ᠬᠢᠩᠭᠠᠨ ᠠᠶᠢᠮᠠᠭ ᠤᠨ 77 ᠲᠠᠯᠠᠪᠤᠷ ᠬᠦᠳᠡᠭᠡ ᠲᠤᠰᠬᠤᠨ ᠤ ᠠᠵᠢᠯ ᠤᠯᠭᠤᠯᠳᠠ ᠶᠢᠨ ᠴᠤᠭᠯᠠᠭᠠᠨ 1.39 ᠲᠦᠮᠡᠨ ᠠᠵᠢᠯ ᠤᠨ ᠪᠠᠶᠢᠷᠢ ᠬᠠᠨᠭ᠍ᠭᠠᠯ᠎ᠠ
ᠨᠡᠶᠢᠲᠡᠯᠡᠭᠰᠡᠨ ᠴᠠᠭ᠄
2025/2/19
        ᠤᠶᠢᠷ᠎ᠠ ᠶᠢᠨ ᠬᠤᠭᠤᠴᠠᠭᠠᠨ ᠳᠤ᠂ ᠬᠦᠷ ᠨᠠᠷᠬᠢᠶᠠᠨ ᠲᠠᠢ ᠬᠦᠳᠡᠭᠡ ᠲᠤᠰᠬᠤᠨ ᠤ ᠠᠵᠢᠯ ᠤᠯᠭᠤᠯᠳᠠ ᠶᠢᠨ ᠴᠤᠭᠯᠠᠭᠠᠨ ᠳᠤ ᠡᠯ᠎ᠡ ᠲᠦᠷᠦᠯ ᠤᠨ ᠠᠵᠢᠯ ᠤᠯᠭᠤᠯᠳᠠ ᠶᠢᠨ ᠦᠢᠯᠡᠴᠢᠯᠡᠭᠡᠨ ᠤ ᠠᠵᠢᠯᠯᠠᠭ᠎ᠠ ᠬᠤᠶᠢᠨ᠎ᠠ ᠬᠤᠶᠢᠨ᠎ᠠ ᠠᠴᠠ ᠪᠠᠨ ᠶᠠᠪᠤᠭᠳᠠᠵᠦ᠂ ᠬᠦᠷᠦᠯᠴᠡᠨ ᠢᠷᠡᠭᠰᠡᠨ ᠤᠯᠠᠨ ᠲᠦᠮᠡᠨ ᠦᠪᠡᠷ ᠤᠨ ᠪᠡᠶ᠎ᠡ ᠳᠡᠭᠡᠨ ᠲᠤᠬᠢᠷᠠᠭᠰᠠᠨ ᠠᠵᠢᠯ ᠢᠶᠠᠨ ᠰᠤᠩᠭᠤᠨ᠎ᠠ᠃        ︽ᠠᠵᠢᠯᠲᠠᠨ ᠡᠯᠰᠡᠬᠦ ᠬᠤᠷᠠᠯ ᠨᠢ ᠮᠠᠨ ᠤ ᠨᠤᠲᠤᠭ ᠲᠠᠭᠠᠨ ᠪᠤᠴᠠᠭᠰᠠᠨ ᠤᠶᠤᠲᠠᠳ ᠲᠤ ᠠᠪᠴᠤ ᠬᠡᠯᠡᠪᠡᠯ ᠮᠠᠰᠢ ᠰᠠᠶᠢᠨ ᠠᠵᠢᠯ ᠣᠯᠭᠤᠯᠲᠠ ᠶᠢᠨ ᠲᠠᠪᠴᠠᠩ ᠪᠣᠯᠵᠠᠢ᠂ ᠡᠨᠡ ᠤᠳᠠᠭ᠎ᠠ ᠶᠢᠨ ᠠᠵᠢᠯᠳᠠᠨ ᠡᠯᠰᠡᠬᠦ ᠬᠤᠷᠠᠯ ᠳᠤ ᠮᠠᠰᠢ ᠤᠯᠠᠨ ᠠᠵᠦ ᠠᠬᠤᠶᠢᠯᠠᠯ ᠤᠷᠤᠯᠴᠠᠪᠠ᠂ ᠴᠠᠯᠢᠩ ᠬᠦᠯᠦᠰᠦ ᠨᠢ ᠴᠤ ᠨᠡᠯᠢᠶᠡᠤᠨ ᠵᠦᠭᠡᠷ᠂ ᠪᠢ ᠨᠢᠭᠡᠨᠳᠡ ᠮᠠᠰᠢ ᠤᠯᠠᠨ ᠲᠤᠪᠴᠢ ᠨᠠᠮᠳᠠᠷ ᠪᠢᠴᠢᠵᠦ᠂ ᠡᠯᠰᠡᠭᠳᠡᠬᠦ ᠶᠢ ᠬᠦᠰᠡᠵᠦ ᠪᠠᠶᠢᠨ᠎ᠠ︾ ᠭᠡᠵᠦ 2 ᠰᠠᠷ᠎ᠠ ᠶᠢᠨ 5 ᠤ ᠡᠳᠦᠷ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠺᠢᠨᠤ᠋ ᠦᠢᠯᠡᠳᠬᠦ ᠰᠠᠭᠤᠷᠢᠨ ᠭᠠᠵᠠᠷ ᠲᠤ ᠶᠠᠪᠤᠭᠳᠠᠭᠰᠠᠨ ᠬᠦᠳᠡᠭᠡ ᠲᠤᠰᠬᠤᠨ ᠤ ᠠᠵᠢᠯ ᠤᠯᠭᠤᠯᠳᠠ ᠶᠢᠨ ᠴᠤᠬᠯᠠᠭᠠᠨ ᠳᠤ ᠤᠷᠤᠯᠴᠠᠭᠰᠠᠨ ᠤᠶᠤᠳᠡᠨ ᠰᠤᠷᠭᠤᠭ ᠬᠡᠯᠡᠨ᠎ᠡ᠃        ᠴᠠᠭᠠᠨ ᠰᠠᠷ᠎ᠠ ᠠᠴᠠ ᠡᠮᠦᠨᠡᠬᠢ ᠪᠠ ᠬᠤᠶᠢᠨᠠᠬᠢ ᠠᠵᠦ ᠠᠬᠤᠶᠢᠯᠠᠯ ᠤᠨ ᠠᠵᠢᠯᠳᠠᠨ ᠬᠡᠷᠡᠭᠯᠡᠬᠦ ᠦᠢᠯᠡᠴᠢᠯᠡᠭᠡᠨ ᠤ ᠪᠠᠳᠤᠯᠠᠭ᠎ᠠ ᠶᠢ ᠰᠠᠶᠢᠳᠤᠷ ᠬᠢᠬᠦ ᠶᠢᠨ ᠲᠦᠯᠦᠭᠡ᠂ ᠬᠢᠩᠭᠠᠨ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠬᠦᠳᠡᠯᠮᠦᠷᠢᠴᠢᠳ ᠤᠨ ᠠᠵᠢᠯ ᠡᠷᠢᠬᠦ ᠠᠵᠢᠯ ᠰᠤᠩᠭᠤᠬᠤ ᠣᠷᠭᠢᠯ ᠤᠨ ᠬᠤᠭᠤᠴᠠᠭ᠎ᠠ ᠪᠠ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠥᠷᠭᠡᠳᠭᠡᠨ ᠠᠵᠢᠯᠴᠢᠨ ᠬᠡᠷᠡᠭᠯᠡᠬᠦ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠣᠯᠠᠨ ᠡᠰᠢᠲᠦ ᠦᠢᠯᠡᠴᠢᠯᠡᠭᠡᠨ ᠤ ᠵᠠᠭᠪᠤᠷ ᠢ ᠭᠦᠨᠵᠡᠭᠡᠶᠢᠷᠡᠭᠦᠯᠦᠨ᠂ ᠠᠵᠢᠯ ᠡᠷᠢᠬᠦ ᠣᠯᠠᠨ ᠲᠦᠮᠡᠨ ᠪᠠ ᠠᠵᠢᠯᠲᠠᠨ ᠡᠯᠰᠡᠬᠦ ᠠᠵᠤ ᠠᠬᠤᠶᠢᠯᠠᠯ ᠳᠤ ᠬᠠᠨᠳᠤᠭᠤᠯᠤᠨ ︽ᠴᠠᠭᠠᠨ ᠰᠠᠷ᠎ᠠ ᠳᠤ ᠡᠬᠦᠳᠡ ᠪᠠᠨ ᠬᠠᠭᠠᠬᠤ ᠦᠭᠡᠢ︾ ᠠᠵᠢᠯ ᠤᠯᠭᠤᠯᠳᠠ ᠶᠢᠨ ᠦᠢᠯᠡᠴᠢᠯᠡᠭᠡ ᠬᠠᠩᠭᠠᠵᠦ᠂ ᠠᠵᠦ ᠠᠬᠤᠶᠢᠯᠠᠯ ᠪᠠ ᠬᠦᠳᠡᠯᠮᠦᠷᠢᠴᠢᠳ ᠲᠤ ᠨᠡᠪᠲᠡᠷᠡᠯᠴᠡᠨ ᠰᠣᠯᠢᠯᠴᠠᠬᠤ ᠲᠠᠪᠴᠠᠩ ᠬᠠᠩᠭᠠᠨ ᠥᠭᠴᠦ᠂ ᠠᠵᠢᠯ ᠤᠨ ᠪᠠᠶᠢᠷᠢ ᠶᠢ ᠨᠠᠷᠢᠯᠢᠭ ᠤᠨᠤᠴᠠᠳᠠᠢ ᠵᠤᠯᠭᠠᠭᠤᠯᠵᠠᠢ᠃        ︽ᠭᠡᠷ ᠤᠨ ᠡᠭᠦᠳᠡᠨ ᠳᠡᠭᠡᠨ ᠡᠶᠢᠮᠦ ᠣᠯᠠᠨ ᠠᠵᠢᠯᠲᠠᠨ ᠡᠯᠰᠡᠬᠦ ᠮᠡᠳᠡᠭᠡ ᠤᠯᠤᠨ᠎ᠠ ᠭᠡᠵᠦ ᠪᠤᠳᠤᠵᠦ ᠤᠯᠤᠭᠰᠠᠨ ᠦᠭᠡᠢ᠂ ᠦᠨᠡᠭᠡᠷ ᠰᠠᠶᠢᠨ ᠪᠤᠯᠤᠯ᠎ᠠ︾᠂ ︽ᠰᠢᠭᠤᠳ ᠨᠡᠪᠳᠡᠷᠡᠬᠦᠯᠭᠡ ᠪᠠᠷ ᠠᠵᠢᠯ ᠤᠨ ᠪᠠᠶᠢᠷᠢ ᠬᠠᠩᠭᠠᠬᠤ ᠨᠢ ᠮᠠᠰᠢ ᠰᠢᠨ᠎ᠡ ᠰᠡᠪᠡᠬᠦᠨ ᠪᠠᠶᠢᠨ᠎ᠠ᠂ ᠠᠵᠢᠯ ᠡᠷᠢᠬᠦ ᠭᠡᠵᠦ ᠨᠠᠭᠠᠰᠢ ᠴᠠᠭᠠᠰᠢ ᠶᠠᠪᠤᠬᠤ ᠠᠴᠠ ᠵᠠᠶᠢᠯᠠᠰᠬᠢᠵᠦ᠂ ᠴᠠᠭ ᠪᠠ ᠬᠦᠮᠦᠨ ᠤ ᠬᠦᠴᠦᠨ ᠳᠤ ᠮᠠᠰᠢ ᠠᠷᠪᠢᠳᠡᠢ ᠪᠤᠯᠬᠤᠷ ᠦᠷ᠎ᠠ ᠪᠦᠳᠦᠮᠵᠢ ᠮᠠᠰᠢ ᠰᠠᠶᠢᠨ ᠪᠠᠶᠢᠨ᠎ᠠ︾ ᠁ ᠬᠦᠳᠡᠭᠡ ᠲᠤᠰᠬᠤᠨ ᠤ ᠠᠵᠢᠯ ᠤᠯᠭᠤᠯᠳᠠ ᠶᠢᠨ ᠴᠤᠭᠯᠠᠭᠠᠨ ᠲᠡᠭᠡᠷ᠎ᠠ ᠠᠵᠢᠯ ᠡᠷᠢᠭᠰᠡᠳ ᠪᠠ ᠬᠦᠮᠦᠨ ᠬᠡᠷᠡᠭᠯᠡᠬᠦ ᠨᠢᠭᠡᠴᠢ ᠤᠳᠠᠭ᠎ᠠ ᠲᠠᠷᠠᠭᠠᠯᠠᠨ ᠮᠠᠭᠳᠠᠨ ᠰᠠᠶᠢᠰᠢᠶᠠᠵᠦ᠂ ᠬᠢᠩᠭᠠᠨ ᠠᠶᠢᠮᠠᠭ ᠤᠨ ᠠᠵᠢᠯ ᠤᠯᠭᠤᠯᠳᠠ ᠶᠢ ᠠᠬᠢᠭᠤᠯᠬᠤ ᠠᠵᠢᠯᠯᠠᠭ᠎ᠠ ᠶᠢᠨ ᠰᠠᠶᠢᠨ ᠦᠷ᠎ᠠ ᠪᠦᠳᠦᠮᠵᠢ ᠶᠢ ᠬᠦᠢᠴᠡᠳ ᠬᠠᠷᠠᠭᠤᠯᠪᠠ᠃        ︽ᠪᠢ ᠳᠡᠭᠡᠭᠡ ᠨᠡᠬᠡᠮᠡᠯ ᠬᠢᠬᠦ ᠰᠠᠭᠤᠷᠢ ᠲᠠᠢ᠂ ᠡᠶᠢᠮᠦ ᠭᠠᠷ ᠢᠶᠠᠷ ᠤᠶᠤᠬᠰᠡᠨ ᠦᠢᠯᠡᠳᠬᠦᠨ ᠢ ᠬᠢᠵᠦ ᠪᠣᠯᠤᠨ᠎ᠠ ᠤᠤ ᠦᠭᠡᠢ ᠤᠤ︖︾ ︽ᠰᠠᠷ᠎ᠠ ᠰᠤᠪᠢᠯᠠᠭᠴᠢ ᠶᠢᠨ ᠪᠤᠯᠪᠠᠰᠤᠷᠠᠯ ᠬᠦᠷᠳᠡᠬᠦ ᠨᠢ ᠬᠡᠳᠦᠨ ᠡᠳᠦᠷ ᠪᠤᠢ︖ ᠨᠠᠰᠤᠨ ᠤ ᠬᠢᠵᠠᠭᠠᠷᠯᠠᠯ ᠲᠠᠢ ᠤᠤ︖︾ ᠪᠦᠬᠦ ᠠᠶᠢᠮᠠᠭ ᠤᠨ ᠡᠯ᠎ᠡ ᠬᠦᠳᠡᠭᠡ ᠲᠤᠰᠬᠤᠨ ᠤ ᠠᠵᠢᠯ ᠤᠯᠭᠤᠯᠳᠠ ᠶᠢᠨ ᠴᠤᠭᠯᠠᠭᠠᠨ ᠳᠤ᠂ ᠮᠠᠰᠢ ᠤᠯᠠᠨ ᠲᠤᠰᠬᠠᠢ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠠᠵᠢᠯ ᠤᠨ ᠪᠠᠶᠢᠷᠢ ᠨᠢ ᠤᠯᠠᠨ ᠤ ᠬᠦᠷᠢᠶᠡᠯᠡᠯ ᠢ ᠤᠯᠪᠠ᠃ ᠬᠢᠩᠭᠠᠨ ᠠᠶᠢᠮᠠᠭ ᠬᠦᠳᠡᠭᠡ ᠲᠤᠰᠬᠤᠨ ᠤ ᠠᠵᠢᠯ ᠤᠯᠭᠤᠯᠳᠠ ᠶᠢᠨ ᠴᠤᠭᠯᠠᠭᠠᠨ ᠳᠤ ᠲᠦᠰᠢᠭᠯᠡᠨ᠂ ᠭᠤᠤᠯᠳᠠᠯᠭ᠎ᠠ ᠲᠠᠢ ᠠᠵᠦ ᠦᠢᠯᠡᠰ ᠤᠨ ᠬᠡᠯᠬᠢᠶ᠎ᠡ᠂ ᠴᠢᠬᠤᠯᠠ ᠶᠡᠭᠡ ᠲᠦᠷᠦᠯ ᠵᠦᠢᠯ ᠪᠠ ᠵᠠᠬ᠎ᠠ ᠲᠡᠯᠭᠡᠬᠦᠷ ᠤᠨ ᠬᠡᠷᠡᠭᠴᠡᠭᠡ ᠶᠢ ᠴᠢᠩᠭ᠎ᠠ ᠠᠩᠬᠠᠷᠴᠦ᠂ ᠲᠤᠰᠬᠠᠢ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠲᠦᠷᠦ ᠶᠢᠨ ᠪᠤᠳᠤᠯᠭ᠎ᠠ ᠶᠢ ᠤᠬᠠᠭᠤᠯᠬᠤ᠂ ᠪᠤᠯᠪᠠᠰᠤᠷᠠᠯ ᠬᠦᠷᠳᠡᠬᠦ ᠬᠦᠰᠡᠯ ᠡᠷᠡᠮᠡᠯᠵᠡᠯ ᠤᠨ ᠪᠠᠶᠢᠴᠠᠭᠠᠯᠳᠠ ᠦᠷᠨᠢᠬᠦᠯᠬᠦ᠂ ᠲᠤᠰᠬᠠᠢ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠵᠠᠭᠪᠤᠷ ᠤᠨ ᠰᠢᠨ᠎ᠡ ᠶᠢ ᠡᠬᠦᠳᠬᠦ᠂ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠠᠭᠤᠯᠭ᠎ᠠ ᠶᠢ ᠰᠢᠯᠢᠳᠡᠭᠵᠢᠬᠦᠯᠬᠦ ᠵᠡᠷᠭᠡ ᠠᠷᠭ᠎ᠠ ᠬᠡᠯᠪᠡᠷᠢ ᠪᠠᠷ ᠲᠠᠮᠵᠢᠨ᠂ ᠨᠠᠩ ᠣᠯᠠᠨ ᠬᠥᠳᠡᠯᠮᠦᠷᠢᠴᠢᠡ ᠢ ᠮᠡᠷᠭᠡᠵᠢᠯ ᠴᠢᠳᠠᠪᠤᠷᠢ ᠲᠠᠢ ᠪᠤᠯᠭᠠᠪᠠ᠃ ᠤᠳᠤᠬᠠᠨ ᠪᠤᠯᠳᠠᠯ᠎ᠠ᠂ ᠪᠥᠬᠦ ᠠᠶᠢᠮᠠᠭ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠪᠤᠯᠪᠠᠰᠤᠷᠠᠯ ᠢ ᠨᠡᠶᠢᠲᠡ 20 ᠬᠤᠭᠤᠴᠠᠭ᠎ᠠ ᠥᠷᠨᠢᠭᠦᠯᠵᠦ᠂ 850 ᠬᠦᠮᠦᠨ ᠳᠤ ᠪᠤᠯᠪᠠᠰᠤᠷᠠᠯ ᠬᠦᠷᠳᠡᠭᠡᠪᠡ᠃ ︽ᠡᠨᠡᠬᠦ ᠮᠡᠷᠭᠡᠵᠢᠯ ᠤᠨ ᠪᠣᠯᠪᠠᠰᠤᠷᠠᠯ ᠤᠨ ᠠᠩᠭᠢ ᠳᠤ ᠤᠷᠤᠯᠴᠠᠬᠤ ᠳᠤ ᠮᠠᠰᠢ ᠳᠥᠭᠦᠮ᠂ ᠲᠡᠷᠡ ᠮᠥᠷᠲᠡᠭᠡᠨ ᠭᠡᠷ ᠤᠨ ᠠᠵᠢᠯ ᠬᠢᠬᠦ ᠪᠠ ᠬᠡᠦᠬᠡᠳ ᠢᠶᠠᠨ ᠬᠠᠷᠠᠭᠠᠯᠵᠠᠬᠤ ᠶᠢ ᠰᠠᠭᠠᠲᠠᠭᠠᠬᠤ ᠦᠭᠡᠶ ᠪᠠᠷ ᠰᠠᠷ᠎ᠠ ᠪᠦᠷᠢ 1000 ᠭᠠᠷᠤᠶ ᠲᠥᠭᠦᠷᠢᠭ ᠤᠨ ᠰᠤᠯᠠ ᠵᠠᠷᠤᠬᠤ ᠵᠣᠭᠤᠰ ᠣᠯᠳᠠᠭ︾ ᠭᠡᠵᠦ ᠲᠦᠴᠢᠦᠸᠠᠨ ᠰᠢᠶᠠᠨ ᠤ ᠭᠤᠤ ᠶᠦᠨ ᠰᠢᠤᠸᠠᠢ ᠭᠠᠷ ᠤᠷᠠᠯᠠᠯ ᠤᠨ ᠨᠡᠬᠡᠮᠡᠯ ᠤᠨ ᠪᠣᠯᠪᠠᠰᠤᠷᠠᠯ ᠳᠤ ᠣᠷᠣᠯᠴᠠᠭᠰᠠᠨ ᠤ ᠲᠠᠷᠠᠭ᠎ᠠ ᠪᠠᠶᠠᠷᠳᠠᠢ ᠪᠠᠷ ᠬᠡᠯᠡᠨ᠎ᠡ᠃        ᠰᠦᠯᠵᠢᠶᠡᠨ ᠳᠡᠭᠡᠷ᠎ᠡ᠂ ᠰᠦᠯᠵᠢᠶ᠎ᠡ ᠪᠠᠷ ᠠᠵᠢᠯᠲᠠᠨ ᠡᠯᠰᠡᠬᠦ ᠲᠠᠪᠴᠠᠩ 24 ᠴᠠᠭ ᠲᠤ ︽ᠡᠭᠦᠳᠡ ᠪᠠᠨ ᠬᠠᠭᠠᠬᠤ ᠥᠬᠡᠶ︾ ᠪᠠᠷ ᠦᠢᠯᠡᠴᠢᠯᠡᠨ᠎ᠡ᠃ ᠴᠠᠭᠠᠨ ᠰᠠᠷ᠎ᠠ ᠶᠢᠨ ᠬᠤᠭᠤᠴᠠᠭᠠᠨ ᠳᠤ᠂ ᠬᠢᠩᠭᠠᠨ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠡᠳᠦᠷ ᠪᠦᠷᠢ ᠲᠣᠭᠲᠠᠭᠰᠠᠨ ᠴᠠᠭ ᠢᠶᠠᠷ ︽ᠬᠢᠩᠭᠠᠨ ᠠᠶᠢᠮᠠᠭ ᠤᠨ ᠠᠵᠢᠯ ᠣᠯᠭᠤᠯᠲᠠ︾ ᠭᠡᠬᠦ ᠸᠢᠴᠠᠲ ᠤᠨ ᠨᠡᠶᠢᠳᠡ ᠶᠢᠨ ᠨᠤᠮᠧᠷ ᠲᠤ ᠠᠵᠢᠯ ᠤᠨ ᠪᠠᠶᠢᠷᠢ ᠶᠢᠨ ᠮᠡᠳᠡᠭᠡ ᠵᠠᠩᠬᠢ ᠶᠢ ᠰᠢᠨᠡᠳᠭᠡᠬᠦ ᠶᠢᠨ ᠬᠠᠮᠳᠦ ᠬᠢᠩᠭᠠᠨ ᠠᠶᠢᠮᠠᠭ ᠤᠨ ︽AI︾ ᠲᠣᠭᠠᠴᠢᠯᠠᠭᠰᠠᠨ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠨ᠂ ᠨᠡᠶᠢᠳᠡ 262 ᠴᠠᠭ ᠰᠢᠭᠤᠳ ᠨᠡᠪᠲᠡᠷᠡᠭᠦᠯᠭᠡ ᠬᠢᠵᠦ᠂ ᠬᠦᠯᠢᠶᠡᠨ ᠠᠪᠴᠦ ᠦᠵᠡᠭᠰᠡᠨ ᠬᠦᠮᠦᠨ ᠤ ᠲᠤᠭ᠎ᠠ 9.4 ᠲᠦᠮᠡᠨ ᠬᠥᠮᠦᠨ ︵ᠤᠳᠠᠭ᠎ᠠ︶ ᠳᠤ ᠬᠦᠷᠴᠦ᠂ ᠰᠦᠯᠵᠢᠶᠡᠨ ᠳᠡᠭᠡᠷ᠎ᠡ 147 ᠬᠥᠮᠦᠨ ᠳᠤ ᠠᠵᠢᠯ ᠣᠯᠭᠤᠬᠤ ᠰᠠᠨᠠᠮᠵᠢ ᠶᠢᠨ ᠪᠢᠴᠢᠭ ᠲᠤᠭᠳᠠᠭᠰᠠᠨ ᠪᠠᠶᠢᠨ᠎ᠠ᠃        ᠰᠦᠯᠵᠢᠶᠡᠨ ᠭᠠᠳᠠᠨ᠎ᠠ᠂ ᠬᠤᠲᠠ ᠬᠥᠳᠡᠭᠡ ᠪᠦᠷᠬᠦᠭᠰᠡᠨ 160 ︽ᠬᠡᠷ ᠤᠨ ᠡᠭᠦᠳᠡᠨ ᠳᠠᠬᠢ︾ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠳᠤ ᠲᠦᠰᠢᠭᠯᠡᠨ᠂ ᠬᠥᠳᠡᠭᠡ ᠲᠣᠰᠬᠤᠨ ᠤ ᠠᠵᠢᠯ ᠣᠯᠭᠤᠯᠲᠠ ᠶᠢᠨ ᠴᠤᠭᠯᠠᠭᠠᠨ ᠤ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠬᠦᠮᠦᠨ ᠠᠮᠠ ᠶᠢᠨ ᠲᠤᠭ᠎ᠠ ᠪᠠᠷ ᠨᠡᠯᠢᠶᠡᠳ ᠶᠡᠭᠡ ᠲᠤᠰᠬᠤᠨ ︵ᠨᠡᠶᠢᠭᠡᠮ ᠲᠤᠭᠤᠷᠢᠭ︶᠂ ᠴᠤᠭᠯᠠᠭ᠎ᠠ ᠮᠠᠶᠢᠮᠠᠢ᠂ ᠬᠤᠳᠠᠯᠳᠤᠭᠠᠨ ᠤ ᠴᠢᠯᠦᠭᠡᠳᠦ ᠲᠡᠯᠭᠡᠬᠦᠷ ᠵᠡᠷᠭᠡ ᠲᠠᠯᠠᠪᠤᠷ ᠲᠤ ᠠᠵᠢᠯᠳᠠᠨ ᠡᠯᠰᠡᠬᠦ ᠬᠤᠷᠠᠯ ᠢ ᠡᠷᠬᠢᠯᠡᠬᠦ ᠪᠠᠷ ᠲᠠᠮᠵᠢᠨ᠂ ᠠᠵᠢᠯ ᠤᠨ ᠪᠠᠶᠢᠷᠢ ᠶᠢ ᠣᠯᠠᠨ ᠲᠦᠮᠡᠨ ᠤ ᠳᠡᠷᠭᠡᠳᠡ ᠬᠦᠷᠭᠡᠪᠡ᠃ ᠤᠳᠤᠬᠠᠨ ᠪᠤᠯᠳᠠᠯ᠎ᠠ᠂ ᠬᠦᠳᠡᠭᠡ ᠲᠤᠰᠬᠤᠨ ᠤ ᠠᠵᠢᠯ ᠤᠯᠭᠤᠯᠳᠠ ᠶᠢᠨ ᠴᠤᠭᠯᠠᠭᠠᠨ ᠢ ᠨᠡᠶᠢᠳᠡ 77 ᠲᠠᠯᠠᠪᠤᠷ ᠡᠷᠬᠢᠯᠡᠵᠦ᠂ 1.39 ᠲᠦᠮᠡᠨ ᠠᠵᠢᠯ ᠤᠨ ᠪᠠᠶᠢᠷᠢ ᠬᠠᠩᠭᠠᠨ᠂ 876 ᠬᠥᠮᠦᠨ ᠲᠠᠢ ᠠᠵᠢᠯ ᠣᠯᠭᠤᠬᠤ ᠰᠠᠨᠠᠮᠵᠢ ᠶᠢᠨ ᠪᠢᠴᠢᠭ ᠲᠤᠭᠳᠠᠵᠦ᠂ ᠡᠭᠦᠨ ᠳᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ 132 ᠪᠠᠶᠢᠨ᠎ᠠ᠃ ︵ᠭᠧᠨ ᠰᠢᠶᠦ᠋ᠩ ᠲᠤᠯᠭᠠᠭᠤᠷᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号