠨᠢᠭᠡ ᠳᠤ᠂ ᠣᠶᠤᠨ ᠰᠠᠨᠠᠭᠠᠨ ᠤ ᠳᠦᠷᠰᠦ | ᠪᠠᠶᠢᠳᠠᠯ ᠢᠶᠠᠨ ᠰᠠᠶᠢᠲᠤᠷ ᠲᠣᠬᠢᠷᠠᠭᠤᠯᠵᠤ᠂ ᠪᠦᠬᠦ ᠺᠠᠳ᠋ᠷ ᠠᠵᠢᠯᠲᠠᠨ ᠠᠵᠢᠯ ᠤᠨ ᠪᠠᠶᠢᠳᠠᠯ ᠳᠠᠭᠠᠨ ᠲᠦᠷᠭᠡᠬᠡᠨ | ᠣᠷᠤᠬᠤ ᠬᠡᠷᠡᠭᠲᠡᠢ᠃ ᠬᠤᠶᠠᠷ ᠲᠤ᠂ ᠦᠵᠡᠯ ᠰᠠᠨᠠᠭ᠎ᠠ ᠲᠠᠨᠢᠯᠲᠠ ᠪᠠᠨ ᠴᠢᠯᠦᠭᠡᠯᠡᠵᠦ᠂ ᠠᠵᠢᠯ ᠤᠨ ᠰᠢᠨ᠎ᠡ ᠠᠷᠭ᠎ᠠ ᠶᠢ | ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠠᠷᠭ᠎ᠠ ᠪᠣᠳᠣᠯᠭ᠎ᠠ ᠲᠠᠢ᠂ ᠰᠢᠨ᠎ᠡ ᠶᠢ ᠡᠭᠦᠳᠦᠭᠰᠡᠨ᠂ ᠭᠢᠯᠠᠰ ᠴᠡᠭ ᠲᠠᠢ | ᠪᠠᠶᠢᠬᠤ ᠬᠡᠷᠡᠭᠲᠡᠢ᠃ ᠭᠤᠷᠪᠠ ᠳᠤ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠴᠢᠯᠦᠭᠡ ᠭᠤᠶᠤᠬᠤ | ᠳᠦᠷᠢᠮ ᠢ ᠬᠡᠷᠡᠭᠵᠢᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠲᠡᠭᠦᠨ ᠤ ᠬᠡᠷᠡᠭᠵᠢᠭᠦᠯᠬᠦ | ᠨᠠᠷᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠳᠥᠷᠪᠡ ᠳᠤ᠂ ᠠᠵᠢᠯ ᠤᠨ ᠰᠤᠷᠲᠠᠯ ᠢᠶᠠᠨ | ᠲᠤᠭᠤᠰᠢᠲᠠᠢ ᠬᠤᠪᠢᠷᠠᠭᠤᠯᠵᠤ᠂ ᠬᠡᠯᠪᠡᠷᠢᠴᠢ ᠦᠵᠡᠯ ᠪᠠ ᠨᠣᠶᠠᠨᠴᠢ ᠰᠤᠷᠲᠠᠯ ᠢ ᠴᠡᠭᠴᠡᠯᠡᠨ ᠵᠠᠰᠠᠵᠤ᠂ ᠰᠠᠭᠤᠷᠢ ᠶᠢ | ᠲᠠᠯᠪᠢᠵᠤ ᠠᠯᠤᠰ ᠬᠡᠳᠦ ᠳᠤ ᠠᠰᠢᠭᠲᠠᠢ ᠪᠣᠳᠠᠲᠤ ᠶᠠᠪᠤᠳᠠᠯ ᠢ ᠢᠯᠡᠭᠦᠬᠡᠨ ᠬᠢᠬᠦ ᠬᠡᠷᠡᠭᠲᠡᠢ᠃ ᠲᠠᠪᠤ ᠳᠤ᠂ ᠡᠭᠦᠷᠭᠡ | ᠬᠠᠷᠠᠯᠲᠠ ᠶᠢ ᠪᠣᠳᠠᠲᠠᠢ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠰᠠᠯᠠᠭ᠎ᠠ ᠮᠦᠴᠢᠷ | ᠤᠨ ᠬᠠᠷᠢᠭᠤᠴᠠᠯᠭᠠᠲᠠᠨ 2025 ᠣᠨ ᠤ ᠪᠦᠬᠦ ᠵᠢᠯ ᠤᠨ ᠬᠠᠷᠠᠯᠲᠠ ᠡᠭᠦᠷᠭᠡ ᠶᠢᠨ ᠲᠣᠭᠤᠷᠢᠨ ᠳᠤ ᠭᠤᠣᠯᠳᠠᠯᠭ᠎ᠠ ᠶᠢ | ᠲᠣᠪᠤᠶᠢᠯᠭᠠᠨ᠂ ᠵᠠᠩᠭᠢᠯᠠᠭ᠎ᠠ ᠶᠢ ᠠᠩᠬᠠᠷᠴᠤ᠂ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠢ ᠡᠮᠬᠢ | ᠵᠢᠷᠤᠮ ᠲᠠᠢ ᠥᠷᠨᠢᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢᠨ᠎ᠡ ᠨᠢᠭᠡ ᠵᠢᠯ ᠳᠤ᠂ ᠲᠡᠮᠦᠷ ᠵᠠᠮ ᠤᠨ ᠪᠠᠷᠠᠭᠤᠨᠳᠠᠬᠢ ᠵᠡᠭᠡᠯᠢ ᠶᠢᠨ ᠬᠢᠨ ︽ᠠᠷᠠᠳ ᠤᠨ ᠲᠥᠯᠥᠭᠡ | ᠪᠣᠳᠠᠲᠤ ᠠᠵᠢᠯ ᠬᠢᠵᠦ ᠪᠦᠬᠦ ᠬᠦᠴᠦᠨ ᠢᠶᠠᠷ ᠢᠶᠠᠨ ᠠᠵᠢᠯ ᠶᠠᠪᠤᠳᠠᠯ ᠪᠦᠲᠦᠭᠡᠬᠦ︾ ᠣᠶᠢᠯᠠᠭᠠᠭᠳᠠᠬᠤᠨ ᠢ ᠪᠠᠷᠢᠮᠲᠠᠯᠠᠵᠤ | ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠴᠢᠩᠭ᠎ᠠ | ᠪᠣᠳᠠᠲᠠᠢ ᠰᠤᠷᠲᠠᠯ ᠢᠶᠠᠷ ᠡᠯ᠎ᠡ ᠵᠦᠢᠯ ᠤᠨ ᠠᠵᠢᠯ ᠳᠤ ᠲᠦᠷᠭᠡᠨ ᠣᠷᠣᠯᠴᠠᠵᠤ᠂ 2025 ᠣᠨ ᠤ ᠪᠦᠬᠦ ᠵᠢᠯ ᠤᠨ | ᠠᠵᠢᠯ ᠢ ᠰᠠᠶᠢᠨ ᠡᠬᠢᠯᠡᠭᠦᠯᠵᠦ᠂ ᠲᠡᠮᠦᠷ ᠵᠠᠮ ᠤᠨ ᠪᠠᠷᠠᠭᠤᠨᠳᠠᠬᠢ ᠵᠡᠭᠡᠯᠢ ᠶᠢᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ | ᠬᠤᠷᠠᠯ ᠤᠨ ᠡᠴᠦᠰ ᠲᠤ᠂ ᠪᠦᠬᠦ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ ᠰᠡᠷᠡᠮᠵᠢᠯᠡᠭᠦᠯᠬᠦ | ᠬᠥᠮᠦᠵᠢᠯ ᠤᠨ ᠹᠢᠯᠢᠮ ᠦᠵᠡᠪᠡ᠃ | | | | |